ᠮᠠᠨ ᠤ ᠣᠷᠣᠨ ᠤ ᠬᠠᠤᠯᠢ ᠬᠡᠷᠡᠭᠵᠢᠭᠦᠯᠬᠦ ᠠᠵᠢᠯ ᠤᠨ ᠳᠤᠭᠤᠶᠢᠯᠠᠩ ᠱᠠᠨᠰᠢ ᠮᠤᠵᠢ ᠳᠤ ᠬᠦᠷᠴᠦ 2024 ᠣᠨ ᠤ ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠠᠮᠲᠤᠷᠠᠭᠰᠠᠨ ᠰᠣᠯᠪᠢᠴᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/21
11.png
       ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠢᠭᠠᠰᠤᠨ ᠤ ᠠᠵᠤ ᠦᠢᠯᠡᠰ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ 2024 ᠣᠨ ᠤ ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠠᠮᠲᠤᠷᠠᠭᠰᠠᠨ ᠰᠣᠯᠪᠢᠴᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠬᠦ ᠲᠤᠬᠠᠢ ᠱᠠᠭᠠᠷᠳᠠᠯᠭ᠎ᠠ ᠶᠣᠰᠣᠭᠠᠷ᠂ 6 ᠰᠠᠷ᠎ᠠ ᠶᠢᠨ 17 ᠤ ᠡᠳᠦᠷ ᠠᠴᠠ 21 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠤᠯᠢ ᠬᠡᠷᠡᠭᠵᠢᠭᠦᠯᠬᠦ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ ᠱᠠᠨᠰᠢ ᠮᠤᠵᠢ ᠳᠤ ᠬᠦᠷᠴᠦ ᠰᠣᠯᠪᠢᠴᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠰᠢᠦᠢ ᠳ᠋ᠦᠩ ᠪᠦᠯᠬᠦᠮ ᠳᠠᠭᠠᠭᠤᠯᠪᠠ᠃
22.png
       ᠲᠣᠰ ᠤᠳᠠᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠣᠷᠣᠨ ᠪᠦᠰᠡ ᠳᠤ ᠬᠠᠲᠤᠨ ᠭᠤᠣᠯ ᠤᠨ ᠱᠠᠨᠰᠢ ᠮᠤᠵᠢ ᠶᠢᠨ ᠲᠦᠩ ᠭᠤᠸᠠᠨ ᠤ ᠬᠡᠰᠡᠭ᠂ ᠳ᠋ᠠ ᠯᠢ ᠬᠡᠰᠡᠭ᠂ ᠢ ᠴᠤᠸᠠᠨ ᠤ ᠬᠡᠰᠡᠭ᠂ ᠶᠠᠨ ᠴᠤᠸᠠᠨ ᠤ ᠬᠡᠰᠡᠭ᠂ ᠦ᠋ ᠪᠦᠦ ᠶᠢᠨ ᠬᠡᠰᠡᠭ ᠪᠠᠭᠲᠠᠨ᠎ᠠ᠃ ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠳᠦᠷᠢᠮ ᠢ ᠬᠡᠷᠡᠭᠵᠢᠭᠦᠯᠬᠦ ᠪᠣᠯ ᠵᠢᠭᠠᠰᠤᠨ ᠤ ᠠᠵᠤ ᠦᠢᠯᠡᠰ ᠤᠨ ᠬᠠᠤᠯᠢ᠂ ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠤᠰᠤᠨ ᠤ ᠠᠮᠢᠳᠤ ᠪᠣᠳᠠᠰ ᠢ ᠬᠠᠮᠠᠭᠠᠯᠠᠬᠤ ᠪᠠ ᠵᠢᠭᠠᠰᠤᠨ  ᠤ ᠠᠵᠤ ᠦᠢᠯᠡᠰ ᠤᠨ ᠡᠬᠢ ᠪᠠᠶᠠᠯᠢᠭ ᠢ ᠰᠡᠷᠭᠦᠭᠡᠬᠦ ᠶᠢ ᠠᠬᠢᠭᠤᠯᠤᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠶᠢ ᠪᠡᠶᠡᠯᠡᠭᠦᠯᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃
33.png
44.png
       ᠬᠠᠤᠯᠢ ᠬᠡᠷᠡᠭᠵᠢᠭᠦᠯᠬᠦ ᠠᠵᠢᠯ ᠤᠨ ᠳᠤᠭᠤᠶᠢᠯᠠᠩ ᠤᠨ  ᠬᠢᠨ ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠳᠦᠷᠢᠮ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤ ᠬᠠᠭᠤᠷᠠᠢ ᠪᠠᠷ ᠲᠣᠭᠤᠷᠢᠨ ᠪᠠᠶᠢᠴᠠᠭᠠᠬᠤ᠂ ᠴᠡᠭ ᠲᠤ ᠰᠠᠬᠢᠨ ᠰᠠᠭᠤᠬᠤ ᠵᠡᠷᠭᠡ ᠠᠷᠭ᠎ᠠ ᠮᠠᠶ᠋ᠢᠭ ᠢ ᠬᠠᠨᠳᠤᠯᠭᠠᠲᠤ ᠴᠢᠨᠠᠷᠲᠠᠢ ᠪᠠᠷ ᠠᠪᠴᠤ᠂ ᠵᠢᠭᠠᠰᠤ ᠲᠠᠢ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠭᠰᠡᠨ ᠪᠠᠶᠢᠨ᠎ᠠ᠃ ᠬᠠᠤᠯᠢ ᠬᠡᠷᠡᠭᠵᠢᠭᠦᠯᠬᠦ ᠣᠷᠣᠨ ᠤ ᠳᠣᠲᠣᠷᠠᠬᠢ ᠵᠢᠭᠠᠰᠤᠨ ᠣᠩᠭᠤᠴᠠᠨ ᠤ ᠲᠣᠣᠷ ᠪᠠᠭᠠᠵᠢ ᠶᠢᠨ ᠪᠠᠶᠢᠳᠠᠯ ᠢ ᠬᠢᠨᠠᠮᠠᠭᠠᠢ ᠪᠠᠶᠢᠴᠠᠭᠠᠵᠤ᠂ ᠵᠢᠭᠠᠰᠤ ᠠᠩᠨᠠᠬᠤ ︽ᠭᠤᠷᠪᠠ ᠦᠭᠡᠢ︾ ᠣᠩᠭᠤᠴᠠ ᠰᠠᠯ ᠪᠣᠯᠣᠨ ︽ᠤᠰᠠᠳᠬᠠᠬᠤ ᠲᠣᠣᠷ︾ ᠵᠡᠷᠭᠡ ᠳᠤ ᠬᠤᠯᠪᠣᠭᠳᠠᠬᠤ ᠵᠢᠭᠠᠰᠤ ᠠᠩᠨᠠᠬᠤ ᠪᠠᠭᠠᠵᠢ ᠬᠡᠷᠡᠭᠰᠡᠯ ᠢ ᠴᠡᠪᠡᠷᠯᠡᠨ ᠴᠠᠭᠠᠵᠠᠯᠠᠵᠤ᠂ ᠡᠷᠭᠢ ᠳᠡᠭᠡᠷᠡᠬᠢ ᠵᠢᠭᠠᠰᠤ ᠴᠠᠭᠠᠵᠠᠯᠠᠬᠤ ᠵᠠᠷᠯᠠᠯ᠂ ᠤᠬᠠᠭᠤᠯᠭ᠎ᠠ ᠶᠢᠨ ᠤᠷᠢᠶ᠎ᠠ ᠯᠣᠽᠦ᠋ᠩ᠂ ᠵᠠᠷᠯᠠᠯ ᠤᠨ ᠫᠠᠶᠢᠰᠠ ᠨᠠᠭᠠᠭᠰᠠᠨ ᠪᠠ ᠡᠩᠨᠡᠭᠡᠨ ᠤ ᠵᠢᠷᠤᠮᠵᠢᠭᠰᠠᠨ ᠪᠠᠶᠢᠭᠤᠯᠤᠯᠲᠠ ᠵᠡᠷᠭᠡ ᠳᠤ ᠰᠠᠨᠠᠭᠤᠯᠭ᠎ᠠ ᠳᠤᠷᠠᠳᠪᠠ᠃ ᠡᠭᠦᠨ ᠤ ᠬᠠᠮᠲᠤ ᠮᠤᠵᠢ ᠬᠤᠲᠠ ᠰᠢᠶᠠᠨ ᠭᠤᠷᠪᠠᠨ ᠱᠠᠲᠤᠨ ᠤ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠨᠥᠬᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠵᠢᠭᠠᠰᠤ ᠠᠩᠨᠠᠬᠤ ᠶᠢ ᠴᠠᠭᠠᠵᠠᠯᠠᠬᠤ ᠲᠤᠰᠬᠠᠢ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠬᠤᠭᠤᠴᠠᠭᠠᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠤᠯᠪᠣᠭᠳᠠᠯ ᠪᠦᠬᠦᠢ ᠬᠡᠷᠡᠭ ᠤᠨ ᠡᠪᠬᠡᠮᠡᠯ ᠢ ᠪᠠᠶᠢᠴᠠᠭᠠᠨ ᠦᠵᠡᠪᠡ᠃ ᠰᠣᠯᠪᠢᠴᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠᠷ ᠳᠠᠮᠵᠢᠭᠤᠯᠤᠨ ᠬᠠᠲᠤᠨ ᠭᠤᠣᠯ ᠤᠨ ᠰᠠᠪᠠ ᠭᠠᠵᠠᠷ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠤ ᠡᠮᠬᠢ ᠵᠢᠷᠤᠮ ᠪᠠ ᠵᠢᠭᠠᠰᠤᠨ ᠤ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠰᠠᠶᠢᠵᠢᠷᠠᠭᠤᠯᠬᠤ ᠶᠢ ᠪᠦᠲᠦᠮᠵᠢᠲᠡᠢ ᠠᠬᠢᠭᠤᠯᠪᠠ᠃
55.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号