ᠥᠪᠥᠷ ᠮᠣᠩᠭᠤᠯ 2023 ᠣᠨ ᠤ ᠬᠥᠷᠥᠰᠥ ᠰᠢᠷᠣᠢ ᠶᠢᠨ ᠥᠯᠢᠭᠡᠷ ᠡᠳ᠋ ᠢ ᠦᠢᠯᠡᠳᠴᠦ ᠰᠢᠯᠭᠠᠨ ᠠᠪᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/6/21
      ᠤᠯᠤᠰ ᠤᠨ ︽ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠳᠣᠲᠣᠭᠠᠳᠤ ᠳᠠᠭᠠᠨ ᠰᠢᠯᠭᠠᠨ ᠪᠠᠶᠢᠴᠠᠭᠠᠵᠤ ᠰᠢᠯᠭᠠᠨ ᠠᠪᠬᠤ ᠲᠥᠰᠥᠯ ᠢ ᠳᠠᠷᠤᠮᠠᠯᠯᠠᠨ ᠲᠠᠷᠬᠠᠭᠠᠬᠤ ᠠᠵᠢᠯ ᠤᠨ ᠲᠤᠬᠠᠢ ᠮᠡᠳᠡᠭᠳᠡᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠦᠯᠢᠭᠡᠷ ᠡᠳ᠋ ᠦᠢᠯᠡᠳᠴᠦ ᠰᠢᠯᠭᠠᠨ ᠠᠪᠬᠤ ᠲᠥᠰᠥᠯ︾ ᠤᠨ ᠱᠠᠭᠠᠷᠳᠠᠯᠭ᠎ᠠ ᠶᠣᠰᠣᠭᠠᠷ᠂ 2024 ᠣᠨ ᠤ 6 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠲᠣᠪᠴᠢᠯᠠᠭᠠᠳ᠄ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ︶ 2023 ᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠥᠯᠢᠭᠡᠷ ᠡᠳ᠋ ᠢ ᠦᠢᠯᠡᠳᠴᠦ ᠰᠢᠯᠭᠠᠨ ᠠᠪᠬᠤ ᠬᠤᠷᠠᠯ ᠬᠤᠷᠠᠯᠳᠤᠭᠤᠯᠵᠤ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠦᠬᠦᠢ ᠮᠡᠷᠭᠡᠵᠢᠯ ᠤᠨ ᠶᠠᠰᠤ ᠴᠢᠨᠠᠷ ᠢ ᠡᠵᠡᠮᠳᠡᠬᠦ 9 ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ 2023 ᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠥᠯᠢᠭᠡᠷ ᠡᠳ᠋ ᠢ ᠦᠢᠯᠡᠳᠴᠦ ᠪᠦᠲᠦᠭᠡᠬᠦ ᠳᠤ ᠲᠤᠰᠬᠠᠢ ᠰᠡᠳᠦᠪᠲᠦ ᠰᠢᠯᠭᠠᠨ ᠪᠠᠶᠢᠴᠠᠭᠠᠯᠲᠠ ᠬᠢᠪᠡ᠃ 2023 ᠣᠨ ᠤ ᠦᠯᠢᠭᠡᠷ ᠡᠳ᠋ ᠢ ᠦᠢᠯᠡᠳᠴᠦ ᠪᠦᠲᠦᠭᠡᠬᠦ ᠡᠭᠦᠷᠭᠡ ᠶᠢ ᠡᠭᠦᠷᠭᠡᠯᠡᠭᠰᠡᠨ 15 ᠲᠤᠷᠰᠢᠯᠲᠠ ᠶᠢᠨ ᠲᠠᠰᠤᠭ ᠤᠨ ᠬᠠᠮᠢᠶ᠎ᠠ ᠪᠦᠬᠦᠢ ᠮᠡᠷᠭᠡᠵᠢᠯ ᠤᠨ ᠬᠠᠷᠢᠭᠤᠴᠠᠯᠭᠠᠲᠠᠨ ᠵᠡᠷᠭᠡ 40 ᠭᠠᠷᠤᠢ ᠬᠥᠮᠥᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠨᠡᠶᠢᠳᠡᠮ ᠪᠠᠶᠢᠴᠠᠭᠠᠯᠲᠠ ᠶᠢᠨ ᠲᠤᠰᠬᠠᠢ ᠠᠩᠭᠢ ᠶᠢᠨ ᠬᠠᠷᠢᠭᠤᠴᠠᠯᠭᠠᠲᠠᠨ ᠭᠤᠤ ᠹᠠᠨ ᠱᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ 
53.1.png
       ᠰᠢᠯᠭᠠᠨ ᠠᠪᠬᠤ ᠳᠤᠭᠤᠶᠢᠯᠠᠩ ᠨᠢ ︽ᠲᠠᠪᠤᠨ ᠠᠯᠬᠤᠮ ᠲᠠᠪᠤᠨ ᠭᠤᠭᠴᠤᠭ᠎ᠠ︾ ᠶᠢᠨ ᠶᠡᠷᠦᠩᠬᠡᠶᠢᠯᠡᠭᠰᠡᠨ ᠰᠢᠯᠭᠠᠨ ᠠᠪᠬᠤ ᠠᠷᠭ᠎ᠠ ᠪᠠᠷ ᠪᠥᠬᠦ ᠶᠠᠪᠤᠴᠠ ᠶᠢ ᠦᠨᠡᠯᠡᠨ ᠵᠢᠱᠢᠬᠦ ᠪᠠ ᠰᠢᠯᠭᠠᠨ ᠠᠪᠬᠤ ᠠᠵᠢᠯ  ᠢ ᠥᠷᠨᠢᠭᠦᠯᠵᠦ᠂ ᠰᠢᠯᠭᠠᠨ ᠠᠪᠬᠤ ᠲᠠᠰ ᠳᠠᠷᠠᠭᠠᠯᠠᠯ ᠤᠨ ᠲᠠᠯ᠎ᠠ ᠪᠠᠷ  ᠲᠥᠪᠯᠡᠷᠡᠭᠦᠯᠦᠨ ᠬᠠᠷᠢᠭᠤ ᠮᠡᠳᠡᠭᠦᠯᠬᠦ᠂ ᠬᠠᠷᠠᠭᠠᠨ ᠳᠠᠪᠲᠠᠮᠵᠢ ᠪᠠᠷ ᠰᠤᠭᠤᠴᠢᠨ ᠠᠪᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠤᠷ ᠲᠤ ᠲᠤᠯᠭᠠᠨ ᠠᠰᠠᠭᠤᠬᠤ᠂ ᠬᠤᠪᠢ ᠥᠭᠴᠦ ᠦᠨᠡᠯᠡᠨ ᠶᠠᠷᠢᠯᠴᠠᠬᠤ︾ ᠲᠠᠪᠤᠨ ᠠᠯᠬᠤᠮ ᠳᠠᠷᠠᠭ᠎ᠠ ᠶᠢ ᠠᠪᠤᠪᠠ︔ ᠰᠢᠯᠭᠠᠨ ᠠᠪᠬᠤ ᠶᠠᠪᠤᠴᠠ ᠳᠤ ᠬᠥᠷᠥᠰᠥ ᠰᠢᠷᠣᠢ ᠶᠢᠨ ᠦᠯᠢᠭᠡᠷ ᠡᠳ᠋ ᠢ ︽ᠬᠦᠯᠢᠶᠡᠨ ᠠᠪᠬᠤ᠂ ᠰᠠᠯᠬᠢᠨ ᠳᠤ ᠬᠠᠲᠠᠭᠠᠬᠤ᠂ ᠦᠢᠯᠡᠳᠴᠦ ᠪᠡᠯᠡᠳᠬᠡᠬᠦ᠂ ᠰᠠᠯᠭᠠᠨ ᠪᠣᠭᠤᠳᠠᠯᠯᠠᠬᠤ᠂ ᠦᠯᠡᠳᠡᠭᠡᠨ ᠬᠠᠳᠠᠭᠠᠯᠠᠬᠤ︾ ᠶᠢ ᠬᠠᠮᠤᠷᠴᠠᠢ᠃ ᠰᠢᠯᠭᠠᠨ ᠠᠪᠬᠤ ᠳᠤᠭᠤᠶᠢᠯᠠᠩ ᠤᠨ ᠬᠢᠨ ᠦᠯᠢᠭᠡᠷ ᠡᠳ᠋ ᠢ ᠦᠢᠯᠡᠳᠴᠦ ᠪᠡᠯᠡᠳᠬᠡᠬᠦ ᠡᠭᠦᠷᠭᠡ ᠶᠢ ᠳᠠᠭᠠᠭᠠᠨ ᠠᠪᠤᠭᠰᠠᠨ 15 ᠲᠤᠷᠰᠢᠯᠲᠠ ᠶᠢᠨ ᠲᠠᠰᠤᠭ ᠤᠨ ᠦᠯᠢᠭᠡᠷ ᠡᠳ᠋  ᠢ ᠦᠢᠯᠡᠳᠴᠦ ᠪᠡᠯᠡᠳᠬᠡᠬᠦ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ᠂ ᠲᠤᠷᠰᠢᠯᠭ᠎ᠠ ᠪᠠ ᠠᠷᠭ᠎ᠠ ᠬᠢᠳᠡᠯ᠂ ᠣᠷᠣᠰᠢᠵᠤ ᠪᠠᠶᠢᠭ᠎ᠠ ᠠᠰᠠᠭᠤᠳᠠᠯ᠂ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠦᠢᠯᠡᠳᠴᠦ ᠪᠡᠯᠡᠳᠬᠡᠭᠰᠡᠨ ᠦᠷ᠎ᠡ ᠪᠦᠲᠦᠭᠡᠯ᠂ ᠦᠯᠢᠭᠡᠷ ᠡᠳ᠋ ᠢ ᠬᠠᠳᠠᠭᠠᠯᠠᠭᠰᠠᠨ ᠵᠡᠷᠭᠡ ᠪᠠᠶᠢᠳᠠᠯ ᠤᠨ ᠲᠤᠬᠠᠢ ᠪᠦᠬᠦ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠤᠷᠰᠢᠯᠲᠠ ᠶᠢᠨ ᠲᠠᠰᠤᠭ ᠤᠨ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢ ᠨᠢᠭᠡ ᠨᠢᠭᠡ ᠪᠠᠷ ᠰᠣᠩᠭᠤᠨ ᠦᠵᠡᠵᠦ᠂ ᠬᠠᠮᠢᠶ᠎ᠠ ᠪᠦᠬᠦᠢ ᠦᠯᠢᠭᠡᠷ ᠡᠳ᠋ ᠢ ᠲᠤᠰᠢᠶᠠᠬᠤ ᠪᠠ ᠬᠦᠯᠢᠶᠡᠨ ᠠᠪᠬᠤ᠂ ᠦᠯᠢᠭᠡᠷ ᠡᠳ᠋ ᠢ ᠦᠢᠯᠡᠳᠴᠦ ᠪᠡᠯᠡᠳᠬᠡᠭᠰᠡᠨ ᠠᠩᠬᠠᠨ ᠤ ᠲᠡᠮᠳᠡᠭᠯᠡᠯ ᠪᠠ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠵᠡᠷᠭᠡ ᠬᠠᠮᠢᠶ᠎ᠠ ᠪᠦᠬᠦᠢ ᠳᠠᠩᠰᠠ ᠡᠪᠬᠡᠮᠡᠯ ᠢ ᠪᠠᠶᠢᠴᠠᠭᠠᠨ ᠦᠵᠡᠵᠦ᠂ ᠡᠭᠦᠨ ᠤ ᠬᠠᠮᠲᠤ ᠲᠤᠬᠠᠢ ᠶᠢᠨ ᠲᠠᠯᠠᠪᠤᠷ ᠲᠤ ᠲᠤᠯᠭᠠᠨ ᠠᠰᠠᠭᠤᠬᠤ ᠪᠠ ᠲᠥᠪᠯᠡᠷᠡᠭᠦᠯᠦᠨ ᠦᠨᠡᠯᠡᠬᠦ ᠪᠠᠷ ᠳᠡᠮᠵᠢᠨ᠂ 2023 ᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠥᠯᠢᠭᠡᠷ ᠡᠳ᠋ ᠢ ᠦᠢᠯᠡᠳᠴᠦ ᠪᠡᠯᠡᠳᠬᠡᠬᠦ ᠠᠵᠢᠯ ᠤᠨ ᠲᠤᠷᠰᠢᠯᠲᠠ ᠶᠢᠨ ᠲᠠᠰᠤᠭ ᠲᠤ ᠵᠦᠢᠯ ᠳᠠᠷᠠᠭᠠᠯᠠᠨ ᠬᠤᠪᠢ ᠲᠣᠭᠲᠠᠭᠠᠨ ᠰᠢᠯᠭᠠᠨ ᠬᠤᠷᠢᠶᠠᠵᠤ᠂ ᠠᠳᠠᠯᠢ ᠪᠤᠰᠤ ᠲᠤᠷᠰᠢᠯᠲᠠ ᠶᠢᠨ ᠲᠠᠰᠤᠭ ᠲᠤ ᠴᠢᠭᠯᠡᠭᠦᠯᠬᠦ ᠴᠢᠨᠠᠷᠲᠠᠢ ᠪᠠᠷ ᠪᠣᠳᠠᠲᠠᠢ ᠲᠡᠭᠦᠯᠳᠡᠷᠵᠢᠭᠦᠯᠬᠦ ᠰᠠᠨᠠᠭᠤᠯᠭ᠎ᠠ ᠳᠤᠷᠠᠳᠴᠤ᠂ ᠡᠯ᠎ᠡ ᠲᠤᠷᠰᠢᠯᠲᠠ ᠶᠢᠨ ᠲᠠᠰᠤᠭ ᠲᠠᠢ ᠬᠠᠷᠢᠭᠤ ᠲᠤᠰᠬᠠᠵᠤ ᠰᠣᠯᠢᠯᠴᠠᠭᠰᠠᠨ ᠤ ᠳᠠᠷᠠᠭ᠎ᠠ᠂ ᠶᠡᠷᠦᠩᠬᠡᠶᠢᠯᠡᠨ ᠰᠢᠯᠭᠠᠨ ᠠᠪᠬᠤ ᠰᠠᠨᠠᠯ ᠢ ᠪᠣᠶ ᠪᠣᠯᠭᠠᠪᠠ᠃      ᠰᠢᠯᠭᠠᠨ ᠠᠪᠬᠤ ᠳᠤᠭᠤᠶᠢᠯᠠᠩ ᠤᠨ ᠦᠵᠡᠬᠦ ᠪᠠᠷ᠂ 2023 ᠣᠨ ᠤ ᠬᠥᠷᠥᠰᠥ ᠰᠢᠷᠣᠢ ᠶᠢᠨ ᠥᠯᠢᠭᠡᠷ ᠡᠳ᠋ ᠦᠢᠯᠡᠳᠴᠦ ᠪᠡᠯᠡᠳᠬᠡᠬᠦ ᠶᠢ ᠡᠭᠦᠷᠭᠡᠯᠡᠭᠰᠡᠨ 15 ᠲᠤᠷᠰᠢᠯᠲᠠ ᠶᠢᠨ ᠲᠠᠰᠤᠭ ᠥᠯᠢᠭᠡᠷ ᠡᠳ᠋ ᠦᠢᠯᠡᠳᠴᠦ ᠪᠡᠯᠡᠳᠬᠡᠬᠦ ᠶᠢᠨ ᠡᠯ᠎ᠡ ᠶᠠᠪᠤᠴᠠ ᠶᠢ ᠪᠡᠶᠡᠯᠡᠭᠦᠯᠬᠦ  ᠳᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠳᠤ ᠦᠨᠳᠦᠰᠦᠨ ᠳᠡᠭᠡᠨ ᠨᠡᠶᠢᠴᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ ᠤᠨ ᠱᠠᠭᠠᠷᠳᠠᠯᠭ᠎ᠠ ᠶᠢᠨ ᠭᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠥᠯᠢᠭᠡᠷ ᠡᠳ᠋ ᠢ ᠦᠢᠯᠡᠳᠴᠦ ᠪᠡᠯᠡᠳᠬᠡᠬᠦ ᠶᠢᠨ ᠬᠠᠮᠢᠶ᠎ᠠ ᠪᠦᠬᠦᠢ ᠰᠢᠯᠭᠠᠨ ᠠᠪᠬᠤ ᠱᠠᠭᠠᠷᠳᠠᠯᠭ᠎ᠠ ᠳᠤ ᠬᠦᠷᠴᠦ᠂ ᠪᠦᠬᠦᠨ ᠢ ᠰᠢᠯᠭᠠᠨ ᠠᠪᠬᠤ ᠶᠢ ᠵᠥᠪᠰᠢᠶᠡᠷᠡᠪᠡ᠃ 
53.2.png
       ᠲᠣᠰ ᠤᠳᠠᠭᠠᠨ ᠤ ᠥᠯᠢᠭᠡᠷ ᠡᠳ᠋ ᠢ ᠦᠢᠯᠡᠳᠴᠦ ᠪᠡᠯᠡᠳᠬᠡᠬᠦ ᠶᠢᠨ ᠰᠢᠯᠭᠠᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠦᠭᠰᠡᠨ  ᠨᠢ ᠡᠮᠦᠨᠡᠬᠢ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠥᠯᠢᠭᠡᠷ ᠡᠳ᠋ ᠦᠢᠯᠡᠳᠬᠦ ᠶᠠᠰᠤ ᠴᠢᠨᠠᠷ ᠢ ᠡᠵᠡᠮᠳᠡᠬᠦ ᠠᠵᠢᠯ ᠢ ᠴᠢᠩᠳᠠᠯᠠᠭᠰᠠᠨ ᠲᠠᠢ ᠰᠠᠯᠤᠰᠢ ᠦᠭᠡᠢ ᠶᠤᠮ᠂ 2023 ᠣᠨ ᠳᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠥᠯᠢᠭᠡᠷ ᠡᠳ᠋ ᠢ ᠦᠢᠯᠡᠳᠴᠦ ᠪᠡᠯᠡᠳᠬᠡᠬᠦ ᠠᠬᠢᠴᠠ ᠪᠠ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠥᠯᠢᠭᠡᠷ ᠡᠳ᠋ ᠦᠢᠯᠡᠳᠬᠦ ᠠᠵᠢᠯ ᠢ ᠬᠦᠴᠦᠲᠡᠢ ᠲᠦᠯᠬᠢᠨ ᠠᠬᠢᠭᠤᠯᠤᠭᠰᠠᠨ ᠪᠠᠶᠢᠨ᠎ᠠ᠃ ᠨᠢᠭᠡ ᠳᠤ ︽ᠴᠡᠭ ᠠᠴᠠ ᠴᠡᠭ ᠲᠤ ᠬᠦᠷᠬᠦ︾ ᠲᠤᠰᠬᠠᠢ ᠲᠡᠷᠭᠡ ᠪᠠᠷ ᠭᠤᠷᠪᠠᠳᠤᠭᠠᠷ ᠨᠡᠶᠢᠳᠡᠮ ᠪᠠᠶᠢᠴᠠᠭᠠᠯᠲᠠ ᠶᠢᠨ ᠦᠯᠢᠭᠡᠷ ᠡᠳ᠋ ᠢ ︽ᠬᠠᠮᠠᠭᠠᠯᠠᠨ ᠬᠦᠷᠭᠡᠬᠦ︾ ᠠᠷᠭ᠎ᠠ ᠶᠢ ᠬᠡᠷᠡᠭᠯᠡᠵᠡᠢ᠃ ᠬᠥᠷᠥᠰᠥ ᠰᠢᠷᠣᠢ ᠶᠢᠨ ᠥᠯᠢᠭᠡᠷ ᠡᠳ᠋ ᠢ ᠠᠮᠤᠷ ᠲᠦᠪᠰᠢᠨ ᠢᠶᠠᠷ ᠲᠦᠷᠭᠡᠨ ᠡᠷᠭᠢᠯᠳᠦᠭᠦᠯᠬᠦ ᠶᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠠᠴᠠ ︽ᠴᠡᠭ ᠠᠴᠠ ᠴᠡᠭ ᠲᠤ ᠬᠦᠷᠬᠦ︾ ᠲᠤᠰᠬᠠᠢ ᠲᠡᠷᠭᠡ ᠪᠠᠷ ᠬᠠᠮᠠᠭᠠᠯᠠᠨ ᠬᠦᠷᠭᠡᠬᠦ ᠡᠷᠭᠢᠯᠲᠡ ᠶᠢᠨ ᠠᠷᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠯᠢᠭᠡᠷ ᠡᠳ᠋ ᠠᠪᠬᠤ ᠬᠤᠰᠢᠭᠤ ᠰᠢᠶᠠᠨ ᠥᠯᠢᠭᠡᠷ ᠡᠳ᠋ ᠠᠪᠬᠤ ᠠᠩᠭᠢ ᠶᠢᠨ ᠲᠤᠰᠬᠠᠢ ᠲᠡᠷᠭᠡ ᠪᠠᠷ ᠥᠯᠢᠭᠡᠷ ᠡᠳ᠋ ᠢ ᠬᠠᠮᠠᠭᠠᠯᠠᠨ ᠬᠦᠷᠭᠡᠬᠦ ᠲᠤᠷᠰᠢᠯᠲᠠ ᠶᠢᠨ ᠲᠠᠰᠤᠭ ᠲᠤ ᠬᠦᠷᠭᠡᠵᠦ᠂ 6 ᠡᠳᠦᠷ ᠤᠨ ᠳᠣᠲᠣᠷ᠎ᠠ᠂ ᠪᠣᠶ ᠪᠦᠬᠦᠢ ᠥᠯᠢᠭᠡᠷ ᠡᠳ᠋ ᠢ ᠶᠡᠭᠡ ᠴᠠᠰᠤ ᠵᠠᠮ ᠪᠢᠲᠡᠭᠦᠮᠵᠢᠯᠡᠭᠰᠡᠨ ᠨᠥᠬᠦᠴᠡᠯ ᠳᠣᠣᠷ᠎ᠠ ᠪᠦᠬᠦᠨ ᠢ ᠦᠢᠯᠡᠳᠬᠦ ᠲᠠᠰᠤᠭ ᠲᠤ ᠬᠦᠷᠭᠡᠵᠦ᠂ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠠᠴᠠ ᠲᠤᠰᠬᠠᠢ ᠲᠡᠷᠭᠡ ᠲᠣᠮᠢᠯᠠᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠲᠤ ᠲᠡᠭᠡᠭᠡᠪᠦᠷᠢᠯᠡᠨ ᠬᠦᠷᠭᠡᠵᠦ᠂ ᠥᠯᠢᠭᠡᠷ ᠡᠳ᠋  ᠢ ᠦᠢᠯᠡᠳᠴᠦ ᠪᠡᠯᠡᠳᠬᠡᠬᠦ ᠶᠢ  ᠪᠡᠶᠡᠯᠡᠭᠦᠯᠵᠡᠢ᠃ ᠬᠤᠶᠠᠷ ᠲᠤ᠂ ᠲᠤᠬᠠᠢ ᠶᠢᠨ ᠲᠠᠯᠠᠪᠤᠷ ᠲᠤ ᠰᠠᠭᠤᠭ᠎ᠠ ︽ᠨᠢᠭᠡ  ᠳᠤ ᠨᠢᠭᠡ ᠬᠠᠷᠠᠭᠠᠯᠵᠠᠭᠰᠠᠨ︾ ᠬᠡᠯᠪᠡᠷᠢ ᠪᠠᠷ ᠲᠤᠬᠠᠢ ᠶᠢᠨ ᠲᠠᠯᠠᠪᠤᠷ ᠲᠤ ᠰᠠᠭᠤᠵᠤ ᠦᠯᠢᠭᠡᠷ ᠡᠳ᠋ ᠢ ᠦᠢᠯᠡᠳᠴᠦ ᠪᠦᠲᠦᠭᠡᠬᠦ ᠶᠢ ᠬᠢᠨᠠᠵᠤ ᠰᠢᠮᠳᠠᠭᠤᠯᠵᠠᠢ᠃ ᠪᠡᠯᠡᠳᠬᠡᠯ ᠲᠤᠷᠰᠢᠯᠲᠠ ᠶᠢᠨ ᠲᠠᠰᠤᠭ ᠤᠨ ᠳᠠᠭᠠᠭᠠᠴᠢᠯᠠᠯᠲᠠ ᠣᠯᠣᠭᠰᠠᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠠᠴᠠ 15 ᠲᠤᠰᠬᠠᠢ ᠬᠥᠮᠥᠨ ᠲᠣᠮᠢᠯᠠᠵᠤ᠂ ᠪᠡᠯᠡᠳᠬᠡᠯ ᠲᠤᠷᠰᠢᠯᠲᠠ ᠶᠢᠨ ᠲᠠᠰᠤᠭ ᠤᠨ ᠲᠠᠯᠠᠪᠤᠷ ᠲᠤ ᠰᠠᠭᠤᠵᠤ ᠰᠢᠪᠠᠳᠠᠨ ᠰᠢᠢᠳᠪᠦᠷᠢᠯᠡᠭᠦᠯᠵᠦ᠂ ᠪᠥᠬᠦ ᠶᠠᠪᠤᠴᠠ ᠳᠤ ᠥᠯᠢᠭᠡᠷ ᠡᠳ᠋ ᠢ ᠰᠢᠯᠵᠢᠭᠦᠯᠦᠨ ᠬᠤᠷᠢᠶᠠᠬᠤ᠂ ᠺᠣᠳ᠋ ᠰᠢᠷᠪᠢᠵᠦ ᠲᠠᠪᠴᠠᠩ ᠳᠤ ᠭᠠᠷᠭᠠᠬᠤ᠂ ᠥᠯᠢᠭᠡᠷ ᠡᠳ᠋ ᠦᠢᠯᠡᠳᠴᠦ ᠪᠡᠯᠡᠳᠬᠡᠬᠦ᠂ ᠥᠯᠢᠭᠡᠷ ᠡᠳ᠋ ᠢ ᠺᠣᠳ᠋ ᠰᠢᠯᠵᠢᠭᠦᠯᠬᠦ ᠪᠠ ᠥᠯᠢᠭᠡᠷ ᠡᠳ᠋ ᠢ ᠡᠷᠭᠢᠯᠲᠡ ᠳᠤ ᠣᠷᠣᠭᠤᠯᠬᠤ ᠶᠢ ᠪᠠᠶᠢᠴᠠᠭᠠᠨ ᠰᠢᠯᠭᠠᠬᠤ ᠲᠠᠰᠤᠭ ᠲᠤ ᠬᠢᠨᠠᠯᠲᠠ ᠲᠠᠯᠪᠢᠵᠤ᠂ ᠪᠥᠬᠦ ᠶᠠᠪᠤᠴᠠ ᠳᠤ ︽ᠨᠢᠭᠡ  ᠳᠤ ᠨᠢᠭᠡ ᠳᠤ ᠬᠠᠷᠠᠭᠠᠯᠵᠠᠭᠰᠠᠨ︾ ᠪᠠᠶᠢᠬᠤ ᠶᠢ ᠠᠩᠬᠠᠷᠴᠤ᠂ ︽ᠡᠳᠦᠷ ᠲᠤ ᠪᠦᠷᠢᠳᠬᠡᠨ᠂ ᠡᠳᠦᠷ ᠲᠤ ᠳ᠋ᠦᠩᠨᠡᠵᠦ᠂ ᠡᠳᠦᠷ ᠲᠤ ᠳᠡᠭᠡᠭᠰᠢ ᠮᠡᠳᠡᠭᠦᠯᠬᠦ︾ ᠶᠢ ᠬᠡᠷᠡᠭᠵᠢᠭᠦᠯᠪᠡ᠃ ᠦᠢᠯᠡᠳᠬᠦ ᠲᠤᠷᠰᠢᠯᠲᠠ ᠶᠢᠨ ᠲᠠᠰᠤᠭ ᠨᠢ ︽ᠡᠳᠦᠷ + ᠰᠥᠨᠢ︾ ︽5 + 2︾ ᠤᠨ ᠠᠵᠢᠯ ᠤᠨ ᠵᠠᠭᠪᠤᠷ ᠢ ᠬᠡᠷᠡᠭᠯᠡᠨ᠂ 15 ᠡᠳᠦᠷ ᠤᠨ ᠳᠣᠲᠣᠷ᠎ᠠ ᠨᠡᠶᠢᠲᠡ 8.5 ᠲᠦᠮᠡᠨ ᠥᠯᠢᠭᠡᠷ ᠡᠳ᠋ ᠢ ᠦᠢᠯᠡᠳᠴᠦ ᠪᠦᠲᠦᠭᠡᠵᠦ ᠳᠠᠭᠤᠰᠬᠠᠪᠠ᠃ ᠭᠤᠷᠪᠠ ᠳᠤ ︽ᠨᠢᠭᠡ ᠳᠡᠭᠡᠷ᠎ᠡ ᠬᠤᠶᠠᠷ ᠢ ᠨᠡᠮᠡᠬᠦ︾ ᠪᠥᠬᠦ ᠶᠠᠪᠤᠴᠠ ᠳᠤ ᠶᠠᠰᠤ ᠴᠢᠨᠠᠷ ᠢ ᠡᠵᠡᠮᠳᠡᠵᠦ ᠶᠠᠰᠤ ᠴᠢᠨᠠᠷ ᠢ ᠪᠠᠲᠤᠯᠠᠵᠠᠢ᠃ 4 ᠶᠠᠰᠤ ᠴᠢᠨᠠᠷ ᠤᠨ ᠡᠵᠡᠮᠳᠡᠯ ᠤᠨ ᠲᠤᠷᠰᠢᠯᠲᠠ ᠶᠢᠨ ᠲᠠᠰᠤᠭ ᠨᠢ ᠦᠢᠯᠡᠳᠬᠦ ᠲᠠᠰᠤᠭ ᠨᠢᠭᠡᠪᠦᠷᠢ ᠳᠤ ᠨᠢᠭᠡ ᠬᠥᠮᠥᠨ ᠲᠣᠮᠢᠯᠠᠨ ᠰᠠᠭᠤᠯᠭᠠᠵᠤ ᠪᠥᠬᠦ ᠶᠠᠪᠤᠴᠠ ᠳᠤ ᠶᠠᠰᠤ ᠴᠢᠨᠠᠷ ᠢ ᠠᠩᠬᠠᠷᠤᠭᠰᠠᠨ ᠰᠠᠭᠤᠷᠢᠨ ᠳᠡᠭᠡᠷ᠎ᠡ᠂ ᠦᠢᠯᠡᠳᠬᠦ ᠲᠠᠰᠤᠭ ᠨᠢᠭᠡᠪᠦᠷᠢ ᠳᠤ ᠠᠰᠲᠠᠭᠠᠨ 2 ᠺᠣᠳ᠋ ᠰᠢᠯᠵᠢᠭᠦᠯᠬᠦ ᠳᠤᠭᠤᠶᠢᠯᠠᠩ ᠲᠣᠮᠢᠯᠠᠨ ᠰᠠᠭᠤᠯᠭᠠᠵᠤ᠂ ᠥᠯᠢᠭᠡᠷ ᠡᠳ᠋ ᠤᠨ ᠺᠣᠳ᠋ ᠰᠢᠯᠵᠢᠭᠦᠯᠬᠦ ᠠᠵᠢᠯ ᠢ ᠲᠤᠰᠬᠠᠢ ᠬᠠᠷᠢᠭᠤᠴᠠᠨ ᠥᠷᠨᠢᠭᠦᠯᠵᠦ᠂ ᠥᠯᠢᠭᠡᠷ ᠡᠳ᠋ ᠤᠨ ᠲᠦᠷᠭᠡᠨ ᠡᠷᠭᠢᠯᠲᠡ ᠶᠢ ᠬᠦᠴᠦᠯᠡᠨ ᠠᠬᠢᠭᠤᠯᠵᠠᠢ᠃ ᠶᠠᠭ ᠡᠳᠡᠭᠡᠷ ᠪᠦᠲᠦᠮᠵᠢᠲᠡᠢ ᠠᠷᠭ᠎ᠠ ᠬᠢᠳᠡᠯ ᠨᠢ 2023 ᠣᠨ ᠤ ᠦᠯᠢᠭᠡᠷ ᠡᠳ᠋ ᠢ ᠦᠢᠯᠡᠳᠴᠦ ᠪᠦᠲᠦᠭᠡᠬᠦ ᠠᠵᠢᠯ ᠢ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠲᠠᠢ ᠠᠮᠵᠢᠯᠲᠠ ᠲᠠᠢ ᠪᠡᠶᠡᠯᠡᠭᠦᠯᠦᠭᠰᠡᠨ ᠪᠥᠭᠡᠳ ᠪᠠᠰᠠ ᠭᠤᠷᠪᠠᠳᠤᠭᠠᠷ ᠨᠡᠶᠢᠳᠡᠮ ᠪᠠᠶᠢᠴᠠᠭᠠᠯᠲᠠ ᠶᠢᠨ ᠦᠯᠢᠭᠡᠷ ᠡᠳ᠋ ᠢ ᠰᠢᠯᠭᠠᠨ ᠪᠠᠶᠢᠴᠠᠭᠠᠬᠤ ᠪᠠ ᠦᠷ᠎ᠡ ᠪᠦᠲᠦᠭᠡᠯ ᠢ ᠪᠦᠷᠢᠯᠳᠦᠭᠦᠯᠬᠦ ᠵᠡᠷᠭᠡ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠭᠤᠷᠪᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号