ᠪᠤᠭᠤᠲᠤ ᠬᠤᠲᠠ ᠶᠢᠨ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ ᠯᠠᠪᠳᠠᠭᠤᠨ ᠪᠠᠲᠤᠲᠠᠢ ᠥᠷᠨᠢᠭᠦᠯᠵᠦ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2024/6/19
      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠬᠦᠴᠦ ᠣᠷᠣᠭᠤᠯᠤᠨ ︽ᠴᠠᠭᠠᠨ ᠪᠣᠬᠢᠷᠲᠤᠯ︾ ᠢ ᠵᠠᠰᠠᠬᠤ ᠲᠤᠬᠠᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠪᠦᠷᠬᠦᠪᠴᠢ ᠶᠢ ᠬᠤᠷᠢᠶᠠᠨ ᠠᠪᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠬᠦ ᠶᠢᠨ ᠲᠦᠯᠦᠭᠡ᠂ ᠪᠤᠭᠤᠳᠤ ᠬᠤᠳᠠ ᠶᠢᠨ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠠᠰᠢᠭᠯᠠᠯᠲᠠ ᠶᠢᠨ ᠲᠣᠪᠴᠢᠶ᠎ᠠ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠪᠠ ᠬᠠᠤᠯᠢ ᠲᠣᠭᠲᠠᠭᠠᠯ ᠢᠶᠠᠷ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠪᠠ ᠬᠤᠷᠢᠶᠠᠨ ᠠᠪᠴᠤ ᠰᠢᠢᠳᠪᠦᠷᠢᠯᠡᠬᠦ ᠶᠢ ᠵᠡᠷᠭᠡ ᠪᠠᠷ ᠴᠢᠬᠤᠯᠠᠴᠢᠯᠠᠵᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠ ᠳᠡᠯᠭᠡᠷᠡᠭᠦᠯᠦᠨ ᠬᠡᠷᠡᠭᠯᠡᠬᠦ ᠶᠢ ᠵᠡᠷᠭᠡ ᠪᠠᠷ ᠠᠬᠢᠭᠤᠯᠵᠤ᠂ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠲᠤᠷᠰᠢᠯᠲᠠ ᠶᠢᠨ ᠠᠵᠢᠯ ᠢ ᠢᠳᠡᠪᠬᠢᠲᠡᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ ᠪᠠᠶᠢᠨ᠎ᠠ᠃      1.ᠤᠬᠠᠭᠤᠯᠭ᠎ᠠ ᠪᠠᠶᠢᠷᠢᠯᠠᠭᠤᠯᠤᠯᠲᠠ ᠬᠢᠵᠦ᠂ ᠠᠭᠤᠷ ᠠᠮᠢᠰᠬᠤᠯ ᠢ ᠪᠣᠢ ᠪᠣᠯᠭᠠᠪᠠ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠠᠰᠢᠭᠲᠠᠢ ᠴᠠᠭ ᠲᠣᠬᠢᠶᠠᠯ ᠢ ᠴᠢᠩᠭ᠎ᠠ ᠠᠳᠬᠤᠵᠤ᠂ ᠡᠯ᠎ᠡ ᠲᠣᠰᠬᠤᠨ ᠤ ᠲᠠᠷᠢᠮᠠᠯ ᠤᠨ ᠲᠣᠮᠣ ᠡᠷᠦᠬᠡ ᠶᠢ ᠵᠣᠬᠢᠶᠠᠨ ᠪᠠᠶᠢᠭᠤᠯᠵᠤ ᠸᠠᠨ ᠱᠦᠢ ᠴᠢᠤᠸᠠᠨ ᠪᠠᠯᠭᠠᠰᠤᠨ ᠳᠤ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠮᠡᠷᠭᠡᠵᠢᠯ ᠤᠨ ᠪᠣᠯᠪᠠᠰᠤᠷᠠᠯ ᠬᠢᠵᠦ᠂ ᠵᠠᠳᠠᠷᠠᠮᠠᠬᠠᠢ ᠰᠦᠯᠢᠶᠥᠦ ᠪᠦᠷᠬᠦᠪᠴᠢ ᠶᠢᠨ ᠠᠵᠤ ᠠᠬᠤᠶᠢᠯᠠᠯ ᠤᠨ ᠮᠡᠷᠭᠡᠵᠢᠯᠲᠡᠨ ᠢ ᠤᠷᠢᠵᠤ ᠣᠯᠠᠨ ᠳᠤ ᠵᠠᠳᠠᠷᠠᠮᠠᠬᠠᠢ ᠰᠦᠯᠢᠶᠥᠦ ᠪᠦᠷᠬᠦᠪᠴᠢ ᠶᠢᠨ ᠦᠨᠳᠦᠰᠦᠯᠡᠯ ᠪᠣᠯᠣᠨ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠵᠤ ᠥᠭᠪᠡ᠃ ᠲᠤᠬᠠᠢ ᠶᠢᠨ ᠲᠠᠯᠠᠪᠤᠷ ᠲᠤ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠤᠬᠠᠭᠤᠯᠭ᠎ᠠ ᠪᠠ ᠲᠠᠶᠢᠯᠤᠮᠵᠢ ᠬᠢᠵᠦ᠂ ᠲᠠᠷᠢᠶᠠᠴᠢᠳ ᠤᠨ ᠢᠳᠡᠪᠬᠢᠵᠢᠯ ᠢ ᠶᠡᠭᠡ ᠪᠠᠷ ᠳᠡᠭᠡᠭᠰᠢᠯᠡᠭᠦᠯᠪᠡ᠃ ︽ᠨᠢᠭᠡ ᠲᠠᠯ᠎ᠠ ᠪᠠᠷ ᠴᠡᠭᠴᠡᠯᠡᠨ ᠵᠠᠰᠠᠬᠤ᠂ ᠨᠢᠭᠡ ᠲᠠᠯ᠎ᠠ ᠪᠠᠷ ᠤᠬᠠᠭᠤᠯᠬᠤ᠂ ᠨᠢᠭᠡ ᠲᠠᠯ᠎ᠠ ᠪᠠᠷ ᠬᠥᠲᠥᠯᠥᠨ ᠵᠢᠯᠤᠭᠤᠳᠬᠤ︾ ᠰᠡᠳᠬᠢᠴᠡ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠷᠪᠠᠨ ᠵᠦᠢᠯ ᠤᠨ ᠠᠷᠭ᠎ᠠ ᠬᠡᠮᠵᠢᠶ᠎ᠡ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠲᠣᠰᠬᠤᠨ ᠤ ᠠᠷᠠᠳ ᠲᠤ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢᠨ ᠠᠮᠢ ᠠᠬᠤᠢ ᠶᠢᠨ ᠣᠷᠴᠢᠨ ᠲᠣᠭᠤᠷᠢᠨ ᠳᠤ ᠤᠴᠠᠷᠠᠭᠤᠯᠤᠭᠰᠠᠨ ᠬᠤᠣᠷ ᠬᠥᠨᠥᠭᠡᠯ ᠢ ᠣᠶᠢᠯᠠᠭᠠᠭᠤᠯᠤᠭᠰᠠᠨ ᠪᠠᠶᠢᠨ᠎ᠠ᠃ ᠣᠲᠣ ᠪᠣᠯᠲᠠᠯ᠎ᠠ ᠨᠡᠶᠢᠲᠡ 100 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃      2.ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠪᠠ᠃ ︽ᠵᠢᠱᠢᠶ᠎ᠡ ᠦᠵᠡᠭᠦᠯᠬᠦ ᠶᠢ ᠤᠷᠢᠳᠠᠪᠠᠷ ᠬᠡᠷᠡᠭᠵᠢᠭᠦᠯᠬᠦ᠂ ᠲᠥᠯᠦᠪᠵᠢᠭᠦᠯᠭᠡ ᠪᠠᠷ ᠳᠠᠭᠠᠭᠤᠯᠬᠤ᠂ ᠨᠢᠭᠡᠳᠦᠯᠲᠡᠢ ᠲᠥᠯᠥᠪᠯᠡᠨ ᠠᠬᠢᠭᠤᠯᠬᠤ︾ ᠪᠠᠷ ᠵᠠᠷᠴᠢᠮ ᠪᠣᠯᠭᠠᠵᠤ᠂ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠢ ᠭᠤᠶᠤᠴᠢᠯᠠᠨ᠂ ᠬᠤᠷᠰᠢᠶ᠎ᠠ᠂ ᠲᠠᠷᠢᠮᠠᠯ ᠤᠨ ᠲᠣᠮᠣ ᠡᠷᠦᠬᠡ ᠵᠡᠷᠭᠡ ᠦᠨᠳᠦᠰᠦᠨ ᠨᠢᠭᠡᠴᠢ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠲᠥᠪᠯᠡᠷᠡᠭᠦᠯᠦᠨ ᠪᠠᠶᠢᠭᠤᠯᠵᠤ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠡᠨᠡ ᠵᠢᠯ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠪᠦᠬᠦ ᠠᠮᠢᠳᠤ ᠪᠣᠳᠠᠰ ᠤᠨ ᠵᠠᠳᠠᠷᠠᠮᠠᠬᠠᠢ ᠰᠦᠯᠢᠶᠥᠦ ᠪᠦᠷᠬᠦᠪᠴᠢ ᠶᠢ 200 ᠮᠦ ᠳᠡᠯᠭᠡᠷᠡᠭᠦᠯᠦᠨ ᠬᠡᠷᠡᠭᠯᠡᠵᠦ᠂ 4 ᠰᠠᠷ᠎ᠠ ᠶᠢᠨ ᠳᠤᠮᠳᠠᠴᠢ ᠪᠠᠷ ᠰᠦᠯᠢᠶᠥᠦ ᠪᠦᠷᠬᠦᠪᠴᠢ ᠶᠢ ᠲᠠᠷᠬᠠᠭᠠᠬᠤ ᠠᠵᠢᠯ ᠢ ᠨᠢᠭᠡᠨᠲᠡ ᠪᠡᠶᠡᠯᠡᠭᠦᠯᠪᠡ᠃ ᠣᠶᠢᠷ᠎ᠠ ᠬᠠᠪᠢ ᠶᠢᠨ ᠵᠠᠷᠴᠢᠮ ᠶᠣᠰᠣᠭᠠᠷ ᠲᠣᠰ ᠲᠣᠰ 3 ᠵᠠᠰᠠᠭ ᠵᠠᠬᠢᠷᠭᠠᠨ ᠤ ᠲᠣᠰᠬᠤᠨ ᠳᠤ ᠲᠠᠷᠢᠶᠠᠯᠠᠩ ᠤᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠴᠡᠭ ᠪᠠᠶᠢᠭᠤᠯᠵᠤ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠠᠵᠢᠯ ᠢ ᠪᠥᠬᠦ ᠬᠦᠴᠦᠨ ᠢᠶᠠᠷ ᠢᠶᠠᠨ ᠦᠷᠨᠢᠭᠦᠯᠦᠭᠰᠡᠨ ᠪᠠᠶᠢᠨ᠎ᠠ᠃      3.ᠲᠤᠭ᠎ᠠ ᠪᠠᠷᠢᠮᠲᠠ ᠶᠢ ᠪᠠᠬᠢᠵᠢᠭᠦᠯᠵᠦ᠂ ᠡᠬᠡ ᠲᠠᠩᠰᠠ ᠶᠢ ᠴᠢᠩᠭᠠᠳᠬᠠᠪᠠ᠃ ᠪᠠᠯᠭᠠᠰᠤᠨ ᠤ ᠵᠠᠰᠠᠭ ᠤᠨ ᠣᠷᠳᠣᠨ᠂ ᠬᠡᠷᠡᠭ ᠡᠷᠬᠢᠯᠡᠬᠦ ᠭᠠᠵᠠᠷ ᠲᠠᠷᠢᠮᠠᠯ ᠤᠨ ᠲᠣᠮᠣ ᠡᠷᠦᠬᠡ ᠶᠢ ᠵᠢᠯᠣᠭᠤᠳᠤᠨ ᠰᠦᠯᠢᠶᠥᠦ ᠪᠦᠷᠬᠦᠪᠴᠢ ᠶᠢᠨ ᠬᠡᠷᠡᠭᠯᠡᠯᠲᠡ᠂ ᠬᠤᠷᠢᠶᠠᠨ ᠠᠪᠬᠤ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠭᠤᠣᠯ ᠴᠣᠭᠴᠠ ᠶᠢᠨ ᠡᠬᠡ ᠲᠠᠩᠰᠠ ᠶᠢᠨ ᠪᠠᠶᠢᠭᠤᠯᠤᠯᠲᠠ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠬᠤ ᠠᠵᠢᠯ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号