ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠤᠨᠠᠯᠲᠠ ᠶᠢ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠮᠡᠷᠭᠡᠵᠢᠯ︱2024 ᠣᠨ ᠳᠤ ᠪᠦᠬᠦ ᠣᠷᠣᠨ ᠤ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠲᠤᠬᠠᠢ ᠶᠢᠨ ᠲᠠᠯᠠᠪᠠᠢ ᠶᠢᠨ ᠦᠵᠡᠭᠦᠯᠭᠡ ᠶᠢᠨ ᠪᠣᠯᠪᠠᠰᠤᠷᠠᠭᠤᠯᠤᠯ ᠤᠨ ᠠᠩᠭᠢ ᠪᠠᠶᠠᠨᠨᠠᠭᠤᠷ ᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/18
      ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠪᠣᠯ ᠭᠠᠮᠰᠢᠭ ᠲᠠᠢ ᠪᠣᠯ ᠭᠠᠮᠰᠢᠭ ᠢ ᠰᠡᠷᠭᠡᠶᠢᠯᠡᠬᠦ᠂ ᠭᠠᠮᠰᠢᠭ ᠦᠭᠡᠢ ᠪᠣᠯ ᠤᠨᠠᠯᠲᠠ ᠶᠢ ᠨᠡᠮᠡᠭᠳᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠮᠥᠨ᠃ ᠣᠳᠣᠬᠠᠨ ᠳᠤ᠂ ᠪᠠᠶᠠᠨᠨᠠᠭᠤᠷ ᠬᠤᠲᠠ ᠶᠢᠨ ᠪᠤᠭᠤᠳᠠᠢ ᠬᠤᠷᠠᠵᠤ ᠢᠳᠡᠭᠡᠰᠢᠬᠦ ᠬᠤᠭᠤᠴᠠᠭᠠᠨ ᠳᠤ ᠪᠠᠶᠢᠵᠤ᠂ ᠮᠦᠨᠴᠦ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃6 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠠᠶᠠᠨᠨᠠᠭᠤᠷ ᠬᠤᠲᠠ ᠳᠤ 2024 ᠣᠨ ᠤ ᠪᠥᠬᠦ ᠣᠷᠣᠨ ᠤ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠲᠤᠬᠠᠢ ᠶᠢᠨ ᠲᠠᠯᠠᠪᠤᠷ ᠤᠨ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠪᠡ᠃ ᠪᠣᠯᠪᠠᠰᠤᠷᠠᠭᠤᠯᠤᠯ ᠳᠤ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠾᠧ ᠰᠢᠶᠦ᠋ᠩ ᠺᠦᠢ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠯᠢᠦ ᠲᠠᠢ ᠭᠦᠸᠧ ᠶᠢ ᠤᠷᠢᠵᠤ ᠲᠤᠬᠠᠢ ᠶᠢᠨ ᠲᠠᠯᠠᠪᠤᠷ ᠲᠤ ᠬᠢᠴᠢᠶᠡᠯ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠪᠠᠶᠢᠴᠠᠭᠠᠨ ᠰᠤᠳᠤᠯᠤᠭᠴᠢ ᠸᠧᠨ ᠵᠠᠨ ᠫᠢᠩ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠤᠨ ᠡᠷᠬᠢᠯᠡᠭᠴᠢ ᠬᠤᠸᠠᠩ ᠵᠢᠶᠦ᠋ᠨ ᠰᠢᠶᠠ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ᠂ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠲᠥᠷᠥᠯ ᠵᠦᠢᠯ ᠤᠨ ᠡᠭᠦᠷᠭᠡ ᠶᠢ ᠡᠭᠦᠷᠭᠡᠯᠡᠭᠰᠡᠨ ᠠᠶᠢᠮᠠᠭ ᠬᠤᠲᠠ ᠵᠢᠴᠢ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ᠂ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠤᠨ ᠬᠠᠮᠢᠶ᠎ᠠ ᠪᠦᠬᠦᠢ ᠤᠳᠤᠷᠢᠳᠤᠯᠭ᠎ᠠ ᠪᠠ ᠮᠡᠷᠭᠡᠵᠢᠯ ᠤᠨ ᠠᠵᠢᠯᠲᠠᠨ ᠨᠡᠶᠢᠲᠡ 60 ᠭᠠᠷᠤᠢ ᠬᠥᠮᠥᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠠᠢ᠃      ᠲᠣᠰ ᠤᠳᠠᠭᠠᠨ ᠤ ᠪᠣᠯᠪᠠᠰᠤᠷᠠᠭᠤᠯᠤᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠭᠡᠷ ᠳᠣᠲᠣᠷᠠᠬᠢ ᠪᠣᠯᠪᠠᠰᠤᠷᠠᠭᠤᠯᠤᠯ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠠᠢ᠃ ᠦᠵᠡᠭᠦᠯᠭᠡ ᠶᠢᠨ ᠬᠤᠭᠤᠴᠠᠭᠠᠨ ᠳᠤ᠂ ᠪᠣᠯᠪᠠᠰᠤᠷᠠᠭᠤᠯᠤᠯ ᠳᠤ ᠣᠷᠣᠯᠴᠠᠭᠰᠠᠳ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠯᠠᠩ ᠱᠠᠨ ᠪᠠᠯᠭᠠᠰᠤᠨ ᠤ ᠭᠤᠸᠠᠩ ᠮᠢᠩ ᠲᠣᠰᠬᠤᠨ ᠤ ᠲᠦᠮᠡᠨ ᠮᠦ ᠪᠤᠭᠤᠳᠠᠢ ᠶᠢᠨ ᠵᠢᠱᠢᠶ᠎ᠡ ᠦᠵᠡᠭᠦᠯᠬᠦ ᠲᠣᠭᠤᠷᠢᠭ ᠲᠤ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠠᠵᠢᠯ ᠤᠨ ᠲᠤᠬᠠᠢ ᠶᠢᠨ ᠲᠠᠯᠠᠪᠠᠶ ᠶᠢ ᠲᠣᠭᠤᠷᠢᠨ ᠦᠵᠡᠵᠦ᠂ ᠾᠧ ᠰᠢᠶᠦ᠋ᠩ ᠺᠦᠢ ᠫᠷᠤᠹᠧᠰᠰᠤᠷ ᠵᠡᠷᠭᠡ ᠲᠤᠰᠬᠠᠢ ᠮᠡᠷᠭᠡᠵᠢᠯ ᠤᠨ ᠠᠵᠢᠯᠲᠠᠨ ᠤ ᠵᠢᠯᠣᠭᠤᠴᠢ ᠦᠭᠡᠢ ᠨᠢᠰᠬᠡᠯ ᠤᠨ ᠬᠡᠯᠪᠡᠷᠢ᠂ ᠠᠵᠢᠯ ᠤᠨ ᠵᠢᠷᠤᠮᠵᠢᠯ ᠵᠢᠴᠢ ᠬᠢᠨᠠᠨ ᠬᠠᠮᠢᠶᠠᠷᠬᠤ ᠦᠢᠯᠡᠴᠢᠯᠡᠭᠡᠨ ᠤ ᠶᠠᠪᠤᠴᠠ ᠵᠡᠷᠭᠡ ᠲᠠᠯ᠎ᠠ ᠶᠢᠨ ᠨᠠᠷᠢᠨ ᠲᠠᠶᠢᠯᠤᠮᠵᠢ ᠶᠢ ᠰᠣᠨᠣᠰᠴᠤ᠂ ᠵᠢᠯᠣᠭᠤᠴᠢ ᠦᠭᠡᠢ ᠨᠢᠰᠬᠡᠯ ᠤᠨ ᠠᠵᠢᠯᠯᠠᠬᠤ ᠮᠡᠷᠭᠡᠵᠢᠯ ᠴᠢᠳᠠᠪᠤᠷᠢ ᠪᠠ ᠨᠢᠰᠦᠯᠲᠡ ᠶᠢᠨ ᠪᠣᠯᠵᠣᠯᠲᠤ ᠲᠤᠭ᠎ᠠ ᠶᠢᠨ ᠬᠠᠷᠢᠴᠠᠭᠤᠯᠤᠭᠰᠠᠨ ᠦᠵᠡᠭᠦᠯᠭᠡ ᠶᠢ ᠰᠣᠨᠢᠷᠬᠠᠪᠠ᠃ ᠨᠢᠭᠤᠷᠲᠠᠨ ᠰᠣᠯᠢᠯᠴᠠᠬᠤ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠯᠪᠠᠰᠤᠷᠠᠭᠤᠯᠤᠯ ᠳᠤ ᠤᠷᠤᠯᠴᠠᠭᠰᠳ ᠲᠤ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠲᠥᠷᠥᠯ ᠵᠦᠢᠯ ᠤᠨ ᠵᠢᠯᠣᠭᠤᠴᠢ ᠦᠭᠡᠢ ᠨᠢᠰᠬᠡᠯ ᠤᠨ ᠠᠵᠢᠯᠯᠠᠬᠤ ᠪᠠᠷᠢᠮᠵᠢᠶ᠎ᠠ ᠵᠢᠴᠢ ᠬᠢᠨᠠᠨ ᠬᠠᠮᠢᠶᠠᠷᠬᠤ ᠲᠣᠭᠲᠠᠴᠠ ᠶᠢ ᠨᠠᠩ ᠠᠮᠢᠳᠤᠯᠢᠭ ᠪᠥᠭᠡᠳ ᠰᠢᠭᠤᠳ ᠢᠶᠠᠷ ᠣᠶᠢᠯᠠᠭᠠᠭᠤᠯᠤᠭᠰᠠᠨ ᠪᠠᠶᠢᠨ᠎ᠠ᠃
图片1.png
图片2.png
图片3.png
图片4.png
图片5.png
图片6.png
图片7.png
图片8.png
图片9.png
图片11.png
图片10.png
图片12.png
图片13.png
图片14.png
图片13.png
 
图片16.png
图片17.png
      ᠪᠣᠯᠪᠠᠰᠤᠷᠠᠭᠤᠯᠤᠯ ᠤᠨ ᠬᠤᠭᠤᠴᠠᠭᠠᠨ ᠳᠤ᠂ ᠬᠤᠶᠠᠷ ᠲᠤᠰᠬᠠᠢ ᠮᠡᠷᠭᠡᠵᠢᠯᠲᠡᠨ ᠵᠢᠯᠣᠭᠤᠴᠢ ᠦᠭᠡᠢ ᠨᠢᠰᠬᠡᠯ ᠤᠨ ᠰᠡᠷᠭᠡᠶᠢᠯᠡᠬᠦ ᠮᠡᠷᠭᠡᠵᠢᠯ ᠵᠢᠴᠢ ᠪᠤᠭᠤᠳᠠᠢ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠠᠯ᠎ᠠ ᠪᠠᠷ ᠲᠣᠰ ᠲᠣᠰ ᠬᠢᠴᠢᠶᠡᠯ ᠣᠷᠣᠵᠤ᠂ ᠬᠢᠴᠢᠶᠡᠯ ᠤᠨ ᠠᠭᠤᠯᠭ᠎ᠠ ᠶᠢᠨ ᠪᠣᠳᠠᠲᠤ ᠵᠢᠱᠢᠶ᠎ᠡ ᠨᠢ ᠪᠠᠶᠠᠯᠢᠭ᠂ ᠲᠤᠭ᠎ᠠ ᠪᠠᠷᠢᠮᠲᠠ ᠨᠢ ᠨᠠᠷᠢᠨ ᠪᠣᠳᠠᠲᠠᠢ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠪᠣᠯᠪᠠᠰᠤᠷᠠᠭᠤᠯᠤᠯ ᠳᠤ ᠣᠷᠤᠯᠴᠠᠭᠰᠠᠳ ᠲᠤ ᠭᠤᠶᠢᠳᠠ ᠠᠮᠢᠳᠤᠯᠢᠭ ᠲᠤᠰᠬᠠᠢ ᠰᠡᠳᠦᠪᠲᠦ ᠬᠢᠴᠢᠶᠡᠯ ᠣᠷᠣᠵᠤ᠂ ᠬᠢᠴᠢᠶᠡᠯ ᠤᠨ ᠳᠠᠷᠠᠭ᠎ᠠ ᠲᠤᠰᠬᠠᠢ ᠮᠡᠷᠭᠡᠵᠢᠯ ᠤᠨ ᠠᠰᠠᠭᠤᠳᠠᠯ ᠳᠤ ᠴᠢᠭᠯᠡᠭᠦᠯᠦᠨ ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠨ ᠲᠥᠭᠡᠷᠢᠭᠳᠡᠯ ᠢ ᠨᠢ ᠲᠠᠶᠢᠯᠤᠭᠰᠠᠨ ᠪᠠᠶᠢᠨ᠎ᠠ᠃      ᠲᠥᠷᠥᠯ ᠵᠦᠢᠯ ᠢ ᠬᠡᠷᠡᠭᠵᠢᠭᠦᠯᠬᠦ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠠᠵᠢᠯ ᠢ ᠠᠬᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠤᠨ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠨᠡᠶᠢᠲᠡᠯᠢᠭ ᠲᠤᠷᠰᠢᠯᠭ᠎ᠠ ᠶᠢ ᠡᠮᠬᠢᠯᠡᠨ ᠳ᠋ᠦᠩᠨᠡᠵᠦ᠂ ᠲᠥᠷᠥᠯ ᠵᠦᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠤᠭᠤᠳᠠᠢ ᠶᠢᠨ ᠦᠢᠯᠡᠳᠪᠦᠷᠢᠯᠡᠯ ᠪᠠ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠪᠥᠬᠦ ᠣᠷᠣᠨ ᠤ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠢ ᠭᠡᠵᠦ ᠪᠤᠯᠪᠠᠰᠤᠷᠠᠭᠤᠯᠤᠯ ᠤᠨ ᠠᠩᠬᠢ ᠠᠴᠠ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号