ᠪᠠᠶᠠᠨᠨᠠᠭᠤᠷ ᠬᠤᠲᠠ ︽ᠴᠢᠬᠢ ᠦᠵᠡᠵᠦ ᠦᠷ᠎ᠡ ᠰᠣᠩᠭᠤᠬᠤ︾ ᠶᠡᠷᠦᠩᠬᠡᠶᠢᠯᠡᠭᠰᠡᠨ ᠲᠠᠪᠴᠠᠩ ᠤᠨ ᠨᠡᠷᠡᠨ ᠬᠤᠸᠠᠷ ᠢ ᠰᠢᠯᠵᠢᠭᠦᠯᠦᠨ ᠵᠠᠶᠢᠯᠠᠵᠤ ᠰᠠᠭᠤᠷᠢᠰᠢᠭᠤᠯᠬᠤ ᠠᠵᠢᠯ ᠢ ᠡᠮᠬᠢ ᠵᠢᠷᠤᠮ ᠲᠠᠢ ᠦᠷᠨᠢᠭᠦᠯᠵᠦ ᠪᠤᠢ
ᠨᠡᠶᠢᠲᠡᠯᠡᠭᠰᠡᠨ ᠴᠠᠭ᠄
2024/6/21
      ᠣᠶᠢᠷ᠎ᠠ ᠳᠤ᠂ ᠪᠠᠶᠠᠨᠨᠠᠭᠤᠷ ᠬᠤᠲᠠ ︽ᠴᠢᠬᠢ ᠦᠵᠡᠵᠦ ᠦᠷ᠎ᠡ ᠰᠣᠩᠭᠤᠬᠤ︾ ᠶᠡᠷᠦᠩᠬᠡᠶᠢᠯᠡᠭᠰᠡᠨ ᠲᠠᠪᠴᠠᠩ ᠤᠨ ᠰᠠᠭᠤᠷᠢᠨ ᠭᠠᠵᠠᠷ ᠲᠤ ᠶᠠᠭᠠᠷᠠᠯᠲᠠᠢ ᠪᠠᠶᠢᠳᠠᠯ ᠢᠯᠡᠷᠡᠵᠦ᠂ ᠨᠡᠷᠡᠨ ᠬᠤᠸᠠᠷ ᠤᠨ ᠦᠷ᠎ᠡ ᠴᠢᠬᠢ ᠰᠢᠯᠵᠢᠭᠦᠯᠦᠨ ᠵᠠᠶᠢᠯᠠᠵᠤ ᠰᠠᠭᠤᠷᠢᠰᠢᠭᠤᠯᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ᠃ 
图片1.png
       ᠡᠨᠡ ᠵᠢᠯ᠂ ᠪᠠᠶᠠᠨᠨᠠᠭᠤᠷ ᠬᠤᠲᠠ ᠶᠢᠨ ︽ᠴᠢᠬᠢ ᠦᠵᠡᠵᠦ ᠦᠷ᠎ᠡ ᠰᠣᠩᠭᠤᠬᠤ︾ ᠶᠡᠷᠦᠩᠬᠡᠶᠢᠯᠡᠭᠰᠡᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠶ  ᠨᠢ 512 ᠮᠦ᠂ ᠵᠢᠱᠢᠶ᠎ᠡ ᠦᠵᠡᠭᠦᠯᠬᠦ ᠡᠷᠳᠡᠨᠢ ᠰᠢᠰᠢ᠂ ᠨᠡᠷᠡᠨ ᠬᠤᠸᠠᠷ᠂ ᠯᠠᠵᠤᠤ ᠶᠢᠨ ᠡᠭᠦᠯᠳᠡᠷ ᠢ 74 ᠳᠡᠯᠭᠡᠨ ᠦᠵᠡᠭᠦᠯᠵᠦ᠂ ᠡᠭᠦᠨ ᠳᠤ ᠨᠡᠷᠡᠨ ᠬᠤᠸᠠᠷ ᠤᠨ ᠡᠭᠦᠯᠳᠡᠷ 24 ᠵᠦᠢᠯ᠂ ᠲᠠᠯᠠᠪᠠᠶ  ᠨᠢ 54 ᠮᠦ ᠪᠠᠶᠢᠵᠤ᠂ ᠵᠢᠱᠢᠶ᠎ᠡ ᠦᠵᠡᠭᠦᠯᠦᠨ ᠦᠨᠡᠯᠡᠬᠦ  ᠡᠭᠦᠯᠳᠡᠷ 2 ᠵᠦᠢᠯ᠂ ᠲᠠᠯᠠᠪᠠᠶ  ᠨᠢ 78 ᠮᠦ ᠮᠦᠷᠳᠡᠪᠡ᠃ ᠣᠳᠣᠬᠠᠨ ᠳᠤ᠂ ᠨᠢᠭᠡᠨᠲᠡ ᠳᠠᠷᠢᠵᠤ ᠰᠠᠭᠤᠷᠢᠰᠢᠭᠤᠯᠤᠭᠰᠠᠨ ᠡᠷᠳᠡᠨᠢ ᠰᠢᠰᠢ᠂ ᠯᠠᠵᠤᠤ ᠶᠢᠨ ᠤᠷᠭᠤᠴᠠ ᠰᠠᠶᠢᠨ ᠪᠠᠶᠢᠨ᠎ᠠ᠃      ᠨᠡᠷᠡᠨ ᠬᠤᠸᠠᠷ ᠤᠨ ᠪᠦᠬᠦᠨ ᠢᠶᠠᠷ ᠢᠶᠠᠨ ᠴᠢᠬᠢᠯᠡᠬᠦ ᠶᠢ ᠦᠨᠡᠨ ᠬᠦ ᠪᠠᠲᠤᠯᠠᠵᠤ᠂ ᠴᠢᠨᠠᠷ ᠰᠠᠶᠢᠲᠠᠢ᠂ ᠤᠨᠠᠯᠲᠠ ᠥᠨᠳᠥᠷ᠂ ᠡᠰᠡᠷᠭᠦᠴᠡᠬᠦ ᠴᠢᠳᠠᠯ ᠢᠶᠠᠷ ᠴᠢᠩᠭ᠎ᠠ᠂ ᠲᠤᠬᠠᠢ ᠶᠢᠨ ᠭᠠᠵᠠᠷ ᠲᠤ ᠲᠣᠬᠢᠷᠠᠬᠤ ᠳᠠᠪᠠᠭᠤᠯᠢᠭ ᠨᠡᠷᠡᠨ ᠬᠤᠸᠠᠷ ᠤᠨ ᠭᠤᠣᠯᠯᠠᠬᠤ ᠡᠭᠦᠯᠳᠡᠷ ᠢ ᠰᠣᠩᠭᠤᠨ ᠭᠠᠷᠭᠠᠬᠤ ᠶᠢᠨ ᠲᠥᠯᠥᠭᠡ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠰᠠᠯᠠᠭ᠎ᠠ ᠮᠥᠴᠢᠷ ᠨᠢ ︽ᠨᠢᠭᠡᠳᠦᠯᠲᠡᠢ ᠡᠭᠦᠯᠳᠡᠷ᠂ ᠨᠢᠭᠡᠳᠦᠯᠲᠡᠢ ᠴᠢᠬᠢ ᠪᠣᠶᠢᠵᠢᠭᠤᠯᠬᠤ᠂ ᠨᠢᠭᠡᠳᠦᠯᠲᠡᠢ ᠪᠣᠷᠳᠣᠭᠤᠷ ᠣᠷᠣᠭᠤᠯᠬᠤ᠂ ᠨᠢᠭᠡᠳᠦᠯᠲᠡᠢ ᠰᠢᠯᠵᠢᠭᠦᠯᠦᠨ ᠵᠠᠶᠢᠯᠠᠬᠤ᠂ ᠨᠢᠭᠡᠳᠦᠯᠲᠡᠢ ᠬᠠᠮᠢᠶᠠᠷᠬᠤ︾ ᠶᠢᠨ ︽ᠲᠠᠪᠤ ᠶᠢ ᠨᠢᠭᠡᠳᠦᠯᠲᠡᠢ ᠪᠠᠶᠢᠯᠭᠠᠬᠤ︾ ᠰᠠᠭᠤᠷᠢᠨ ᠳᠡᠭᠡᠷ᠎ᠡ᠂ ᠪᠦᠷᠬᠦᠪᠴᠢ ᠪᠦᠷᠬᠦᠭᠰᠡᠨ ᠤ ᠳᠠᠷᠠᠭ᠎ᠠ ᠬᠥᠮᠥᠨ ᠤ ᠬᠦᠴᠦ ᠪᠠᠷ ᠰᠢᠯᠵᠢᠭᠦᠯᠦᠨ ᠵᠠᠶᠢᠯᠠᠬᠤ ᠶᠢᠨ ᠬᠠᠮᠲᠤ ᠨᠡᠷᠡᠨ ᠬᠤᠸᠠᠷ ᠤᠨ ᠠᠷᠠᠴᠢᠯᠠᠨ ᠰᠡᠷᠭᠦᠭᠡᠬᠦ ᠮᠡᠷᠭᠡᠵᠢᠯ᠂ ᠨᠡᠷᠡᠨ ᠬᠤᠸᠠᠷ ᠤᠨ ᠮᠦᠷ ᠢ ᠥᠷᠭᠡᠳᠬᠡᠨ ᠨᠢᠭᠲᠠᠴᠠ ᠶᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠷᠢᠵᠤ ᠪᠣᠶᠢᠵᠢᠭᠤᠯᠬᠤ ᠮᠡᠷᠭᠡᠵᠢᠯ ᠵᠢᠴᠢ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠮᠡᠷᠭᠡᠵᠢᠯ ᠲᠠᠢ ᠤᠶᠠᠯᠳᠤᠭᠤᠯᠤᠨ᠂ ᠲᠠᠷᠢᠮᠠᠯ ᠤᠨ ᠶᠠᠰᠤ ᠴᠢᠨᠠᠷ ᠬᠢᠭᠡᠳ ᠦᠷ᠎ᠡ ᠪᠦᠲᠦᠮᠵᠢ ᠶᠢ ᠪᠠᠲᠤᠯᠠᠵᠤ᠂ ᠰᠠᠶᠢᠨ ᠡᠭᠦᠯᠳᠡᠷ ᠪᠠ ᠰᠠᠶᠢᠨ ᠠᠷᠭ᠎ᠠ ᠶᠢ ᠬᠠᠮᠲᠤ ᠪᠠᠷ ᠠᠬᠢᠭᠤᠯᠬᠤ ᠶᠢ ᠢᠮᠠᠭᠲᠠ ᠪᠠᠷᠢᠮᠳᠠᠯᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠰᠠᠯᠠᠭ᠎ᠠ ᠮᠥᠴᠢᠷ  ᠨᠢ ︽ᠴᠢᠬᠢ ᠦᠵᠡᠵᠦ ᠦᠷ᠎ᠡ ᠰᠣᠩᠭᠤᠬᠤ︾ ᠶᠡᠷᠦᠩᠬᠡᠶᠢᠯᠡᠭᠰᠡᠨ ᠲᠠᠪᠴᠠᠩ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠪᠥᠬᠦ ᠶᠠᠪᠤᠴᠠ ᠳᠤ ᠮᠥᠷᠳᠡᠬᠦ᠂ ᠴᠠᠭ ᠲᠤᠬᠠᠢ ᠳᠤᠨᠢ ᠲᠡᠮᠳᠡᠭᠯᠡᠬᠦ᠂ ᠶᠡᠷᠦᠩᠬᠡᠶᠢᠯᠡᠨ ᠦᠨᠡᠯᠡᠬᠦ ᠶᠢ ᠪᠡᠶᠡᠯᠡᠭᠦᠯᠦᠨ᠎ᠡ᠃ ᠪᠣᠳᠠᠲᠤ ᠪᠠᠶᠢᠳᠠᠯ ᠪᠣᠯᠣᠨ ᠲᠠᠷᠢᠮᠠᠯ ᠤᠨ ᠲᠠᠷᠢᠶᠠᠨ ᠤ ᠢᠯᠡᠷᠡᠯ ᠲᠠᠢ ᠤᠶᠠᠯᠳᠤᠭᠤᠯᠤᠨ᠂ ᠦᠷᠡᠵᠢᠯ ᠤᠨ ᠵᠠᠩᠭᠢᠯᠠᠭ᠎ᠠ ᠶᠢᠨ ᠬᠤᠭᠤᠴᠠᠭ᠎ᠠ᠂ ᠬᠤᠷᠢᠶᠠᠯᠲᠠ ᠶᠢᠨ ᠬᠤᠭᠤᠴᠠᠭᠠᠨ ᠳᠤ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠴᠤᠭᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠰᠢᠭᠯᠠᠨ᠂ ᠣᠯᠠᠨ ᠳᠡᠰ ᠳᠠᠪᠬᠤᠷᠭ᠎ᠠ᠂ ᠣᠯᠠᠨ ᠠᠷᠭ᠎ᠠ ᠵᠠᠮ ᠢᠶᠠᠷ ᠶᠡᠬᠡᠪᠡᠷ ᠤᠬᠠᠭᠤᠯᠤᠨ ᠳᠡᠯᠭᠡᠷᠡᠭᠦᠯᠵᠦ᠂ ᠴᠢᠭ ᠪᠠᠶᠢᠭᠤᠯᠤᠨ ᠵᠢᠱᠢᠶ᠎ᠡ ᠦᠵᠡᠭᠦᠯᠬᠦ᠂ ᠴᠢᠭ ᠢᠶᠠᠷ ᠨᠡᠶᠢᠳᠡᠮ ᠢ ᠳᠠᠶᠢᠴᠢᠯᠠᠬᠤ ᠪᠠᠷ ᠳᠠᠮᠵᠢᠭᠤᠯᠤᠨ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠳᠤ ᠬᠡᠷᠡᠭᠯᠡᠬᠦ ᠦᠷ᠎ᠡ ᠶᠢᠨ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号