ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠤᠭᠴᠠ ᠶᠢᠨ ᠬᠠᠪᠰᠤᠷᠤᠨ ᠵᠢᠯᠤᠭᠤᠳᠤᠭᠴᠢ ᠶᠢᠨ ᠪᠣᠯᠪᠠᠰᠤᠷᠠᠭᠤᠯᠤᠯ ᠤᠨ ᠠᠩᠭᠢ ︵ᠪᠠᠷᠠᠭᠤᠨ ᠬᠡᠰᠡᠭ ᠤᠨ ᠭᠠᠵᠠᠷ ᠣᠷᠣᠨ︶ ᠪᠤᠭᠤᠲᠤ ᠬᠤᠲᠠ ᠳᠤ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/6/21
      6 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ︽ᠲᠠᠷᠢᠶᠠᠯᠠᠭᠴᠢᠳ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ︾ ᠶᠢᠨ ᠪᠥᠬᠦ ᠣᠷᠣᠨ ᠤ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠠᠪᠰᠤᠷᠤᠨ ᠵᠢᠯᠣᠭᠤᠳᠤᠭᠴᠢ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ︵ᠪᠠᠷᠠᠭᠤᠨ ᠬᠡᠰᠡᠭ ᠤᠨ ᠭᠠᠵᠠᠷ ᠣᠷᠣᠨ︶ ᠪᠤᠭᠤᠲᠤ ᠬᠤᠲᠠ ᠳᠤ ᠰᠤᠷᠤᠯᠭ᠎ᠠ ᠡᠬᠢᠯᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠢ ᠪᠣᠯ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠤᠷᠰᠢᠭᠰᠠᠨ ᠠᠵᠤ ᠠᠬᠤᠢ ᠶᠢᠨ ᠵᠢᠯᠤᠭᠤᠳᠬᠤ ᠵᠤᠷᠭᠠᠨ ᠤ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠭᠤᠣᠯᠯᠠᠨ ᠡᠷᠭᠢᠯᠡᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠮᠢᠶᠠᠷᠤᠯᠲᠠ ᠶᠢᠨ ᠺᠠᠳ᠋ᠷ ᠤᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠬᠠᠮᠵᠢᠯᠴᠠᠨ ᠡᠷᠭᠢᠯᠡᠵᠦ᠂ ᠱᠧᠨᠵᠧᠨ ᠬᠤᠲᠠ ᠶᠢᠨ ᠲᠧᠩ ᠰᠢᠶᠦ᠋ᠨ ᠺᠣᠮᠫᠢᠦ᠋ᠲ᠋ᠧᠷ ᠤᠨ ᠰᠢᠰᠲ᠋ᠧᠮ ᠤᠨ ᠬᠢᠵᠠᠭᠠᠷᠲᠤ ᠺᠣᠮᠫᠠᠨᠢ ᠪᠥᠬᠦ ᠲᠤᠭ᠎ᠠ ᠪᠠᠷ ᠳᠡᠮᠵᠢᠨ ᠬᠡᠷᠡᠭᠵᠢᠭᠦᠯᠵᠦ ᠪᠠᠶᠢᠭ᠎ᠠ ᠶᠤᠮ᠃ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ 7 ᠠᠶᠢᠮᠠᠭ ᠬᠤᠲᠠ ᠶᠢᠨ 100 ᠭᠠᠷᠤᠢ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠠᠪᠰᠤᠷᠤᠨ ᠵᠢᠯᠣᠭᠤᠳᠤᠭᠴᠢ ᠪᠣᠯᠪᠠᠰᠤᠷᠠᠭᠤᠯᠤᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠶᠡᠷᠦᠩᠬᠡᠢ ᠠᠵᠤ ᠠᠬᠤᠶᠢᠴᠢ ᠯᠢ ᠵᠢᠶᠦ᠋ᠨ᠂ ᠥᠭᠡᠷᠡᠴᠢᠯᠡᠯᠲᠡ ᠶᠢᠨ ᠬᠠᠮᠲᠤᠷᠠᠯᠴᠠᠭᠠᠨ ᠤ ᠭᠠᠵᠠᠷ ᠤᠨ ᠳᠠᠷᠤᠭ᠎ᠠ ᠬᠤᠸ ᠴᠢ ᠸᠧᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠮᠢᠶᠠᠷᠤᠯᠲᠠ ᠶᠢᠨ ᠺᠠᠳ᠋ᠷ ᠤᠨ ᠳᠡᠭᠡᠳᠦ ᠰᠤᠷᠭᠠᠭᠤᠯᠢ ᠶᠢᠨ ᠲᠠᠷᠢᠶᠠᠴᠢᠨ ᠤ ᠬᠤᠷᠰᠢᠶ᠎ᠠ ᠶᠢᠨ ᠬᠥᠭᠵᠢᠯᠲᠡ ᠶᠢᠨ ᠲᠥᠪ ︵ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠬᠥᠭᠵᠢᠯᠲᠡ ᠶᠢᠨ ᠲᠥᠪ︶ ᠤᠨ ᠡᠷᠬᠢᠯᠡᠭᠴᠢ ᠢᠦᠢ ᠵᠠᠨ ᠬᠠᠢ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠵᠧᠨ ᠵᠡᠷᠭᠡ ᠨᠥᠬᠦᠳ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠲᠣᠰ ᠲᠣᠰ ᠪᠠᠶᠠᠷ ᠤᠨ ᠦᠭᠡ ᠬᠡᠯᠡᠵᠡᠢ᠃
52.1.png
      ᠲᠣᠰ ᠤᠳᠠᠭᠠᠨ ᠤ ᠪᠣᠯᠪᠠᠰᠤᠷᠠᠭᠤᠯᠤᠯ ᠳᠤ ᠰᠢᠨ᠎ᠡ ᠶᠢ ᠡᠭᠦᠳᠬᠦ ᠬᠡᠯᠪᠡᠷᠢ ᠪᠠᠷ ᠬᠤᠷᠰᠢᠶ᠎ᠠ ᠶᠢᠨ ᠵᠢᠷᠤᠮᠵᠢᠭᠰᠠᠨ ᠬᠠᠮᠢᠶᠠᠷᠤᠯᠲᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ︽ᠨᠢᠭᠡ ᠺᠣᠳ᠋  ᠢᠶᠠᠷ ᠨᠡᠪᠲᠡᠷᠡᠭᠦᠯᠬᠦ︾᠂ ᠬᠠᠪᠰᠤᠷᠤᠨ ᠵᠢᠯᠣᠭᠤᠳᠤᠭᠴᠢ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠮᠢᠩᠭᠠᠨ ᠬᠥᠮᠥᠨ ᠢᠶᠠᠷ ᠲᠦᠮᠡᠨ ᠬᠤᠷᠰᠢᠶ᠎ᠠ ᠶᠢ ᠳᠠᠶᠢᠴᠢᠯᠠᠬᠤ︾ ᠠᠵᠢᠯᠯᠠᠭ᠎ᠠ ᠶᠢ ᠥᠷᠨᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠬᠢᠴᠢᠶᠡᠯ ᠲᠤᠬᠢᠷᠠᠭᠤᠯᠪᠠ᠃ ᠰᠤᠷᠤᠯᠭ᠎ᠠ ᠡᠬᠢᠯᠡᠬᠦ ᠠᠴᠠ ᠡᠮᠦᠨ᠎ᠡ ᠰᠦᠯᠵᠢᠶᠡᠨ ᠲᠡᠭᠡᠷ᠎ᠡ ᠤᠷᠢᠳᠴᠢᠯᠠᠨ ᠰᠤᠷᠤᠯᠴᠠᠬᠤ᠂ ᠰᠤᠷᠤᠯᠭ᠎ᠠ ᠡᠬᠢᠯᠡᠭᠰᠡᠨ ᠤ ᠳᠠᠷᠠᠭ᠎ᠠ ᠲᠤᠰᠬᠠᠢ ᠰᠡᠳᠦᠪᠲᠦ ᠲᠠᠶᠢᠯᠤᠮᠵᠢ ᠬᠢᠬᠦ᠂ ᠲᠤᠬᠠᠢ ᠶᠢᠨ ᠲᠠᠯᠠᠪᠤᠷ ᠲᠤ ᠰᠤᠳᠤᠯᠤᠨ ᠰᠤᠷᠤᠯᠴᠠᠬᠤ᠂ ᠬᠡᠷᠡᠭ ᠤᠨ ᠵᠢᠱᠢᠶ᠎ᠡ ᠶᠢ ᠵᠠᠳᠠᠯᠤᠨ ᠬᠤᠪᠢᠶᠠᠯᠴᠠᠬᠤ᠂ ᠭᠤᠣᠯ ᠰᠡᠳᠦᠪᠲᠦ ᠰᠤᠳᠤᠯᠤᠨ ᠶᠠᠷᠢᠯᠴᠠᠬᠤ ᠪᠠ ᠦᠷ᠎ᠡ ᠪᠦᠲᠦᠭᠡᠯ ᠤᠨ ᠵᠠᠮ ᠤᠨ ᠲᠣᠭᠯᠠᠯᠲᠠ ᠵᠡᠷᠭᠡ ᠣᠯᠠᠨ ᠵᠦᠢᠯ ᠤᠨ ᠵᠢᠭᠠᠨ ᠰᠤᠷᠭᠠᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ᠂ ᠪᠣᠯᠪᠠᠰᠤᠷᠠᠭᠤᠯᠤᠯ ᠳᠤ ᠤᠷᠤᠯᠴᠠᠭᠰᠠᠳ ᠤᠨ ᠲᠥᠷᠥ ᠶᠢᠨ ᠪᠣᠳᠣᠯᠭ᠎ᠠ ᠣᠨᠣᠯ ᠤᠨ ᠰᠠᠭᠤᠷᠢ ᠶᠢ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠨ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠭᠦᠨ ᠢᠶᠠᠷ ᠰᠠᠭᠤᠷᠢ ᠪᠣᠯᠭᠠᠨ ︽ᠮᠢᠩᠭᠠᠨ ᠬᠥᠮᠥᠨ ᠢᠶᠠᠷ ᠲᠦᠮᠡᠨ ᠬᠤᠷᠰᠢᠶ᠎ᠠ ᠶᠢ ᠳᠠᠶᠢᠴᠢᠯᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠪᠠ᠃
52.2.png
 
52.3.png
 
52.4.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号