ᠲᠡᠮᠡᠭᠡᠨ ᠬᠢᠷᠭᠤᠤᠯ ᠲᠡᠵᠢᠭᠡᠵᠦ ᠪᠠᠶᠠᠵᠢᠯ ᠤᠨ ᠵᠠᠮ ᠢᠶᠠᠨ ᠡᠯᠭᠦᠯ᠎ᠡ
ᠨᠡᠶᠢᠲᠡᠯᠡᠭᠰᠡᠨ ᠴᠠᠭ᠄
2024/6/19
      ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠮᠡᠯᠡᠬᠡᠶᠢᠲᠦ ᠪᠠᠯᠭᠠᠰᠤᠨ ᠤ ᠪᠠᠷᠠᠭᠤᠨ ᠬᠤᠸᠠ ᠶᠢᠨ ᠳᠡᠨᠵᠢ ᠭᠠᠴᠠᠭᠠᠨ ᠤ ᠪᠦᠦ ᠢᠦᠢ ᠱᠠᠨ᠂ ᠯᠢᠦ ᠯᠢ ᠶᠠᠨ ᠡᠷ᠎ᠡ ᠡᠮ᠎ᠡ ᠬᠤᠶᠠᠭᠤᠯᠠ ᠣᠯᠠᠨ ᠵᠢᠯ ᠤᠨ ᠲᠤᠷᠰᠢ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠪᠠᠷ ᠳᠠᠮᠵᠢᠨ ᠪᠠᠶᠠᠵᠢᠯ ᠤᠨ ᠵᠠᠮ ᠢᠶᠠᠨ ᠡᠯᠭᠦᠭᠰᠡᠨ ᠢᠶᠠᠷ ᠪᠠᠷᠠᠬᠤ ᠦᠭᠡᠢ᠂ ᠪᠠᠰᠠ ᠲᠣᠰᠬᠤᠨ ᠤ ᠠᠷᠠᠳ ᠢᠶᠠᠨ ᠳᠠᠭᠠᠭᠤᠯᠤᠨ᠂ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃      ᠰᠤᠷᠪᠤᠯᠵᠢᠯᠠᠬᠴᠢ ᠲᠡᠳᠡᠨᠡᠶᠢᠬᠢᠨ ᠳᠤ ᠬᠦᠷᠬᠦ ᠳᠤ᠂ ᠪᠦᠦ ᠢᠦᠢ ᠱᠠᠨ ᠡᠷ᠎ᠡ ᠡᠮ᠎ᠡ ᠬᠤᠶᠠᠭᠤᠯᠠ ᠶᠠᠭ ᠲᠡᠮᠡᠭᠡᠨ ᠬᠢᠷᠭᠤᠤᠯ ᠢᠶᠠᠨ ᠲᠡᠵᠢᠭᠡᠵᠦ ᠪᠠᠶᠢᠪᠠ᠃ ᠪᠦᠳᠦᠭᠦᠨ ᠲᠣᠮᠣ ᠲᠡᠮᠡᠭᠡᠨ ᠬᠢᠷᠭᠤᠤᠯ ᠨᠤᠭᠤᠳ ᠲᠡᠮᠦᠷ ᠬᠠᠰᠢᠶᠠᠨ ᠤ ᠴᠠᠭᠠᠨ᠎ᠠ ᠠᠴᠠ ᠤᠷᠳᠤ ᠬᠦᠵᠦᠭᠦᠦ ᠪᠠᠨ ᠰᠤᠩᠭᠠᠵᠤ᠂ ᠢᠳᠡᠰᠢ ᠪᠤᠯᠢᠶᠠᠯᠳᠤᠨ ᠢᠳᠡᠵᠡᠭᠡᠨ᠎ᠡ᠃2012 ᠣᠨ ᠤ 7 ᠰᠠᠷ᠎ᠠ ᠶᠢᠨ ᠳᠤᠮᠳᠠᠴᠢ ᠪᠠᠷ᠂ ᠪᠤᠤ ᠢᠦᠢ ᠱᠠᠨ ᠡᠷ᠎ᠡ ᠡᠮ᠎ᠡ ᠬᠤᠶᠠᠭᠤᠯᠠ ᠬᠠᠷᠠᠮᠥ᠋ᠷᠡᠨ ᠮᠤᠵᠢ ᠶᠢᠨ ᠳ᠋ᠠᠴᠢᠩ ᠬᠤᠲᠠ ᠠᠴᠠ ᠰᠠᠶ᠋ᠢᠬᠠᠨ ᠨᠡᠪᠴᠢᠭᠡᠳ ᠲᠠᠪᠤᠬᠠᠨ ᠡᠳᠦᠷ ᠪᠣᠯᠵᠤ ᠪᠠᠶᠢᠭ᠎ᠠ ᠲᠡᠮᠡᠭᠡᠨ ᠬᠢᠷᠭᠤᠤᠯ ᠤᠨ ᠴᠤᠷᠪᠠᠭ᠎ᠠ  ᠶᠢ ᠬᠤᠳᠠᠯᠳᠤᠨ ᠠᠪᠴᠤ᠂ ᠭᠡᠷ ᠲᠡᠭᠡᠨ ᠠᠪᠴᠢᠷᠠᠨ ᠲᠡᠵᠢᠭᠡᠬᠦ ᠶᠢᠨ ᠳᠠᠭᠠᠤ ᠲᠤᠷᠰᠢᠯᠭ᠎ᠠ ᠬᠤᠷᠠᠮᠳᠤᠭᠤᠯᠤᠨ᠂ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠵᠠᠮ ᠢᠶᠠᠷ ᠵᠠᠮᠨᠠᠭᠰᠠᠨ ᠪᠠᠶᠢᠨ᠎ᠠ᠃ ᠯᠢᠦ ᠯᠢ ᠶᠠᠨ᠄ ︽ᠨᠢᠭᠡ ᠲᠡᠮᠡᠭᠡᠨ ᠬᠢᠷᠭᠤᠤᠯ ᠤᠨ ᠥᠨᠳᠡᠭᠡ 200 ᠲᠥᠭᠦᠷᠢᠭ ᠲᠤ ᠬᠦᠷᠴᠦ᠂ ᠨᠡᠪᠴᠢᠭᠡᠳ 7 ᠡᠳᠦᠷ ᠪᠣᠯᠤᠭᠰᠠᠨ ᠴᠤᠷᠪᠠᠭ᠎ᠠ ᠶᠢ 450 ᠲᠥᠭᠦᠷᠢᠭ᠂ ᠨᠢᠭᠡ ᠰᠠᠷ᠎ᠠ ᠪᠣᠯᠤᠭᠰᠠᠨ ᠴᠤᠷᠪᠠᠭ᠎ᠠ ᠶᠢ 700 ᠲᠥᠭᠦᠷᠢᠭ ᠢᠶᠠᠷ ᠬᠤᠳᠠᠯᠳᠤᠵᠤ ᠪᠤᠢ᠂ ᠮᠢᠬ᠎ᠠ ᠨᠢ ᠵᠢᠩ ᠳᠡᠭᠡᠨ 50 ᠲᠥᠭᠦᠷᠢᠭ ᠲᠤ ᠭᠦᠷᠳᠡᠭ᠂ ᠲᠡᠮᠡᠭᠡᠨ ᠬᠢᠷᠭᠤᠤᠯ ᠤᠨ ᠪᠦᠭᠦ ᠪᠡᠶ᠎ᠡ ᠨᠢ ᠴᠥᠮ ᠡᠷᠳᠡᠨᠢ ᠰᠢᠦ᠂ ᠦᠵᠡᠮᠦᠷᠢ ᠶᠢᠨ ᠦᠨ᠎ᠡ ᠥᠷᠲᠡᠭ ᠲᠠᠢ ᠪᠠᠷ ᠪᠠᠷᠠᠬᠤ ᠦᠭᠡᠢ᠂ ᠮᠢᠬ᠎ᠠ᠂ ᠠᠷᠠᠰᠤ᠂ ᠥᠳᠥ᠂ ᠥᠨᠳᠡᠭᠡ᠂ ᠲᠣᠰᠣ ᠶᠢ ᠶᠡᠷᠦᠩᠬᠡᠶᠢᠯᠡᠨ ᠡᠳ᠋ᠰᠢᠭᠦᠯᠬᠦ ᠳᠠᠯᠳᠠ ᠬᠦᠴᠦᠨ ᠲᠠᠢ᠂ ᠵᠠᠬ᠎ᠠ ᠳᠡᠯᠭᠡᠭᠦᠷ ᠤᠨ ᠬᠡᠷᠡᠭᠴᠡᠭᠡ ᠨᠢ ᠶᠡᠭᠡ ᠪᠠᠶᠢᠳᠠᠭ︾ ᠭᠡᠵᠦ ᠲᠠᠨᠢᠯᠴᠠᠭᠤᠯᠤᠨ᠎ᠠ᠃      2023 ᠣᠨ ᠳᠤ᠂ ᠬᠤᠷᠴᠢᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠᠰᠠ ᠲᠡᠳᠡᠨᠡᠶᠢᠬᠢᠨ ᠳᠤ 4 ᠲᠦᠮᠡᠨ ᠲᠥᠭᠦᠷᠢᠭ ᠤᠨ ᠨᠥᠬᠦᠪᠦᠷᠢ ᠮᠥᠩᠭᠦ ᠣᠯᠭᠤᠵᠤ᠂ ᠲᠡᠮᠡᠭᠡᠨ ᠬᠢᠷᠭᠤᠤᠯ ᠢ ᠠᠷᠠᠴᠢᠯᠠᠬᠤ ᠳᠤᠯᠠᠭᠠᠯᠠᠭ᠎ᠠ ᠶᠢᠨ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠳᠤ ᠲᠤᠰᠠᠯᠠᠪᠠ᠃ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠪᠠ ᠬᠠᠯᠠᠮᠵᠢᠯᠠᠯ ᠨᠢ ᠲᠡᠳᠡ ᠬᠤᠶᠠᠭᠤᠯᠠ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠥᠷᠭᠡᠳᠬᠡᠬᠦ ᠤᠷᠮ᠎ᠠ ᠵᠣᠷᠢᠭ ᠢ ᠨᠢ ᠬᠥᠭᠵᠢᠭᠡᠬᠦ ᠶᠢᠨ ᠬᠠᠮᠲᠤ᠂ ᠲᠡᠮᠡᠭᠡᠨ ᠬᠢᠷᠭᠤᠤᠯ ᠨᠢᠲᠤᠯᠬᠤ᠂ ᠨᠠᠷᠢᠯᠢᠭ ᠡᠳ᠋ᠰᠢᠭᠦᠯᠬᠦ ᠦᠢᠯᠡᠰ ᠢ ᠠᠯᠬᠤᠮ ᠠᠯᠬᠤᠮ ᠢᠶᠠᠷ ᠡᠷᠭᠢᠯᠡᠨ᠂ ᠦᠷ᠎ᠡ ᠠᠰᠢᠭ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠭᠦ ᠬᠦᠰᠡᠯ ᠪᠤᠳᠤᠯ ᠢ ᠨᠢ ᠪᠠᠲᠤᠳᠬᠠᠭᠰᠠᠨ ᠪᠠᠶᠢᠨ᠎ᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠠᠵᠤ ᠦᠢᠯᠡᠰ ᠢ ᠬᠥᠭᠵᠢᠭᠦᠯᠬᠦ  ᠳᠤ ᠪᠤᠢ᠃ ᠣᠳᠣ ᠪᠦᠦ ᠢᠦᠢ ᠱᠠᠨ᠂ ᠯᠢᠦ ᠯᠢ ᠶᠠᠨ ᠡᠷ᠎ᠡ ᠡᠮ᠎ᠡ ᠬᠤᠶᠠᠭᠤᠯᠠ ᠨᠢᠭᠡᠨᠲᠡ ᠲᠣᠰᠬᠤᠨ ᠤ ᠪᠠᠨ 7 ᠡᠷᠦᠭᠡ  ᠶᠢ ᠳᠠᠶᠢᠴᠢᠯᠠᠨ ᠲᠡᠮᠡᠭᠡᠨ ᠬᠢᠷᠭᠤᠤᠯ ᠲᠡᠵᠢᠭᠡᠵᠦ᠂ ᠡᠷᠦᠭᠡ ᠪᠦᠷᠢ ᠶᠢᠨ ᠲᠡᠵᠢᠭᠡᠨ ᠦᠷᠡᠵᠢᠭᠦᠯᠬᠦ ᠬᠡᠪᠴᠢᠶ᠎ᠡ ᠨᠢ ᠴᠥᠮ 40 ᠠᠴᠠ 50 ᠪᠣᠯᠵᠤ ᠬᠥᠭᠵᠢᠪᠡ᠃ ︽ᠨᠢᠭᠡ ᠡᠷᠥᠭᠡ ᠪᠠᠶᠠᠵᠢᠬᠤ ᠨᠢ ᠪᠠᠶᠠᠵᠢᠭᠰᠠᠨ ᠳᠤ ᠲᠣᠭᠠᠴᠠᠭᠳᠠᠬᠤ ᠦᠭᠡᠢ᠂ ᠪᠢᠳᠡ ᠨᠠᠩ ᠣᠯᠠᠨ ᠡᠷᠦᠭᠡ ᠶᠢ ᠳᠠᠶᠢᠴᠢᠯᠠᠨ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠬᠦ ᠳᠤ ᠣᠷᠣᠯᠴᠠᠭᠤᠯᠵᠤ᠂ ᠲᠡᠵᠢᠭᠡᠨ ᠦᠷᠡᠵᠢᠭᠦᠯᠬᠦ ᠪᠠᠷ ᠳᠠᠮᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ︾ ᠭᠡᠵᠦ ᠯᠢᠦ ᠯᠢ ᠶᠠᠨ ᠢᠲᠡᠭᠡᠯ ᠳᠦᠭᠦᠷᠡᠩ ᠬᠡᠯᠡᠵᠦ ᠪᠠᠶᠢᠯ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号