ᠤᠷᠠᠳ ᠤᠨ ᠳᠤᠮᠳᠠᠳᠤ ᠬᠤᠰᠢᠭᠤ ᠪᠦᠭᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠭᠤᠣᠯᠳᠠᠯᠭ᠎ᠠ ᠲᠠᠢ ᠰᠢᠶᠠᠨ ᠪᠣᠯᠵᠠᠢ
ᠨᠡᠶᠢᠲᠡᠯᠡᠭᠰᠡᠨ ᠴᠠᠭ᠄
2024/6/20
      ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭᠠᠨ ᠤ ᠲᠥᠰᠥᠯ ︵2024 - 2030 ᠣᠨ︶︾ ᠢ ᠳᠠᠷᠤᠮᠠᠯᠯᠠᠨ ᠲᠠᠷᠬᠠᠭᠠᠵᠤ᠂ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠦᠨ᠂ ᠤᠷᠠᠳ ᠤᠨ ᠳᠤᠮᠳᠠᠳᠤ ᠬᠤᠰᠢᠭᠤ ᠶᠢ ᠪᠦᠭᠦ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠭᠤᠣᠯᠳᠠᠯᠭ᠎ᠠ ᠲᠠᠢ ᠰᠢᠶᠠᠨ ᠢᠶᠠᠷ ᠲᠣᠭᠲᠠᠭᠠᠪᠠ᠃      ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ ᠶᠢᠨ ᠲᠥᠯᠥᠭᠡ᠂ ᠤᠷᠠᠳ ᠤᠨ ᠳᠤᠮᠳᠠᠳᠤ ᠬᠤᠰᠢᠭᠤ ︽ᠲᠠᠯᠠᠪᠠᠶ ᠶᠢ ᠪᠠᠲᠤᠯᠠᠬᠤ᠂ ᠰᠠᠭᠤᠷᠢ ᠶᠢ ᠴᠢᠩᠭᠠᠳᠬᠠᠬᠤ᠂ ᠬᠤᠬᠢᠷᠠᠯ ᠢ ᠪᠠᠭᠠᠰᠬᠠᠬᠤ᠂ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ︾ ᠪᠠᠷ ᠬᠠᠷᠠᠯᠲᠠ ᠪᠤᠯᠭᠠᠵᠤ᠂ ︽ᠬᠦᠨᠡᠰᠦᠨ ᠠᠮᠤ ᠶᠢ ᠪᠠᠬᠢᠵᠢᠭᠦᠯᠦᠨ ᠳᠡᠭᠡᠭᠰᠢᠯᠡᠭᠦᠯᠵᠦ᠂ ᠡᠷᠳᠡᠨᠢ ᠰᠢᠰᠢ ᠰᠢᠷ᠎ᠠ ᠪᠤᠷᠴᠠᠭ ᠲᠤ ᠭᠤᠣᠯ ᠰᠢᠪᠲᠤᠯᠤᠯᠲᠠ ᠬᠢᠵᠦ᠂ ᠲᠥᠮᠥᠰᠥ ᠶᠢᠨ ᠲᠥᠷᠥᠯ ᠡᠯᠳᠡᠪ ᠠᠮᠤ ᠶᠢ ᠬᠠᠮᠲᠤ ᠳᠤᠨᠢ ᠬᠠᠷᠠᠭᠠᠯᠵᠠᠬᠤ︾ ᠲᠥᠷᠥᠯ ᠵᠦᠢᠯ ᠬᠤᠪᠢᠶᠠᠨ ᠤᠨᠠᠯᠲᠠ ᠶᠢ ᠨᠡᠮᠡᠭᠳᠡᠭᠦᠯᠬᠦ ᠰᠡᠳᠬᠢᠴᠡ ᠪᠠᠷ ᠰᠠᠶᠢᠨ ᠦᠷ᠎ᠡ ᠶᠢ ᠳᠡᠯᠭᠡᠷᠡᠭᠦᠯᠬᠦ᠂ ᠮᠡᠷᠭᠡᠵᠢᠯ ᠢᠶᠠᠷ ᠬᠠᠪᠰᠤᠷᠤᠨ ᠲᠡᠳᠬᠦᠬᠦ᠂ ᠭᠤᠣᠯ ᠴᠣᠭᠴᠠ ᠶᠢ ᠪᠣᠶᠢᠵᠢᠭᠤᠯᠬᠤ ᠵᠡᠷᠭᠡ ᠠᠵᠢᠯ ᠢ ᠱᠠᠯᠠᠪᠳᠠᠨ ᠪᠣᠳᠠᠲᠠᠢ ᠠᠳᠬᠤᠵᠤ᠂ ᠳᠠᠪᠠᠭᠤᠯᠢᠭ ᠭᠠᠷᠤᠯᠲᠠ ᠶᠢᠨ ᠣᠷᠣᠨ ᠢ ᠪᠠᠬᠢᠵᠢᠭᠦᠯᠦᠨ ᠳᠡᠭᠡᠭᠰᠢᠯᠡᠭᠦᠯᠵᠦ᠂ ᠪᠤᠰᠤᠳ ᠭᠠᠵᠠᠷ ᠣᠷᠣᠨ ᠤ ᠨᠥᠭᠡᠴᠡ ᠬᠦᠴᠦᠨ ᠢ ᠠᠭᠤᠳᠠᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠪᠡ᠃ ᠤᠷᠠᠳ ᠤᠨ ᠳᠤᠮᠳᠠᠳᠤ ᠬᠤᠰᠢᠭᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠭᠤᠣᠯᠳᠠᠯᠭ᠎ᠠ ᠲᠠᠢ ᠰᠢᠶᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠤᠰᠤ ᠬᠠᠩᠭᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠲᠠᠷᠢᠶᠠᠯᠠᠩ ᠤᠨ ᠮᠠᠰᠢᠨᠴᠢᠯᠠᠯᠲᠠ ᠶᠢ ᠳᠡᠭᠡᠭᠰᠢᠯᠡᠭᠦᠯᠭᠦ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠲᠤᠯᠭᠠᠭᠤᠷᠢᠯᠠᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ︽ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭ᠎ᠠ︾ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠠᠬᠢᠭᠤᠯᠤᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠪᠡ᠃      2030 ᠣᠨ ᠪᠤᠯᠬᠤ ᠳᠤ ᠠᠮᠤ ᠪᠤᠳᠠᠭᠠᠨ ᠤ ᠤᠨᠠᠯᠲᠠ ᠶᠢ 8 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠭᠡᠵᠦ᠂ ᠪᠦᠭᠦ ᠬᠤᠰᠢᠭᠤᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠬᠤ ᠪᠠᠷ ᠪᠤᠢ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号