ᠤᠰᠤᠨ ᠤ ᠠᠮᠢᠲᠠᠨ ᠤ ᠬᠢᠵᠢᠭ ᠡᠪᠡᠳᠴᠢᠨ ᠤ ᠬᠢᠨᠠᠨ ᠬᠡᠮᠵᠢᠯᠲᠡ ᠶᠢ ᠴᠢᠩᠭᠠᠳᠬᠠᠵᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠦᠯᠲᠡ ᠶᠢᠨ ᠡᠷᠡᠭᠦᠯ ᠬᠥᠭᠵᠢᠯᠲᠡ ᠶᠢ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2024/6/19
      2024 ᠣᠨ ᠤ ᠤᠯᠤᠰ ᠤᠨ ᠤᠰᠤᠨ ᠤ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠡᠭᠦᠷᠭᠡ ᠪᠠ ᠮᠠᠨ ᠤ ᠣᠷᠣᠨ ᠤ ᠬᠢᠨᠠᠨ ᠬᠡᠮᠵᠢᠬᠦ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢᠨ ᠲᠤᠰᠠᠳᠠ᠂ ᠮᠠᠨ ᠤ ᠣᠷᠣᠨ ᠤ ᠤᠰᠤᠨ ᠤ ᠠᠮᠢᠲᠠᠨ ᠤ ᠴᠢᠬᠤᠯᠠ ᠬᠢᠵᠢᠭ ᠡᠪᠡᠳᠴᠢᠨ ᠤ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠤᠰᠤᠨ ᠤ ᠠᠮᠢᠲᠠᠨ ᠤ ᠬᠢᠵᠢᠭ ᠡᠪᠡᠳᠴᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠤᠰᠤᠨ ᠤ ᠭᠠᠷᠤᠯᠲᠠ ᠶᠢᠨ ᠠᠮᠤᠷ ᠲᠦᠪᠰᠢᠨ ᠪᠦᠲᠦᠮᠵᠢᠲᠡᠶ ᠬᠠᠩᠭᠠᠯᠭ᠎ᠠ ᠶᠢ ᠪᠠᠲᠤᠯᠠᠨ᠎ᠠ᠃ 6 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠤᠰᠤᠨ ᠭᠠᠷᠤᠯᠲᠠ ᠶᠢᠨ ᠮᠡᠷᠭᠡᠵᠢᠯ ᠤᠨ ᠭᠠᠵᠠᠷ ᠤᠨ ᠠᠵᠢᠯᠲᠠᠳ ᠲᠠᠢ ᠬᠠᠮᠲᠤᠷᠠᠨ ᠬᠥᠬᠡᠬᠤᠲᠠ᠂ ᠣᠷᠳᠣᠰ ᠬᠤᠲᠠ ᠪᠣᠯᠣᠨ ᠪᠠᠶᠠᠨᠨᠠᠭᠤᠷ ᠬᠤᠲᠠ ᠶᠢᠨ ᠭᠤᠣᠯᠳᠠᠯᠭ᠎ᠠ ᠲᠠᠢ ᠦᠷ᠎ᠡ ᠵᠢᠷᠠᠭᠠᠬᠠᠢ ᠶᠢᠨ ᠲᠠᠯᠠᠪᠠᠶ ᠳᠤ ᠬᠦᠷᠴᠦ᠂ ᠤᠰᠤᠨ ᠤ ᠠᠮᠢᠲᠠᠨ ᠤ ᠬᠢᠵᠢᠭ ᠤᠨ ᠥᠯᠢᠭᠡᠷ ᠠᠪᠬᠤ ᠠᠵᠢᠯ ᠢ ᠥᠷᠨᠢᠭᠦᠯᠪᠡ᠃
图片1.png
      ᠥᠯᠢᠭᠡᠷ ᠠᠪᠬᠤ ᠬᠤᠭᠤᠴᠠᠭᠠᠨ ᠳᠤ᠂ ᠠᠵᠢᠯᠲᠠᠳ ᠠᠵᠢᠯᠯᠠᠬᠤ ᠶᠠᠪᠤᠴᠠ ᠶᠢ ᠴᠢᠩᠭ᠎ᠠ ᠵᠢᠷᠤᠮᠯᠠᠨ ᠥᠯᠢᠭᠡᠷ ᠠᠪᠬᠤ ᠶᠢᠨ ᠬᠠᠮᠲᠤ ᠥᠯᠢᠭᠡᠷ ᠠᠪᠬᠤ ᠮᠡᠳᠡᠭᠡ ᠵᠠᠩᠭᠢ ᠶᠢ ᠨᠠᠷᠢᠨ ᠲᠣᠳᠣᠷᠬᠠᠢ ᠲᠡᠮᠳᠡᠭᠯᠡᠵᠡᠢ᠃ ᠳᠤᠮᠳᠠᠳᠤ ᠤᠯᠤᠰ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠢᠯᠲᠠᠳ ᠲᠣᠭᠲᠠᠭᠠᠭᠰᠠᠨ ᠠᠷᠭ᠎ᠠ ᠪᠠᠷ ᠦᠯᠢᠭᠡᠷ ᠡᠳ᠋ ᠢ ᠰᠢᠯᠭᠠᠨ ᠪᠠᠶᠢᠴᠠᠭᠠᠬᠤ ᠶᠢᠨ ᠬᠠᠮᠲᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠭᠠᠷᠭᠠᠵᠤ᠂ ᠮᠠᠨ ᠤ ᠣᠷᠣᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠢ ᠳᠤᠨᠢ ᠣᠨᠣᠪᠴᠢᠲᠠᠢ ᠪᠠᠷ ︽ᠵᠢᠭᠠᠰᠤᠨ ᠤ ᠮᠡᠷᠭᠡᠵᠢᠯ ᠤᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠣᠶᠤᠨᠲᠤ ᠲᠠᠪᠴᠠᠩ︾ ᠳᠤ ᠳᠠᠮᠵᠢᠭᠤᠯᠪᠠ᠃ ᠲᠣᠰ ᠤᠳᠠᠭᠠᠨ ᠤ ᠥᠯᠢᠭᠡᠷ ᠠᠪᠬᠤ ᠳᠤ 30 ᠥᠯᠢᠭᠡᠷ ᠡᠳ᠋ ᠢ ᠲᠣᠬᠢᠶᠠᠯᠳᠤᠯ ᠢᠶᠠᠷ ᠰᠣᠩᠭᠤᠨ ᠪᠠᠶᠢᠴᠠᠭᠠᠵᠤ᠂ ᠡᠨᠡ ᠨᠢ ᠮᠥᠷᠭᠦ ᠬᠠᠪᠤᠷ ᠤᠨ ᠸᠢᠷᠦ᠋ᠰ ᠤᠨ ᠴᠢᠰᠤᠨ ᠬᠡᠮ᠂ ᠬᠡᠮᠡᠷᠯᠢᠭ ᠮᠥᠷᠭᠦ ᠶᠢᠨ ᠴᠥᠪᠥᠷᠢᠭᠦᠲᠦ ᠡᠰᠡᠷᠭᠡᠨ᠎ᠡ ᠶᠢᠨ ᠸᠢᠷᠦ᠋ᠰ ᠤᠨ ᠡᠪᠡᠳᠴᠢᠨ᠂ ᠮᠥᠷᠭᠦ ᠬᠠᠪᠤᠩᠨᠠᠬᠤ ᠡᠪᠡᠳᠴᠢᠨ᠂ ᠬᠡᠯᠲᠡᠭᠡ ᠵᠢᠭᠠᠰᠤᠨ ᠤ ᠴᠢᠰᠤ ᠪᠦᠲᠦᠭᠡᠬᠦ ᠡᠷᠬᠡᠲᠡᠨ ᠦᠬᠦᠵᠢᠬᠦ ᠡᠪᠡᠳᠴᠢᠨ ᠵᠡᠷᠭᠡ ᠬᠦᠨᠳᠦ ᠶᠡᠭᠡ ᠬᠢᠵᠢᠭ ᠡᠪᠡᠳᠴᠢᠨ ᠲᠠᠢ ᠬᠤᠯᠪᠣᠭᠳᠠᠵᠤ᠂ ᠭᠤᠣᠯᠳᠠᠯᠭ᠎ᠠ ᠲᠠᠢ ᠬᠢᠨᠠᠨ ᠬᠡᠮᠵᠢᠭᠰᠡᠨ ᠲᠥᠷᠥᠯ ᠵᠦᠢᠯ ᠨᠢ ᠬᠡᠯᠲᠡᠭᠡ ᠵᠢᠭᠠᠰᠤ ᠪᠠ ᠮᠥᠷᠭᠦ ᠵᠢᠭᠠᠰᠤᠨ ᠤ ᠦᠷ᠎ᠡ ᠵᠢᠷᠠᠭᠠᠬᠠᠢ ᠪᠠᠶᠢᠵᠤ᠂ ᠬᠠᠲᠤᠨ ᠭᠤᠣᠯ ᠳᠠᠭᠠᠤ ᠶᠢᠨ ᠵᠢᠷᠭᠤᠭᠠᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠢᠨᠠᠨ ᠬᠡᠮᠵᠢᠬᠦ ᠴᠡᠭ ᠢ ᠬᠠᠮᠤᠷᠴᠤ᠂ ᠡᠨᠡ ᠨᠢ ᠮᠠᠨ ᠤ ᠣᠷᠣᠨ ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠶᠢᠨ ᠲᠣᠭᠲᠠᠭᠤᠨ ᠤᠨᠠᠯᠲᠠ ᠲᠠᠢ᠂ ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠬᠥᠭᠵᠢᠯᠲᠡ ᠳᠤ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃
图片2.png   
           ᠣᠳᠣᠬᠠᠨ ᠳᠤ ᠪᠣᠯ ᠤᠰᠤᠨ ᠤ ᠠᠮᠢᠲᠠᠨ ᠤ ᠵᠠᠷ ᠤᠨ ᠴᠢᠨᠠᠷᠲᠠᠢ ᠬᠢᠵᠢᠭ ᠡᠪᠡᠳᠴᠢᠨ ᠳᠡᠯᠭᠡᠷᠡᠬᠦ ᠤᠯᠠᠷᠢᠯ ᠮᠥᠨ᠂ ᠤᠰᠤᠨ ᠤ ᠠᠮᠢᠲᠠᠨ ᠤ ᠬᠢᠵᠢᠭ ᠡᠪᠡᠳᠴᠢᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠵᠢᠭᠠᠰᠤ ᠰᠠᠮ ᠨᠠᠢᠮᠠᠯᠵᠢ ᠵᠡᠷᠭᠡ ᠤᠰᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨ ᠬᠦ ᠰᠠᠶᠢᠲᠤᠷ ᠬᠢᠪᠡᠯ᠂ ᠰᠠᠶ᠋ᠢ ᠡᠪᠡᠳᠴᠢᠨ ᠤ ᠬᠥᠨᠥᠭᠡᠯ ᠡᠭᠦᠰᠬᠦ ᠪᠠ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠵᠦ ᠴᠢᠳᠠᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠤᠰᠤᠨ ᠤ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠬᠠᠮᠢᠶᠠᠷᠤᠯᠲᠠ ᠪᠠ ᠲᠤᠷᠰᠢᠯᠲᠠ ᠶᠢᠨ ᠲᠠᠰᠤᠭ ᠤᠨ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠷᠰᠢᠯᠲᠠ ᠶᠢᠨ ᠲᠠᠰᠤᠭ ᠤᠨ ᠴᠢᠳᠠᠪᠤᠷᠢ ᠶᠢ ᠰᠢᠯᠭᠠᠨ ᠪᠠᠲᠤᠯᠠᠬᠤ ᠠᠵᠢᠯ ᠳᠤ ᠢᠳᠡᠪᠬᠢᠲᠡᠢ ᠣᠷᠣᠯᠴᠠᠵᠤ᠂ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠂ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠲᠤᠰᠬᠠᠢ ᠬᠢᠨᠠᠨ ᠬᠡᠮᠵᠢᠬᠦ ᠪᠠ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠠᠮᠢᠲᠠᠨ ᠤ ᠡᠪᠡᠳᠴᠢᠨ ᠤ ᠪᠠᠶᠢᠳᠠᠯ ᠢ ᠬᠡᠮᠵᠢᠨ ᠮᠡᠳᠡᠭᠦᠯᠬᠦ ᠪᠠᠷ ᠳᠡᠮᠵᠢᠨ᠂ ᠤᠰᠤᠨ ᠭᠠᠷᠤᠯᠲᠠ ᠶᠢᠨ ᠠᠮᠤᠷ ᠲᠦᠪᠰᠢᠨ ᠤ ︽ᠰᠡᠷᠭᠡᠶᠢᠯᠡᠯᠲᠡ ᠶᠢᠨ ᠱᠤᠭᠤᠮ︾ ᠢ ᠦᠷᠭᠦᠯᠵᠢᠯᠡᠨ ᠪᠠᠬᠢᠵᠢᠭᠦᠯᠵᠦ᠂ ᠮᠠᠨ ᠤ ᠣᠷᠣᠨ ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号