ᠮᠠᠨ ᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠢ 5237 ᠲᠦᠮᠡᠨ ᠮᠦ ᠳᠤ ᠭᠦᠷᠪᠡ
ᠨᠡᠶᠢᠲᠡᠯᠡᠭᠰᠡᠨ ᠴᠠᠭ᠄
2024/6/20
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ  ᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ 14 ᠵᠠᠭᠪᠤᠷ᠂ ᠠᠷᠪᠠᠨ ᠶᠡᠭᠡ ᠨᠡᠶᠢᠲᠡᠯᠢᠭ ᠵᠢᠱᠢᠶ᠎ᠡ ᠪᠣᠯᠣᠨ 26 ᠠᠯᠬᠤᠮ ᠤᠨ ᠠᠵᠢᠯ ᠤᠨ ᠠᠷᠭ᠎ᠠ ᠶᠢ ᠳ᠋ᠦᠩᠨᠡᠨ ᠳᠡᠯᠭᠡᠷᠡᠭᠦᠯᠵᠦ᠂ ᠣᠳᠣᠬᠠᠨ ᠪᠤᠯᠳᠠᠯ᠎ᠠ ᠪᠦᠭᠦ ᠣᠷᠣᠨ ᠢᠶᠠᠷ ᠢᠶᠠᠨ ᠨᠡᠶᠢᠲᠡ 5237 ᠲᠦᠮᠡᠨ ᠮᠦ  ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠪᠦᠭᠦ ᠣᠷᠣᠨ ᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠲᠠᠯᠠᠪᠠᠢ ᠶᠢᠨ 39% ᠶᠢ ᠡᠵᠡᠯᠡᠨ᠂ ᠪᠦᠭᠦ ᠣᠷᠣᠨ ᠤ 2/3 ᠠᠴᠠ ᠳᠡᠭᠡᠭᠰᠢᠬᠢ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠤᠯᠭᠠᠭᠤᠷᠢᠯᠠᠵᠤ ᠪᠠᠶᠢᠨ᠎ᠠ᠃      ᠪᠠᠶᠠᠨᠨᠠᠭᠤᠷ ᠬᠤᠲᠠ ᠤᠯᠤᠰ ᠤᠨ ᠴᠢᠬᠤᠯᠠ ᠲᠠᠸᠠᠷ ᠤᠨ ᠠᠮᠤ ᠲᠣᠰᠣᠨ ᠤ ᠦᠢᠯᠡᠳᠪᠦᠷᠢᠯᠡᠯ ᠤᠨ ᠰᠠᠭᠤᠷᠢᠨ ᠪᠣᠯᠤᠭᠰᠠᠨ ᠤ ᠬᠤᠪᠢ ᠳᠤ ᠡᠨᠡ ᠵᠢᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 158.85 ᠲᠦᠮᠡᠨ ᠮᠦ ᠬᠡᠷᠡᠭᠵᠢᠭᠦᠯᠬᠦ ᠶᠢᠨ ᠵᠡᠷᠭᠡ ᠪᠠᠷ ᠥᠨᠳᠥᠷ ᠪᠦᠲᠦᠮᠵᠢᠲᠡᠶ ᠪᠠᠷ ᠤᠰᠤ ᠠᠷᠪᠢᠯᠠᠬᠤ ᠲᠥᠷᠥᠯ ᠵᠦᠢᠯ ᠢ 100 ᠲᠦᠮᠡᠨ ᠮᠦ᠂ ᠤᠯᠤᠰ ᠤᠨ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠲᠥᠷᠥᠯ ᠵᠦᠢᠯ ᠢ 50.2 ᠲᠦᠮᠡᠨ ᠮᠦ ᠬᠡᠷᠡᠭᠵᠢᠭᠦᠯᠪᠡ᠃ ᠲᠥᠷᠥᠯ ᠵᠦᠢᠯ ᠢ ᠪᠦᠲᠦᠭᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠮᠦ ᠪᠦᠷᠢ ᠳᠤ 20 ᠪᠣᠰᠤᠭ᠎ᠠ ᠳᠥᠷᠪᠡᠯᠵᠢᠨ ᠮᠸᠲᠷ ᠤᠰᠤ ᠠᠷᠪᠢᠯᠠᠨ ᠠᠮᠤ ᠪᠤᠳᠠᠭᠠᠨ ᠤ ᠤᠨᠠᠯᠲᠠ ᠶᠢ 10% ᠪᠠᠷ ᠳᠡᠭᠡᠭᠰᠢᠯᠡᠭᠦᠯᠵᠦ᠂ ᠮᠦ ᠪᠦᠷᠢ ᠶᠢᠨ ᠥᠪᠡᠷ ᠤᠨ ᠥᠷᠲᠡᠭ ᠢ 300 ᠲᠥᠭᠦᠷᠢᠭ ᠣᠷᠴᠢᠮ ᠪᠠᠭᠤᠷᠠᠭᠤᠯᠬᠤ ᠪᠣᠯᠣᠨ᠎ᠠ᠃      ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ 850 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠦᠲᠦᠭᠡᠨ ᠪᠠᠶᠢᠭᠤᠯᠬᠤ ᠪᠠᠷ ᠲᠥᠯᠥᠪᠯᠡᠨ᠂ ᠣᠳᠣᠬᠠᠨ ᠪᠤᠯᠳᠠᠯ᠎ᠠ ᠨᠢᠭᠡᠨᠲᠡ 543 ᠲᠦᠮᠡᠨ ᠮᠦ  ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠪᠡ᠃ ᠡᠭᠦᠨ  ᠳᠤ 224 ᠲᠦᠮᠡᠨ ᠮᠦ ᠲᠠᠷᠢᠶᠠᠨ ᠭᠠᠵᠠᠷ ᠨᠢ ᠨᠢᠭᠡᠨᠲᠡ ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠳᠤ ᠦᠢᠯᠡᠳᠦᠯ ᠢᠶᠠᠨ ᠪᠠᠳᠠᠷᠠᠭᠤᠯᠵᠤ᠂ ᠵᠢᠱᠢᠯᠲᠡ ᠪᠠᠷ ᠮᠦ ᠳᠤᠮᠳᠠᠴᠢ ᠶᠢᠨ ᠤᠨᠠᠯᠲᠠ ᠶᠢ 100 ᠺᠢᠯᠣᠭ᠍ᠷᠠᠮ ᠣᠷᠴᠢᠮ ᠨᠡᠮᠡᠭᠳᠡᠭᠦᠯᠵᠦ ᠲᠠᠶᠢᠯᠤᠨ᠎ᠠ᠃ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠬᠦᠯᠢ ᠴᠣᠭᠴᠠ ᠪᠠᠷ ᠨᠢ ᠠᠬᠢᠭᠤᠯᠬᠤ ᠰᠡᠳᠬᠢᠴᠡ ᠶᠣᠰᠣᠭᠠᠷ ᠣᠷᠣᠨ ᠪᠦᠰᠡ ᠬᠤᠪᠢᠶᠠᠨ ᠬᠠᠭᠤᠷᠠᠢ ᠲᠠᠷᠢᠶᠠᠨ ᠭᠠᠵᠠᠷ᠂ ᠬᠠᠷ᠎ᠠ ᠬᠥᠷᠥᠰᠥᠲᠦ ᠲᠠᠷᠢᠶᠠᠨ ᠭᠠᠵᠠᠷ᠂ ᠬᠤᠵᠢᠷᠰᠢᠭᠰᠠᠨ ᠲᠠᠷᠢᠶᠠᠨ ᠭᠠᠵᠠᠷ᠂ ᠡᠯᠡᠰᠦᠷᠬᠡᠭᠵᠢᠭᠰᠡᠨ ᠲᠠᠷᠢᠶᠠᠨ ᠭᠠᠵᠠᠷ᠂ ᠤᠮᠠᠷᠠᠲᠤ ᠶᠢᠨ ᠤᠰᠤᠨ ᠲᠠᠷᠢᠶ᠎ᠠ᠂ ︽ᠨᠢᠭᠡ ᠡᠷᠦᠭᠡ ᠶᠢᠨ ᠨᠢᠭᠡ ᠬᠡᠰᠡᠭᠲᠠᠷᠢᠶ᠎ᠠ︾᠂ ᠥᠨᠳᠥᠷ ᠪᠦᠲᠦᠮᠵᠢᠲᠡᠶ ᠤᠰᠤᠯᠠᠯᠲᠠ ᠶᠢᠨ ᠲᠠᠷᠢᠶ᠎ᠡ᠂ ᠪᠣᠬᠢᠷᠳᠤᠯ ᠦᠭᠡᠢ ᠲᠣᠭᠠᠴᠢᠯᠠᠭᠰᠠᠨ ᠲᠠᠷᠢᠶ᠎ᠡ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠭᠰᠠᠨ ᠲᠠᠷᠢᠶ᠎ᠠ ᠵᠡᠷᠭᠡ 9 ᠲᠥᠷᠥᠯ ᠤᠨ ᠮᠢᠩᠭᠠᠨ ᠲᠦᠮᠡᠨ ᠮᠦ ᠶᠢᠨ ᠥᠨᠳᠥᠷ ᠪᠠᠷᠢᠮᠵᠢᠶᠠᠲᠤ ᠦᠯᠢᠭᠡᠷ ᠳᠠᠭᠤᠷᠢᠶᠠᠯᠳᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠪᠦᠭᠦ ᠤᠯᠤᠰ ᠤᠨ︽ᠶᠡᠭᠡ ᠲᠠᠷᠢᠶ᠎ᠡ︾ ᠶᠢᠨ ᠵᠢᠱᠢᠶ᠎ᠡ ᠦᠵᠡᠭᠦᠯᠭᠦ ᠥᠯᠢᠭᠡᠷ ᠳᠠᠭᠤᠷᠢᠶᠠᠯ ᠢ ᠪᠦᠭᠦ ᠬᠦᠴᠦᠨ ᠢᠶᠠᠷ ᠢᠶᠠᠨ ᠴᠣᠭᠴᠠᠯᠠᠵᠤ ᠪᠠᠶᠢᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号