ᠪᠥᠬᠦ ᠤᠯᠤᠰ ᠤᠨ ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠣᠯᠪᠠᠰᠤᠷᠠᠭᠤᠯᠤᠯ ᠤᠨ ᠠᠩᠭᠢ ᠰᠢᠯᠢ ᠶᠢᠨ ᠭᠤᠣᠯ ᠠᠶᠢᠮᠠᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2024/6/21
1111.png
       6 ᠰᠠᠷ᠎ᠠ ᠶᠢᠨ 19  ᠤ ᠡᠳᠦᠷ ᠠᠴᠠ 20 ᠤ ᠡᠳᠦᠷ ᠪᠣᠯᠲᠠᠯ᠎ᠠ᠂ 2024 ᠣᠨ ᠤ ᠪᠦᠬᠦ ᠤᠯᠤᠰ ᠤᠨ ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠣᠯᠪᠠᠰᠤᠷᠠᠭᠤᠯᠤᠯ ᠤᠨ ᠠᠩᠭᠢ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠲᠤ ᠶᠠᠪᠤᠭᠳᠠᠪᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠣᠪᠴᠢᠶ᠎ᠠ ᠶᠢᠨ ᠳᠡᠳ᠋ ᠳᠠᠷᠤᠭ᠎ᠠ ᠰᠢᠨ ᠭᠦᠸᠧ ᠴᠠᠩ ᠪᠣᠯᠪᠠᠰᠤᠷᠠᠭᠤᠯᠤᠯ ᠤᠨ ᠠᠩᠭᠢ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠪᠣᠯᠪᠠᠰᠤᠷᠠᠭᠤᠯᠤᠯ ᠤᠨ ᠠᠩᠭᠢ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ 
2222.png
       ᠲᠣᠰ ᠤᠳᠠᠭᠠᠨ ᠤ ᠪᠣᠯᠪᠠᠰᠤᠷᠠᠭᠤᠯᠤᠯ ᠳᠤ ᠲᠤᠰᠬᠠᠢ ᠰᠡᠳᠦᠪᠲᠦ ᠲᠠᠶᠢᠯᠤᠮᠵᠢ ᠬᠢᠬᠦ᠂ ᠲᠤᠬᠠᠢ ᠶᠢᠨ ᠲᠠᠯᠠᠪᠤᠷ  ᠲᠤᠨᠢ ᠲᠣᠭᠤᠷᠢᠨ ᠦᠵᠡᠬᠦ ᠪᠠ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠪᠣᠯᠪᠠᠰᠤᠷᠠᠭᠤᠯᠤᠯ ᠬᠢᠪᠡ᠃ ᠪᠣᠯᠪᠠᠰᠤᠷᠠᠭᠤᠯᠤᠯ ᠤᠨ ᠬᠤᠭᠤᠴᠠᠭᠠᠨ ᠳᠤ᠂ ᠲᠥᠯᠥᠭᠡᠯᠡᠭᠴᠢᠳ ᠰᠢᠯᠢᠩᠬᠤᠲᠠ ᠶᠢᠨ ᠢᠯᠢ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠮᠦ ᠷᠧᠨ ᠨᠠᠢ ᠸᠠ ᠸᠠ ᠶᠢᠨ ᠬᠢᠵᠠᠭᠠᠷᠲᠤ ᠺᠣᠮᠫᠠᠨᠢ᠂ ᠱᠸᠦ ᠹᠠᠩ ᠴᠠᠭᠠᠨ ᠢᠳᠡᠭᠡᠨ ᠤ ᠬᠦᠷᠢᠶᠡᠯᠡᠩ ᠲᠣᠭᠤᠷᠢᠭ ᠲᠤ ᠬᠦᠷᠴᠦ᠂ ᠲᠡᠵᠢᠭᠡᠨ ᠦᠷᠡᠵᠢᠭᠦᠯᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠦᠭᠰᠡᠨ ᠨᠡᠶᠢᠲᠡᠯᠢᠭ ᠵᠠᠭᠪᠤᠷ ᠤᠨ ᠲᠤᠬᠠᠢ ᠶᠢᠨ ᠲᠠᠯᠠᠪᠤᠷ ᠲᠤ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠪᠠ᠃ ᠭᠡᠷ ᠳᠣᠲᠣᠷᠠᠬᠢ ᠪᠣᠯᠪᠠᠰᠤᠷᠠᠭᠤᠯᠤᠯ ᠳᠤ᠂ ᠪᠦᠬᠦ ᠤᠯᠤᠰ ᠤᠨ ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠵᠢᠴᠢ ᠭᠤᠣᠯᠳᠠᠯᠭ᠎ᠠ ᠲᠠᠢ ᠠᠵᠢᠯ᠂ ᠰᠦ ᠶᠢᠨ ᠦᠢᠯᠡᠰ ᠤᠨ ᠰᠢᠯᠵᠢᠭᠦᠯᠦᠨ ᠥᠭᠬᠦ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠵᠡᠷᠭᠡ ᠳᠤ ᠨᠠᠷᠢᠨ ᠲᠠᠶᠢᠯᠤᠮᠵᠢ ᠬᠢᠪᠡ᠃ ᠲᠥᠯᠥᠭᠡᠯᠡᠭᠴᠢᠳ ︽ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠲᠦᠭᠦᠬᠡᠢ ᠰᠢᠨ᠎ᠡ ᠰᠦ ᠬᠤᠳᠠᠯᠳᠤᠨ ᠠᠪᠬᠤ ᠪᠠ ᠪᠣᠷᠣᠯᠠᠭᠤᠯᠬᠤ ᠡᠮᠬᠢ ᠳᠢᠭᠯᠢᠮ ᠢ ᠲᠣᠭᠲᠠᠪᠤᠷᠢᠵᠢᠭᠤᠯᠬᠤ᠂ ᠦᠢᠯᠡᠳᠪᠦᠷᠢᠯᠡᠬᠦ ᠡᠳ᠋ᠰᠢᠭᠦᠯᠬᠦ ᠪᠣᠷᠣᠯᠠᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ︾ ᠭᠡᠬᠦ ᠭᠤᠣᠯ ᠰᠡᠳᠦᠪ ᠤᠨ ᠲᠣᠭᠤᠷᠢᠨ ᠳᠤ ᠳᠤᠭᠤᠶᠢᠯᠠᠩ ᠬᠤᠪᠢᠶᠠᠨ ᠶᠠᠷᠢᠯᠴᠠᠪᠠ᠃ 
3333.png
       ᠰᠤᠷᠤᠭᠴᠢᠳ ᠠᠴᠠ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠠᠩᠭᠢ ᠶᠢᠨ ᠠᠭᠤᠯᠭ᠎ᠠ ᠨᠢ ᠪᠠᠶᠠᠯᠢᠭ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠢᠯᠡᠳᠬᠡᠵᠡᠭᠡᠪᠡ᠃
4444.png
       ᠪᠣᠯᠪᠠᠰᠤᠷᠠᠭᠤᠯᠤᠯ ᠠᠴᠠ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠤᠨ  ᠬᠢᠨ ᠶᠡᠷᠦᠩᠬᠡᠢ ᠱᠦᠵᠢ ᠰᠢ ᠶᠢᠨ ᠫᠢᠩ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠦ ᠶᠢᠨ ᠦᠢᠯᠡᠰ ᠤᠨ ᠬᠥᠭᠵᠢᠯᠲᠡ ᠶᠢ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠰᠦ ᠶᠢᠨ ᠠᠵᠤ ᠦᠢᠯᠡᠰ ᠤᠨ ᠲᠤᠭ᠎ᠠ ᠬᠡᠮᠵᠢᠶ᠎ᠡ ᠶᠢ ᠥᠷᠭᠡᠳᠬᠡᠬᠦ ᠠᠴᠠ ᠶᠠᠰᠤ ᠴᠢᠨᠠᠷ ᠢ ᠬᠤᠪᠢᠷᠠᠭᠤᠯᠤᠨ ᠲᠠᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ︽ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ︽ᠨᠢᠭᠡ ᠰᠠᠭᠤᠷᠢ ᠡᠪᠡᠰᠦ ᠠᠴᠠ ᠨᠢᠭᠡ ᠴᠣᠮᠣ ᠰᠦ ᠬᠦᠷᠲᠡᠯ᠎ᠡ᠂ ᠳᠠᠬᠢᠨ ᠨᠢᠭᠡ ᠬᠡᠰᠡᠭ ᠪᠢᠰᠢᠯᠠᠭ ᠪᠣᠯᠲᠠᠯ᠎ᠠ︾ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠠᠶᠢᠭᠤᠯᠪᠠ᠃ ᠰᠠᠭᠠᠯᠢ ᠶᠢᠨ ᠦᠨᠢᠶ᠎ᠡ ᠶᠢᠨ ᠲᠤᠭ᠎ᠠ᠂ ᠦᠨᠢᠶᠡᠨ ᠰᠦ ᠶᠢᠨ ᠭᠠᠷᠤᠯᠲᠠ᠂ ᠴᠠᠭᠠᠨ ᠢᠳᠡᠭᠡᠨ ᠤ ᠭᠠᠷᠤᠯᠲᠠ ᠴᠥᠮ ᠪᠦᠬᠦ ᠤᠯᠤᠰ ᠤᠨ ᠲᠡᠷᠢᠭᠦᠨ ᠪᠠᠶᠢᠷᠢᠨ ᠳᠤ ᠲᠣᠭᠲᠠᠭᠤᠨ ᠢᠶᠠᠷ ᠣᠷᠣᠬᠤ ᠶᠢᠨ ᠬᠠᠮᠲᠤ ᠂ ᠤᠯᠤᠰ ᠤᠨ ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠡᠮᠵᠢᠬᠦ ᠲᠥᠯᠥᠪᠯᠡᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠣᠷᠣᠨ ᠤ 395 ᠲᠦᠭᠦᠭᠡᠢ ᠰᠢᠨ᠎ᠡ ᠰᠦ ᠬᠤᠳᠠᠯᠳᠤᠨ ᠠᠪᠬᠤ ᠦᠷᠳᠡᠭᠡ ᠪᠠ 799 ᠲᠡᠭᠡᠭᠡᠪᠦᠷᠢ ᠶᠢᠨ ᠲᠡᠷᠭᠡ ᠶᠢ ᠪᠦᠷᠢᠨ ᠪᠦᠷᠬᠦᠭᠦᠯᠵᠦ ᠬᠢᠨᠠᠨ ᠬᠠᠮᠢᠶᠠᠷᠬᠤ ᠶᠢ ᠪᠡᠶᠡᠯᠡᠭᠦᠯᠪᠡ᠃ ᠣᠨᠴᠠᠯᠢᠭᠲᠤ ᠰᠦ ᠶᠢᠨ ᠰᠢᠮ᠎ᠡ ᠲᠡᠵᠢᠭᠡᠯ ᠤᠨ ᠶᠠᠰᠤ ᠴᠢᠨᠠᠷ ᠤᠨ ᠦᠨᠡᠯᠡᠯᠲᠡ ᠪᠠ ᠠᠶᠤᠯ ᠲᠦᠭᠰᠢᠭᠦᠷᠢ ᠶᠢ ᠬᠢᠨᠠᠨ ᠬᠡᠮᠵᠢᠬᠦ ᠠᠵᠢᠯ ᠢ ᠪᠠᠶᠢᠷᠢᠯᠠᠭᠤᠯᠤᠨ ᠥᠷᠨᠢᠭᠦᠯᠵᠦ᠂ ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ ᠭᠡᠵᠡᠢ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠥᠪᠥᠷ ᠮᠣᠩᠭᠤᠯ ᠤᠨ  ᠬᠢᠨ ᠤᠯᠤᠰ ᠤᠨ ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠤ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠲᠡᠷᠢᠭᠦᠨ ᠤ ᠣᠶᠢᠯᠠᠭᠠᠭᠳᠠᠬᠤᠨ᠂ ᠲᠡᠷᠢᠭᠦᠨ ᠤ ᠮᠡᠷᠭᠡᠵᠢᠯ᠂ ᠲᠡᠷᠢᠭᠦᠨ ᠤ ᠦᠷ᠎ᠡ ᠪᠦᠲᠦᠭᠡᠯ ᠢ ᠰᠤᠷᠤᠯᠴᠠᠨ ᠲᠣᠯᠢᠯᠠᠵᠤ᠂ ᠡᠯ᠎ᠡ ᠵᠦᠢᠯ ᠤᠨ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠲᠦᠭᠦᠬᠡᠢ ᠰᠢᠨ᠎ᠡ ᠰᠦ ᠶᠢᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠨ᠂ ᠪᠥᠬᠦ ᠤᠯᠤᠰ ᠤᠨ ᠠᠷᠠᠳ ᠲᠦᠮᠡᠨ ᠳᠤ ᠨᠠᠩ ᠣᠯᠠᠨ ᠡᠷᠡᠭᠦᠯ ᠰᠠᠶᠢᠬᠠᠨ ᠴᠠᠭᠠᠨ ᠢᠳᠡᠭᠡ ᠬᠠᠩᠭᠠᠬᠤ ᠪᠣᠯᠣᠨ᠎ᠠ᠃
5555.png
       ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠣᠪᠴᠢᠶ᠎ᠠ᠂ ᠪᠥᠬᠦ ᠤᠯᠤᠰ ᠤᠨ ᠮᠠᠯ ᠠᠵᠤ ᠠᠬᠤᠢ ᠶᠢᠨ ᠶᠡᠷᠦᠩᠬᠡᠢ ᠥᠷᠲᠡᠭᠡ᠂ ᠡᠯ᠎ᠡ ᠮᠤᠵᠢ ᠬᠤᠲᠠ ᠣᠷᠣᠨ ᠤ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠮᠠᠯ ᠠᠵᠤ ᠠᠬᠤᠢ ︵ᠰᠦ ᠶᠢᠨ ᠦᠢᠯᠡᠰ︶ ᠶᠢᠨ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠨᠡᠶᠢᠲᠡ 60 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号