ᠪᠥᠬᠦ ᠣᠷᠣᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠲᠦᠷᠭᠡᠳᠬᠡᠨ ᠠᠬᠢᠭᠤᠯᠬᠤ ᠵᠢᠴᠢ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ ᠢ ᠪᠤᠭᠤᠲᠤ ᠬᠤᠲᠠ ᠳᠤ ᠡᠷᠭᠢᠯᠡᠪᠡ
ᠨᠡᠶᠢᠲᠡᠯᠡᠭᠰᠡᠨ ᠴᠠᠭ᠄
2024/6/19
      ᠶᠡᠷᠦᠩᠬᠡᠢ ᠱᠦᠵᠢ ᠰᠢ ᠶᠢᠨ ᠫᠢᠩ ᠤᠨ ᠦᠷ᠎ᠡ ᠶᠢᠨ ᠦᠢᠯᠡᠰ ᠤᠨ ᠠᠵᠢᠯ ᠤᠨ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠤᠯᠤᠰ ᠤᠨ ︽ᠭᠠᠵᠠᠷ ᠰᠢᠷᠣᠢ ᠪᠠᠷ ᠠᠮᠤ ᠪᠤᠳᠠᠭ᠎ᠠ ᠶᠢ ᠪᠠᠲᠤᠯᠠᠬᠤ᠂ ᠤᠷ᠎ᠠ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠬᠦ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠳᠡᠯᠭᠡᠨ ᠦᠵᠡᠭᠦᠯᠵᠦ ᠵᠢᠱᠢᠶ᠎ᠡ ᠦᠵᠡᠭᠦᠯᠬᠦ ᠪᠠ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ︽ᠭᠤᠷᠪᠠᠨ ᠵᠢᠯ ᠳᠤ ᠰᠠᠭᠤᠷᠢ ᠲᠠᠯᠪᠢᠬᠤ︾ ᠱᠠᠲᠤ ᠦᠶ᠎ᠡ ᠶᠢᠨ ᠴᠢᠨᠠᠷᠲᠠᠢ ᠠᠬᠢᠴᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠵᠦ᠂ ᠮᠠᠨ ᠤ ᠣᠷᠣᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠢ ᠰᠤᠳᠤᠯᠤᠨ ᠪᠠᠶᠢᠷᠢᠯᠠᠭᠤᠯᠬᠤ ᠶᠢᠨ ᠲᠤᠰᠠᠲᠠ᠂ 6 ᠰᠠᠷ᠎ᠠ ᠶᠢᠨ 18 ᠤ ᠡᠳᠦᠷ᠂ ᠪᠥᠬᠦ ᠣᠷᠣᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠲᠦᠷᠭᠡᠳᠬᠡᠨ ᠠᠬᠢᠭᠤᠯᠬᠤ ᠵᠢᠴᠢ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠬᠤᠷᠠᠯ ᠢ ᠪᠤᠭᠤᠲᠤ ᠬᠤᠲᠠ ᠳᠤ ᠡᠷᠭᠢᠯᠡᠪᠡ᠃ ᠬᠤᠷᠠᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠦ ᠯᠢᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠬᠤᠸᠠ ᠵᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ 
1.jpg
       ᠬᠤᠷᠠᠯ ᠠᠴᠠ ᠪᠥᠬᠦ ᠤᠯᠤᠰ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠠᠵᠢᠯᠯᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ︽ᠴᠢᠬᠢ ᠦᠵᠡᠵᠦ ᠦᠷ᠎ᠡ ᠰᠤᠩᠭᠤᠬᠤ︾ ᠶᠡᠷᠦᠩᠬᠡᠶᠢᠯᠡᠭᠰᠡᠨ ᠴᠢᠨᠠᠷᠲᠠᠢ ᠲᠠᠪᠴᠠᠩ ᠪᠠ ᠪᠤᠭᠤᠲᠤ ᠬᠤᠲᠠ ᠶᠢᠨ ᠲᠠᠷᠪᠤᠰ ᠠᠮᠲᠠᠲᠤ ᠬᠡᠮᠬᠡ ᠶᠢ ᠳᠡᠯᠭᠡᠨ ᠦᠵᠡᠭᠦᠯᠬᠦ ᠵᠢᠱᠢᠶ᠎ᠡ ᠦᠵᠡᠭᠦᠯᠬᠦ ᠲᠠᠪᠴᠠᠩ ᠢ ᠵᠣᠬᠢᠶᠠᠨ ᠪᠠᠶᠢᠭᠤᠯᠤᠨ ᠲᠣᠭᠤᠷᠢᠨ ᠦᠵᠡᠭᠰᠡᠨ ᠤ ᠬᠠᠮᠳᠤ ᠪᠡᠭᠡᠵᠢᠩ ᠤᠨ ᠳᠠᠷᠢᠶᠠᠯᠠᠩ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠠᠴᠢ ᠵᠠᠩ ᠹᠧᠩ ᠯᠠᠨ ᠢ ᠤᠷᠢᠵᠤ ᠳᠤᠰᠬᠠᠢ ᠰᠡᠳᠦᠪᠳᠦ ᠪᠤᠯᠪᠠᠰᠤᠷᠠᠯ ᠬᠢᠯᠭᠡᠪᠡ᠃ 
2.jpg
       ᠬᠤᠷᠠᠯ ᠠᠴᠠ ᠳᠤᠷᠠᠳᠤᠭᠰᠠᠨ ᠨᠢ᠂ ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠤᠨ ᠪᠠᠶᠢᠭᠤᠯᠤᠯᠲᠠ ᠪᠣᠯ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠨᠢᠭᠡᠨ ᠪᠣᠳᠠᠲᠠᠢ ᠠᠷᠭ᠎ᠠ ᠬᠡᠮᠵᠢᠶ᠎ᠡ ᠮᠥᠨ᠂ ᠪᠥᠬᠦ ᠣᠷᠣᠨ ᠳᠤ ᠭᠤᠷᠪᠠᠨ ᠵᠢᠯ ᠳᠠᠷᠠᠭᠠᠯᠠᠨ 60 ︽ᠴᠢᠬᠢ ᠦᠵᠡᠵᠦ ᠦᠷ᠎ᠡ ᠰᠣᠩᠭᠤᠬᠤ︾ ᠲᠠᠪᠴᠠᠩ ᠢ ᠪᠠᠶᠢᠭᠤᠯᠵᠤ᠂ ᠲᠠᠷᠢᠶᠠᠴᠢᠳ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠤᠷ ᠲᠤ ᠲᠣᠭᠤᠷᠢᠨ ᠦᠵᠡᠭᠦᠯᠵᠦ᠂ ᠰᠢᠯᠢᠳᠡᠭ ᠡᠭᠦᠯᠳᠡᠷ ᠢ ᠲᠠᠨᠢᠯᠴᠠᠭᠤᠯᠬᠤ ᠭᠠᠷᠴᠠᠭᠯᠠᠯ ᠢ ᠨᠡᠶᠢᠲᠡᠯᠡᠬᠦ ᠪᠠᠷ ᠳᠠᠮᠵᠢᠭᠤᠯᠤᠨ᠂ ᠲᠠᠷᠢᠶᠠᠴᠢᠳ ᠤᠨ ᠦᠷ᠎ᠡ ᠰᠣᠩᠭᠤᠵᠤ ᠦᠷ᠎ᠡ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠴᠤ᠂ ︽ᠴᠢᠬᠢ ᠦᠵᠡᠵᠦ ᠦᠷ᠎ᠡ ᠰᠣᠩᠭᠤᠬᠤ︾ ᠠᠴᠠ ︽ᠴᠢᠬᠢ ᠦᠵᠡᠵᠦ ᠦᠷ᠎ᠡ ᠵᠠᠬᠢᠶᠠᠯᠠᠬᠤ︾ ᠶᠢ ᠪᠡᠶᠡᠯᠡᠭᠦᠯᠵᠦ᠂ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ᠃ ᠡᠯ᠎ᠡ ᠭᠠᠵᠠᠷ ᠤᠨ ᠬᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢᠶᠠᠨ ᠳ᠋ᠦᠩᠨᠡᠵᠦ᠂ ᠲᠠᠪᠴᠠᠩ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠠᠷᠢᠮᠠᠯ ᠤᠨ ᠡᠭᠦᠯᠳᠡᠷ ᠤᠨ ᠢᠯᠡᠷᠡᠯ ᠵᠠᠩᠭᠢᠯᠠᠭ᠎ᠠ ᠶᠢᠨ ᠴᠠᠭ ᠦᠶ᠎ᠡ ᠳᠤ᠂ ︽ᠴᠢᠬᠢ ᠦᠵᠡᠵᠦ ᠦᠷ᠎ᠡ ᠰᠣᠩᠭᠤᠬᠤ︾ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ ᠭᠡᠵᠡᠢ᠃ 
3.jpg
       ᠬᠤᠷᠠᠯ ᠠᠴᠠ ᠴᠢᠬᠤᠯᠠᠴᠢᠯᠠᠭᠰᠠᠨ ᠨᠢ᠂ 2021 ᠣᠨ ᠠᠴᠠ ᠨᠠᠭᠠᠰᠢ᠂ ᠮᠠᠨ ᠤ ᠣᠷᠣᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ︽ᠭᠤᠷᠪᠠᠨ ᠶᠡᠭᠡ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ᠦᠷ᠎ᠡ ᠶᠢᠨ ᠦᠢᠯᠡᠰ ᠤᠨ ︽ᠭᠤᠷᠪᠠᠨ ᠵᠢᠯ ᠳᠤ ᠰᠠᠭᠤᠷᠢ ᠲᠠᠯᠪᠢᠬᠤ︾ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠃ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠬᠡᠪᠴᠢᠶ᠎ᠡ ᠶᠢ ᠥᠷᠭᠡᠳᠬᠡᠨ ᠬᠡᠮᠵᠢᠶ᠎ᠡ ᠶᠢ ᠳᠡᠭᠡᠭᠰᠢᠯᠡᠭᠦᠯᠬᠦ᠂ ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ ᠨᠠᠷᠢᠯᠢᠭ ᠣᠨᠣᠴᠠᠲᠠᠢ ᠬᠦᠴᠦᠯᠡᠬᠦ᠂ ᠡᠭᠦᠯᠳᠡᠷ ᠰᠠᠶᠢᠵᠢᠷᠠᠭᠤᠯᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠭᠡᠪᠡᠴᠦ ᠮᠠᠨ ᠤ ᠣᠷᠣᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠡᠭᠦᠷᠭᠡ ᠬᠦᠨᠳᠦ ᠨᠦᠰᠡᠷ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠵᠤ᠂ ᠦᠷ᠎ᠡ ᠶᠢᠨ ᠦᠢᠯᠡᠰ ᠬᠥᠭᠵᠢᠭᠰᠡᠨ ᠮᠤᠵᠢ ᠣᠷᠣᠨ᠂ ᠬᠥᠭᠵᠢᠭᠰᠡᠨ ᠤᠯᠤᠰ ᠯᠤᠭ᠎ᠠ ᠬᠠᠷᠢᠴᠠᠭᠤᠯᠪᠠᠯ ᠪᠠᠰᠠ ᠢᠯᠡᠷᠬᠡᠢ ᠵᠥᠷᠢᠶ᠎ᠡ ᠲᠠᠢ ᠪᠠᠶᠢᠵᠤ᠂ ᠡᠭᠦᠯᠳᠡᠷ ᠤᠨ ᠢᠷᠡᠯᠲᠡ ᠶᠢᠨ ᠠᠮᠤᠷ ᠲᠦᠪᠰᠢᠨ ᠳᠤ ᠮᠥᠨ ᠬᠦ ᠠᠶᠤᠯ ᠲᠦᠭᠰᠢᠭᠦᠷᠢ ᠶᠢᠨ ᠥᠷᠢᠰᠦᠯᠳᠦᠭᠡᠨ ᠲᠤᠯᠭᠠᠷᠠᠵᠤ ᠪᠠᠶᠢᠨ᠎ᠠ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠵᠦ᠂ ᠦᠷ᠎ᠡ ᠶᠢᠨ ᠢᠷᠡᠯᠲᠡ ᠶᠢ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠵᠦ᠂ ︽ᠲᠠᠪᠤᠨ ᠵᠢᠯ ᠳᠤ ᠦᠷ᠎ᠡ ᠪᠦᠲᠦᠮᠵᠢ ᠣᠯᠬᠤ︾ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠲᠦᠷᠭᠡᠳᠬᠡᠨ ᠠᠬᠢᠭᠤᠯᠬᠤ᠂ ᠦᠷ᠎ᠡ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ᠂ ᠰᠠᠶᠢᠨ ᠡᠭᠦᠯᠳᠡᠷ ᠢ ᠳᠡᠯᠭᠡᠷᠡᠭᠦᠯᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ᠂ ᠦᠷ᠎ᠡ ᠶᠢᠨ ᠦᠢᠯᠡᠰ ᠤᠨ ᠲᠦᠷᠦᠯ ᠵᠦᠢᠯ ᠤᠨ ᠪᠡᠯᠡ ᠮᠥᠩᠭᠦ ᠶᠢ ᠪᠠᠳᠠᠷᠠᠭᠤᠯᠤᠨ ᠦᠷ᠎ᠡ ᠠᠰᠢᠭ ᠢ ᠪᠠᠳᠠᠷᠠᠭᠤᠯᠬᠤ᠂ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠢ ᠴᠢᠩᠭ᠎ᠠ ᠬᠢᠨᠠᠨ ᠬᠠᠮᠢᠶᠠᠷᠬᠤ ᠶᠢ ᠪᠠᠲᠤᠯᠠᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃ 
4.jpg
       ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ᠂ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号