ᠲᠥᠬᠦᠭᠡᠷᠦᠮᠵᠢᠲᠦ ᠲᠠᠷᠢᠶᠠᠯᠠᠩ ᠤᠨ ᠬᠦᠴᠦᠨ ᠳᠤ ᠲᠦᠩᠯᠢᠶᠣᠣ ᠶᠢᠨ ᠲᠠᠷᠢᠶᠠᠴᠢᠳ ᠨᠢᠷᠤᠭᠤ ᠭᠡᠳᠡᠭᠡᠷ
ᠨᠡᠶᠢᠲᠡᠯᠡᠭᠰᠡᠨ ᠴᠠᠭ᠄
2024/6/18
      ᠵᠤᠨ ᠤ ᠡᠬᠢᠨ ᠢᠶᠠᠷ᠂ ᠲᠦᠩᠯᠢᠶᠣᠣ ᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠯᠢᠶᠣᠤᠾᠧ ᠪᠠᠯᠭᠠᠰᠤᠨ ᠤ ᠫᠢᠩ ᠠᠨ ᠫᠦ᠋ ᠲᠣᠰᠬᠤᠨ ᠤ ᠵᠠᠩ ᠡᠯ ᠶᠢᠨ ᠲᠥᠪᠡᠳ ᠬᠠᠰᠢ ᠲᠡᠭᠦᠬᠦ ᠬᠦᠷᠢᠶᠡᠯᠡᠩ ᠳᠤ ᠣᠷᠣᠬᠤ ᠳᠤ᠂ ᠤᠯᠠᠶᠢᠨ ᠪᠣᠯᠪᠠᠰᠤᠷᠠᠭᠰᠠᠨ ᠲᠥᠪᠡᠳ ᠬᠠᠰᠢ ᠵᠡᠯ᠎ᠡ ᠳᠦᠭᠦᠷᠡᠩ ᠡᠯᠭᠦᠭᠳᠡᠵᠦ᠂ ᠠᠩᠬᠢᠯᠤᠮ᠎ᠠ ᠦᠨᠦᠷ ᠬᠦᠯᠡᠮᠵᠢ ᠳᠦᠭᠦᠷᠡᠩ ᠰᠡᠩᠭᠢᠨᠡᠵᠦ ᠪᠠᠶᠢᠯ᠎ᠠ᠃      ︽ᠪᠢ 7 ᠬᠦᠯᠡᠮᠵᠢ ᠲᠠᠢ᠂ ᠡᠨᠡ ᠵᠢᠯ 2 ᠬᠦᠯᠡᠮᠵᠢᠨ ᠳᠤ ᠲᠥᠪᠡᠳ ᠬᠠᠰᠢ ᠲᠠᠷᠢᠵᠤ᠂ 1 ᠬᠦᠯᠡᠮᠵᠢᠨ ᠳᠤ ᠭᠦᠵᠡᠯᠵᠡᠭᠡᠨ᠎ᠡ ᠲᠠᠷᠢᠭᠠᠳ᠂ ᠪᠤᠰᠤᠳ ᠬᠦᠯᠡᠮᠵᠢᠨ ᠳᠤ ᠢᠳᠡᠰᠢᠨ ᠨᠣᠭᠤᠭ᠎ᠠ ᠳᠠᠷᠢᠵᠠᠢ᠃ ᠬᠦᠯᠡᠮᠵᠢ ᠪᠦᠷᠢ ᠠᠴᠠ 2 ᠲᠦᠮᠡᠨ ᠲᠥᠭᠦᠷᠢᠭ ᠤᠨ ᠠᠰᠢᠭ ᠣᠷᠣᠯᠭ᠎ᠠ ᠡᠭᠦᠳᠴᠦ ᠳᠡᠶᠢᠯᠥᠨ᠎ᠡ︾ ᠭᠡᠵᠦ ᠵᠠᠩ ᠡᠯ ᠲᠠᠨᠢᠯᠴᠠᠭᠤᠯᠤᠨ᠎ᠠ᠃      ᠫᠢᠩ ᠠᠨ ᠫᠦ᠋ ᠲᠣᠰᠬᠤᠨ ᠣᠯᠠᠨ ᠲᠦᠮᠡᠨ ᠢ ᠬᠥᠲᠥᠯᠥᠨ ᠵᠢᠯᠤᠭᠤᠳᠴᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠦᠵᠡᠯᠵᠡᠭᠡᠨ᠎ᠡ᠂ ᠲᠤᠭᠤᠷ᠂ ᠦᠵᠦᠮ᠂ ᠥᠷᠭᠡᠰᠦᠲᠦ ᠬᠡᠮᠬᠡ᠂ ᠪᠤᠷᠴᠠᠭ᠂ ᠲᠥᠪᠡᠳ ᠬᠠᠰᠢ ᠵᠡᠷᠭᠡ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠬᠡᠪᠴᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠬᠦᠴᠦ ᠣᠷᠣᠭᠤᠯᠤᠨ᠂ ᠲᠠᠷᠢᠶᠠᠯᠠᠩ ᠦᠢᠯᠡᠳᠪᠦᠷᠢᠯᠡᠯ ᠢ ᠥᠩᠭᠡᠷᠡᠭᠰᠡᠨ ᠤ ︽ᠨᠠᠮᠤᠷ ᠤᠨ ᠬᠤᠷᠢᠶᠠᠯᠲᠠ︾ ᠠᠴᠠ ︽ᠳᠥᠷᠪᠡᠨ ᠤᠯᠠᠷᠢᠯ ᠤᠨ ᠬᠤᠷᠢᠶᠠᠯᠲᠠ︾ ᠪᠣᠯᠭᠠᠨ ᠬᠤᠪᠢᠷᠠᠭᠤᠯᠵᠤ᠂ ᠣᠨᠴᠠᠯᠢᠭᠲᠤ ᠲᠠᠷᠢᠶᠠᠯᠠᠩ ᠤᠨ ᠬᠥᠭᠵᠢᠯᠲᠡ ᠶᠢᠨ ᠵᠠᠮ ᠢ ᠶᠠᠪᠤᠬᠤ ᠲᠤᠲᠤᠮ ᠥᠷᠭᠡᠳᠬᠡᠨ᠂ ᠤᠯᠠᠮ ᠠᠴᠠ ᠤᠯᠠᠮ ᠣᠯᠠᠨ ᠲᠠᠷᠢᠶᠠᠴᠢᠳ ᠢ ︽ᠪᠠᠶᠠᠵᠢᠯ ᠤᠨ ᠲᠦᠷᠭᠡᠨ ᠤ ᠵᠠᠮ︾ ᠳᠤ ᠣᠷᠣᠭᠤᠯᠤᠭᠰᠠᠨ ᠪᠠᠶᠢᠨ᠎ᠠ᠃      ᠵᠠᠷᠤᠳ ᠬᠤᠰᠢᠭᠤᠨ ᠤ ᠪᠠᠶᠠᠨᠲᠠᠯ᠎ᠠ ᠰᠤᠮᠤ ᠶᠢᠨ ᠴᠢᠩ ᠯᠦᠩ ᠢᠳᠡᠰᠢᠨ ᠨᠣᠭᠤᠭ᠎ᠠ ᠲᠠᠷᠢᠬᠤ ᠲᠤᠰᠬᠠᠢ ᠬᠤᠷᠰᠢᠶ᠎ᠠ ᠶᠢᠨ ᠳᠠᠷᠢᠭᠰᠠᠨ ᠨᠠᠷᠠᠰᠤᠨ ᠮᠦᠭᠦ ᠨᠢ ᠴᠦ ᠡᠯᠪᠡᠭ ᠬᠤᠷᠢᠶᠠᠯᠲᠠ ᠶᠢᠨ ᠬᠤᠭᠤᠴᠠᠭᠠᠨ ᠳᠤ ᠣᠷᠣᠵᠤ᠂ ᠵᠢᠵᠢᠭ ᠰᠢᠬᠦᠷ ᠭᠡᠮᠡᠷ ᠨᠠᠷᠠᠰᠤᠨ ᠮᠥᠭᠦ ᠨᠢ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ ᠮᠡᠲᠦ ᠬᠦᠯᠡᠮᠵᠢ ᠳᠦᠭᠦᠷᠡᠩ ᠴᠤᠬᠤᠶᠢᠭᠠᠳ᠂ ᠬᠥᠮᠥᠰ ᠤᠨ ᠪᠠᠭ᠋ᠠᠷᠬᠠᠯ ᠢ ᠲᠠᠲᠠᠵᠤ ᠪᠠᠶᠢᠯ᠎ᠠ᠃ ᠬᠡᠳᠦᠨ ᠲᠠᠷᠢᠶᠠᠴᠢᠨ ᠰᠠᠭᠰᠤ ᠲᠣᠬᠤᠶᠢᠯᠠᠨ᠂ ᠪᠣᠯᠪᠠᠰᠤᠷᠠᠭᠰᠠᠨ ᠨᠠᠷᠠᠰᠤᠨ ᠮᠥᠭᠦ ᠶᠢ ᠲᠡᠭᠦᠵᠦ᠂ ᠶᠡᠭᠡ ᠪᠠᠭ᠎ᠠ ᠶᠢ ᠦᠨᠳᠦᠰᠦᠯᠡᠨ ᠢᠯᠭᠠᠵᠤ ᠬᠠᠶᠢᠷᠴᠠᠭᠯᠠᠨ᠂ ᠶᠠᠭᠠᠷᠠᠯᠲᠠᠢ ᠪᠤᠯᠪᠠᠴᠥ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠢᠯᠬᠠᠵᠤ ᠪᠠᠶᠢᠪᠠ᠃      ᠨᠠᠷᠠᠰᠤᠨ ᠮᠦᠭᠦ ᠶᠢᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠲᠡᠭᠦᠵᠦ ᠠᠪᠤᠭᠰᠠᠨ ᠨᠠᠷᠠᠰᠤᠨ ᠮᠦᠭᠦ  ᠪᠠᠨ ᠲᠡᠷᠡ ᠳᠠᠷᠤᠢ ᠳᠤᠨᠢ ᠬᠦᠢᠲᠡᠨ ᠬᠥᠮᠥᠷᠭᠡ ᠳᠤ ᠣᠷᠣᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠵᠠᠬ᠎ᠠ ᠳᠡᠯᠭᠡᠭᠦᠷ ᠳᠡᠭᠡᠷ᠎ᠡ ᠠᠪᠠᠴᠢᠵᠤ ᠪᠣᠷᠣᠯᠠᠭᠤᠯᠬᠤ ᠪᠤᠶᠤ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡ ᠪᠠᠷ ᠪᠦᠭᠦ ᠤᠯᠤᠰ ᠤᠨ ᠡᠯ᠎ᠡ ᠭᠠᠵᠠᠷ ᠤᠨ ᠬᠡᠷᠡᠭᠯᠡᠭᠴᠢᠳ ᠤᠨ ᠭᠠᠷ ᠲᠤ ᠬᠦᠷᠭᠡᠳᠡᠭ ᠪᠠᠶᠢᠯ᠎ᠠ᠃ ᠣᠳᠣᠬᠠᠨ ᠳᠤ᠂ ᠪᠦᠭᠦ ᠲᠣᠰᠬᠤᠨ ᠳᠤ ᠨᠠᠷᠠᠰᠤᠨ ᠮᠦᠭᠦ ᠲᠠᠷᠢᠵᠤ ᠪᠠᠶᠢᠭ᠎ᠠ ᠬᠦᠯᠡᠮᠵᠢ 14 ᠪᠠᠶᠢᠵᠤ᠂ ᠶᠠᠰᠤ ᠴᠢᠨᠠᠷ ᠪᠠ ᠤᠷᠭᠤᠯᠲᠠ ᠶᠢᠨ ᠴᠠᠭ ᠤᠨ ᠬᠢᠵᠠᠭᠠᠷ ᠢ ᠪᠦᠲᠦᠮᠵᠢᠲᠡᠶ ᠳᠡᠭᠡᠭᠰᠢᠯᠡᠭᠦᠯᠦᠨ᠂ ᠮᠦ ᠪᠦᠷᠢ ᠶᠢᠨ ᠤᠨᠠᠯᠲᠠ 6000 ᠵᠢᠩ ᠳᠤ ᠬᠦᠷᠴᠦ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠦᠷ᠎ᠡ ᠠᠰᠢᠭ ᠢ ᠳᠡᠭᠡᠭᠰᠢᠯᠡᠭᠦᠯᠭᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠳᠠᠶᠢᠴᠢᠯᠠᠭᠰᠠᠨ ᠪᠠᠶᠢᠨ᠎ᠠ᠃      ᠡᠨᠡ ᠵᠢᠯ᠂ ᠲᠦᠩᠯᠢᠶᠣᠣ ᠬᠤᠲᠠ ᠲᠥᠬᠦᠭᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠲᠥᠬᠦᠭᠡᠷᠦᠮᠵᠢᠲᠦ ᠲᠠᠷᠢᠶᠠᠯᠠᠩ ᠢ ᠪᠠᠰᠠ 1 ᠲᠦᠮᠡᠨ ᠮᠦ ᠪᠦᠲᠦᠭᠡᠨ ᠪᠠᠶᠢᠭᠤᠯᠵᠤ᠂ 100 ᠮᠦ ᠠᠴᠠ ᠳᠡᠭᠡᠭᠰᠢ ᠲᠠᠷᠢᠵᠤ ᠤᠷᠭᠤᠭᠤᠯᠬᠤ ᠪᠠᠷᠢᠮᠵᠢᠶᠠᠵᠢᠭᠰᠠᠨ ᠵᠢᠱᠢᠶ᠎ᠡ ᠥᠵᠡᠭᠦᠯᠭᠦ ᠲᠥᠬᠦᠭᠡᠷᠦᠮᠵᠢᠲᠦ ᠬᠦᠷᠢᠶᠡᠯᠡᠩ ᠲᠣᠭᠤᠷᠢᠭ ᠢ 1 ᠪᠠᠶᠢᠭᠤᠯᠤᠨ᠂ ᠭᠤᠣᠯ ᠬᠤᠲᠠ ᠪᠠᠯᠭᠠᠰᠤᠨ ᠤ ᠲᠣᠭᠤᠷᠢᠨ ᠳᠤ 500 ᠮᠦ ᠠᠴᠠ ᠳᠡᠭᠡᠭᠰᠢ ᠲᠠᠷᠢᠵᠤ ᠤᠷᠭᠤᠭᠤᠯᠬᠤ ᠪᠠᠷᠢᠮᠵᠢᠶᠠᠵᠢᠭᠰᠠᠨ ᠵᠢᠱᠢᠶ᠎ᠡ ᠥᠵᠡᠭᠦᠯᠭᠦ ᠲᠥᠬᠦᠭᠡᠷᠦᠮᠵᠢᠲᠦ ᠬᠦᠷᠢᠶᠡᠯᠡᠩ ᠲᠣᠭᠤᠷᠢᠭ ᠢ 1 ᠪᠠᠶᠢᠭᠤᠯᠵᠤ᠂ ᠵᠢᠱᠢᠶ᠎ᠡ ᠥᠵᠡᠭᠦᠯᠭᠦ ᠬᠦᠷᠢᠶᠡᠯᠡᠩ ᠲᠣᠭᠤᠷᠢᠭ ᠢᠶᠠᠷ ᠲᠥᠬᠦᠭᠡᠷᠦᠮᠵᠢᠲᠦ ᠲᠠᠷᠢᠵᠤ ᠤᠷᠭᠤᠭᠤᠯᠬᠤ ᠦᠢᠯᠡᠰ ᠢ ᠳᠡᠰ ᠳᠡᠪᠰᠢᠭᠦᠯᠬᠦ ᠪᠠᠷ ᠪᠠᠶᠢᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号