2024 ᠣᠨ ᠤ ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠬᠠᠶᠢᠷ᠎ᠠ ᠰᠡᠳᠭᠢᠯᠭᠡ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠠᠶᠠᠯᠠᠯ︾ ᠤᠨ ᠠᠵᠤ ᠦᠢᠯᠡᠰ ᠢ ᠵᠣᠯᠭᠠᠭᠤᠯᠬᠤ ᠠᠵᠢᠯᠯᠠᠭ᠎ᠠ ᠤᠯᠠᠭᠠᠨᠬᠠᠳᠠ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/21
      6 ᠰᠠᠷ᠎ᠠ ᠶᠢᠨ 18 ᠤ ᠡᠳᠦᠷ ᠠᠴᠠ 21 ᠤ ᠡᠳᠦᠷ ᠪᠣᠯᠲᠠᠯ᠎ᠠ᠂ 2024 ᠣᠨ ᠤ ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠬᠠᠶᠢᠷ᠎ᠠ ᠰᠡᠳᠭᠢᠯᠭᠡ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠠᠶᠠᠯᠠᠯ︾ ᠤᠨ ᠠᠵᠤ ᠦᠢᠯᠡᠰ ᠢ ᠵᠣᠯᠭᠠᠭᠤᠯᠬᠤ ᠠᠵᠢᠯᠯᠠᠭ᠎ᠠ ᠤᠯᠠᠭᠠᠨᠬᠠᠳᠠ ᠬᠤᠲᠠ ᠳᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠨᠢ ︽ᠪᠡᠭᠡᠵᠢᠩ ᠥᠪᠥᠷ ᠮᠣᠩᠭᠤᠯ ᠤᠨ ᠵᠠᠭᠤᠨ ᠠᠵᠤ ᠠᠬᠤᠶᠢᠯᠠᠯ ᠤᠨ ᠬᠠᠶᠢᠷ᠎ᠠ ᠰᠡᠳᠬᠢᠯᠭᠡ ᠦᠵᠡᠰᠬᠦᠯᠡᠩᠲᠦ ᠰᠠᠶᠢᠬᠠᠨ ᠤᠯᠠᠭᠠᠨᠬᠠᠳᠠ ᠶᠢᠨ ᠠᠶᠠᠯᠠᠯ︾ ᠢᠶᠠᠷ ᠭᠤᠣᠯ ᠰᠡᠳᠦᠪ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠠᠵᠢᠯ ᠪᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠢ ᠵᠣᠯᠭᠠᠭᠤᠯᠬᠤ ᠲᠠᠪᠴᠠᠩ ᠳᠤ ᠲᠦᠰᠢᠭᠯᠡᠨ᠂ ᠠᠵᠤ ᠦᠢᠯᠡᠰ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠤᠨ ᠪᠥᠬᠦ ᠲᠠᠯ᠎ᠠ᠂ ᠪᠥᠬᠦ ᠬᠦᠷᠢᠶ᠎ᠡ ᠴᠠᠷᠠᠭ᠎ᠠ᠂ ᠭᠦᠨ ᠲᠠᠰ ᠳᠠᠪᠬᠤᠷᠭ᠎ᠠ ᠶᠢᠨ ᠵᠣᠯᠭᠠᠯᠴᠠᠭ᠎ᠠ ᠶᠢ ᠲᠥᠪᠯᠡᠷᠡᠭᠦᠯᠦᠨ ᠥᠷᠨᠢᠭᠦᠯᠬᠦ ᠶᠢᠨ ᠲᠥᠯᠥᠭᠡ ᠶᠤᠮ᠃ 
111.jpg
       ᠲᠤᠰ ᠤᠳᠠᠭᠠᠨ ᠤ ᠠᠵᠢᠯᠯᠠᠭ᠎ᠠ ᠳᠤ ᠪᠡᠭᠡᠵᠢᠩ ᠤᠨ ᠲᠠᠷᠢᠶᠠᠯᠠᠩ ᠮᠠᠯ ᠠᠵᠤ ᠠᠬᠤᠢ᠂ ᠪᠡᠭᠡᠵᠢᠩ ᠤᠨ ᠵᠢᠭᠤᠯᠴᠢᠯᠠᠯ᠂ ᠱᠦᠨ ᠰᠢᠨ ᠲᠠᠷᠢᠶᠠᠯᠠᠩ᠂ ᠱᠢ ᠱᠠᠩ ᠬᠤᠪᠢ ᠡᠵᠡᠮᠳᠡᠬᠦ ᠵᠡᠷᠭᠡ ᠪᠡᠭᠡᠵᠢᠩ ᠤᠨ ᠲᠠᠷᠢᠶᠠᠯᠠᠩ ᠮᠠᠯ ᠠᠵᠤ ᠠᠬᠤ᠋᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠰᠣᠶᠣᠯ ᠵᠢᠭᠤᠯᠴᠢᠯᠠᠯ᠂ ᠡᠨᠧᠷᠭᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ 96 ᠴᠢᠨᠠᠷ ᠰᠠᠶᠢᠲᠠᠢ ᠠᠵᠤ ᠠᠬᠤᠶᠢᠯᠠᠯ ᠤᠨ 110 ᠭᠠᠷᠤᠢ ᠲᠥᠯᠥᠭᠡᠯᠡᠭᠴᠢ ᠶᠢ ᠤᠷᠢᠵᠠᠢ᠃ ᠪᠡᠭᠡᠵᠢᠩ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠣᠣ ᠯᠦᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠪᠡᠭᠡᠵᠢᠩ ᠬᠤᠲᠠ ᠶᠢᠨ ᠳᠣᠯᠣᠳᠤᠭᠠᠷ ᠪᠦᠯᠦᠭ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠥᠪᠥᠷ ᠮᠣᠩᠭᠤᠯ ᠤᠨ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠪᠦᠯᠬᠦᠮ ᠤᠨ ᠳᠠᠭᠠᠭᠤᠯᠤᠭᠴᠢ ᠭᠧ ᠵᠢᠶᠦ᠋ᠨ ᠺᠠᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠬᠠᠢ ᠱᠠᠨ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠨ ᠴᠤᠤ ᠴᠢ ᠵᠡᠷᠭᠡ ᠬᠤᠯᠪᠣᠭᠳᠠᠯ ᠪᠦᠬᠦᠢ ᠤᠳᠤᠷᠢᠳᠤᠯᠭ᠎ᠠ ᠣᠷᠣᠯᠴᠠᠵᠠᠢ᠃ ᠠᠵᠢᠯᠯᠠᠭ᠎ᠠ ᠶᠢᠨ ᠬᠤᠭᠤᠴᠠᠭᠠᠨ ᠳᠤ᠂ ᠠᠵᠤ ᠠᠬᠤᠶᠢᠯᠠᠯ ᠤᠨ ᠲᠥᠯᠥᠭᠡᠯᠡᠭᠴᠢᠳ ᠤᠯᠠᠭᠠᠨᠬᠠᠳᠠ ᠬᠤᠲᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠨᠢᠩᠴᠧᠩ ᠰᠢᠶᠠᠨ ᠤ ᠲᠦᠮᠡᠨ ᠮᠦ ᠣᠶ ᠵᠢᠮᠢᠰ ᠤᠨ ᠠᠵᠤ ᠦᠢᠯᠡᠰ ᠤᠨ ᠬᠦᠷᠢᠶᠡᠯᠡᠩ᠂ ᠵᠢᠩ ᠨᠧᠩ ︵ᠤᠯᠠᠭᠠᠨᠬᠠᠳᠠ︶ 11 ᠲᠦᠮᠡᠨ ᠺᠢᠯᠣᠸᠠᠲ  ᠤᠨ ᠬᠡᠷᠡᠯ ᠴᠡᠨᠡᠭ᠂ ᠯᠢᠨᠰᠢ ᠰᠢᠶᠠᠨ ᠤ ᠮᠦ ᠰᠢᠶᠠᠩ ᠶᠤᠸᠠᠨ ᠮᠢᠬᠠᠨ ᠤ ᠵᠦᠢᠯ ᠤᠨ ᠢᠳᠡᠭᠡᠨ ᠵᠡᠷᠭᠡ ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠤᠯᠠᠭᠠᠨᠬᠠᠳᠠ ᠬᠤᠲᠠ ᠵᠢᠴᠢ ᠡᠯ᠎ᠡ ᠬᠤᠯᠪᠣᠭᠳᠠᠯ ᠪᠦᠬᠦᠢ ᠬᠤᠰᠢᠭᠤ ᠰᠢᠶᠠᠨ ᠤ ᠵᠠᠰᠠᠭ ᠤᠨ ᠣᠷᠳᠣᠨ᠂ ᠠᠵᠤ ᠠᠬᠤᠶᠢᠯᠠᠯ ᠲᠠᠢ ᠣᠯᠠᠨ ᠤᠳᠠᠭ᠎ᠠ ᠭᠦᠨᠵᠡᠭᠡᠢ ᠵᠣᠯᠭᠠᠭᠤᠯᠬᠤ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃ ᠲᠤᠬᠠᠢ ᠶᠢᠨ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠠᠵᠤ ᠦᠢᠯᠡᠰ ᠢ ᠵᠣᠯᠭᠠᠭᠤᠯᠬᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠥᠷᠭᠡᠨ ᠢᠶᠠᠷ ᠰᠣᠯᠢᠯᠴᠠᠪᠠ᠃ 
222.jpg
       ᠸᠠᠩ ᠵᠤᠤ ᠯᠦᠩ ᠢᠯᠡᠷᠭᠡᠶᠢᠯᠡᠭᠰᠡᠨ ᠨᠢ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠲᠠᠰᠤᠷᠠᠯᠲᠠ ᠦᠭᠡᠢ ᠠᠬᠢᠭᠤᠯᠵᠤ᠂ ᠬᠤᠶᠠᠷ ᠭᠠᠵᠠᠷ ᠤᠨ ᠨᠡᠩ ᠥᠷᠭᠡᠨ ᠬᠦᠷᠢᠶ᠎ᠡ ᠴᠠᠷᠠᠭ᠎ᠠ᠂ ᠨᠡᠩ ᠭᠦᠨ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠪᠡᠭᠡᠵᠢᠩ ᠬᠤᠳᠠ ᠶᠢᠨ ᠬᠢᠨ ᠨᠡᠩ ᠤᠯᠠᠨ ᠠᠵᠤ ᠠᠬᠤᠶᠢᠯᠠᠯ ᠤᠨ ᠥᠪᠥᠷ ᠮᠣᠩᠭᠤᠯ ᠳᠤ ᠨᠤᠲᠤᠭᠰᠢᠬᠤ᠂ ᠤᠯᠠᠭᠠᠨᠬᠠᠳᠠ ᠬᠤᠳᠠ ᠳᠤ ᠨᠤᠲᠤᠭᠰᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃      ᠬᠠᠢ ᠱᠠᠨ ᠤ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ  ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠬᠢᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠵᠢᠴᠢ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠮᠠᠰᠢ ᠣᠯᠠᠨ ᠦᠨ᠎ᠡ ᠴᠠᠨ᠎ᠠ ᠲᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠡᠯ᠎ᠡ ᠲᠥᠷᠥᠯ ᠤᠨ ᠠᠵᠤ ᠠᠬᠤᠶᠢᠯᠠᠯ ᠤᠨ ᠪᠡᠯᠡ ᠣᠷᠣᠭᠤᠯᠤᠨ ᠦᠢᠯᠡᠰ ᠪᠣᠰᠬᠠᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠬᠦᠴᠦᠯᠡᠨ ᠡᠭᠦᠳᠴᠦ ᠪᠤᠢ᠂ ᠪᠡᠭᠡᠵᠢᠩ ᠬᠤᠲᠠ ᠶᠢᠨ ᠠᠵᠤ ᠠᠬᠤᠶᠢᠯᠠᠯ ᠤᠨ ᠥᠪᠥᠷ ᠮᠣᠩᠭᠤᠯ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠡᠢ᠃ 
333.png
       ᠬᠠᠢ ᠱᠠᠨ ᠢᠯᠡᠷᠬᠡᠶᠢᠯᠡᠭᠰᠡᠨ ᠨᠢ᠂ ᠶᠡᠷᠦᠩᠬᠡᠢ ᠱᠦᠵᠢ ᠰᠢ ᠶᠢᠨ ᠫᠢᠩ ᠳᠥᠷᠪᠡ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ᠂ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠡᠵᠡᠮᠳᠡᠵᠦ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠥᠪᠥᠷ ᠮᠣᠩᠭᠤᠯ ᠤᠨ ︽ᠰᠢᠨ᠎ᠡ ᠵᠠᠮ ᠢᠶᠠᠷ ᠵᠠᠮᠨᠠᠵᠤ᠂ ᠳᠤᠮᠳᠠᠳᠤ ᠤᠯᠤᠰ ᠤᠨ ᠵᠢᠭᠤᠯᠴᠢᠯᠠᠯ ᠢ ᠠᠬᠢᠭᠤᠯᠬᠤ︾ ᠢᠲᠡᠭᠡᠯ ᠵᠣᠷᠢᠭ ᠢ ᠨᠠᠩ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃ ᠪᠡᠭᠡᠵᠢᠩ ᠵᠡᠷᠭᠡ ᠭᠠᠵᠠᠷ ᠤᠨ ᠠᠵᠤ ᠠᠬᠤᠶᠢᠯᠠᠯᠲᠠᠳ ᠠᠵᠠ ᠲᠣᠬᠢᠶᠠᠯ ᠢ ᠠᠮᠵᠢᠨ᠂ ᠥᠪᠥᠷ ᠮᠣᠩᠭᠤᠯ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠬᠦᠰᠡᠵᠦ ᠪᠠᠶᠢᠨ᠎ᠠ᠂ ᠥᠪᠥᠷ ᠮᠣᠩᠭᠤᠯ ᠵᠣᠬᠢᠴᠠᠭᠤᠯᠤᠨ ᠦᠢᠯᠡᠴᠢᠯᠡᠬᠦ ᠠᠵᠢᠯ ᠢᠶᠠᠨ ᠦᠨᠡᠨᠴᠢ ᠪᠠᠷ ᠰᠠᠶᠢᠲᠤᠷ ᠬᠢᠨ᠎ᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠡᠭᠡᠵᠢᠩ ᠥᠪᠥᠷ ᠮᠣᠩᠭᠤᠯ ᠤᠨ ᠠᠵᠤ ᠦᠢᠯᠡᠰ ᠢ ᠵᠣᠯᠭᠠᠭᠤᠯᠬᠤ ᠲᠠᠪᠴᠠᠩ ᠤᠨ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠶᠠᠷ ᠭᠠᠵᠠᠷ ᠢ ᠬᠤᠯᠪᠣᠬᠤ᠂ ᠬᠤᠶᠠᠷ ᠭᠠᠵᠠᠷ ᠤᠨ ᠠᠵᠤ ᠠᠬᠤᠶᠢᠯᠠᠯ ᠳᠤ ᠦᠢᠯᠡᠴᠢᠯᠡᠬᠦ ᠦᠢᠯᠡᠳᠦᠯ ᠢ ᠪᠠᠳᠠᠷᠠᠭᠤᠯᠵᠤ᠂ ᠵᠣᠬᠢᠴᠠᠭᠤᠯᠤᠨ ᠦᠢᠯᠡᠴᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠩ ᠣᠯᠠᠨ ᠲᠥᠷᠥᠯ ᠵᠦᠢᠯ ᠥᠪᠥᠷ ᠮᠣᠩᠭᠤᠯ ᠳᠤ ᠰᠠᠭᠤᠷᠢᠰᠢᠬᠤ ᠶᠢ ᠠᠬᠢᠭᠤᠯᠵᠤ᠂ ᠶᠡᠭᠡ ᠬᠠᠮᠲᠤᠷᠠᠯᠴᠠᠭ᠎ᠠ ᠶᠢ ᠪᠡᠶᠡᠯᠡᠭᠦᠯᠵᠦ ᠶᠡᠭᠡ ᠬᠥᠭᠵᠢᠯᠲᠡ ᠶᠢ ᠠᠬᠢᠭᠤᠯᠵᠤ᠂ ᠶᠡᠭᠡ ᠬᠥᠭᠵᠢᠯᠲᠡ ᠪᠠᠷ ᠶᠡᠭᠡ ᠦᠰᠦᠷᠦᠯᠲᠡ ᠶᠢ ᠳᠠᠭᠠᠭᠤᠯᠤᠨ ᠠᠬᠢᠭᠤᠯᠤᠨ᠎ᠠ ᠭᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号