ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠰᠢᠯᠭᠠᠨ ᠲᠣᠭᠲᠠᠭᠠᠯᠲᠠ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠦᠭᠦᠷᠴᠦ ᠳᠠᠩᠰᠠᠯᠠᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2024/6/21
ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠳᠤ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠯᠲᠠ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠴᠦ ᠳᠠᠩᠰᠠᠯᠠᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ ︽ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠠᠷᠭ᠎ᠠ︾᠂ ︽ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠠᠵᠢᠯ ᠤᠨ ᠵᠢᠷᠤᠮᠵᠢᠯ︾ ᠪᠠ ︽ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠭᠰᠠᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠦᠭᠦᠷᠴᠦ ᠳᠠᠩᠰᠠᠯᠠᠭᠤᠯᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠶᠡᠷᠦᠩᠬᠡᠢ ᠦᠷᠳᠡᠭᠡ ﹇2024﹈ 61 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠦᠬᠦᠢ ᠵᠦᠢᠯᠡᠰ ᠢ ᠤᠳᠤ ᠳᠣᠣᠷᠠᠬᠢ ᠮᠡᠲᠦ ᠮᠡᠳᠡᠭᠳᠡᠶ᠎ᠡ᠄      ︵ᠨᠢᠭᠡ︶ ︽ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠠᠷᠭ᠎ᠠ︾ ᠶᠢᠨ ᠬᠤᠷᠢᠨ ᠨᠢᠭᠡᠳᠦᠭᠡᠷ ᠵᠦᠢᠯ ᠳᠤ᠄ ᠲᠠᠷᠢᠶᠠᠯᠠᠩ ᠤᠨ ᠮᠠᠰᠢᠨ ᠤ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 5 ᠵᠢᠯ᠂ ᠲᠠᠷᠢᠶᠠᠯᠠᠩ ᠤᠨ ᠮᠠᠰᠢᠨ ᠤ ᠲᠤᠰᠬᠠᠢ ᠬᠢᠨᠠᠨ ᠲᠣᠭᠲᠠᠭᠠᠯᠲᠠ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 3 ᠵᠢᠯ᠂ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠴᠦ ᠤᠳᠤ ᠶᠢᠨ ᠬᠡᠷᠡᠭᠵᠢᠭᠦᠯᠵᠦ ᠪᠠᠶᠢᠭ᠎ᠠ ᠬᠢᠨᠠᠨ ᠲᠣᠭᠲᠠᠭᠠᠯᠲᠠ ᠶᠢᠨ ᠬᠥᠲᠥᠯᠪᠦᠷᠢ ᠶᠢᠨ ᠱᠠᠭᠠᠷᠳᠠᠯᠭ᠎ᠠ ᠳᠤ ᠨᠡᠶᠢᠴᠡᠵᠦ ᠪᠠᠶᠢᠪᠠᠯ᠂ ᠳᠠᠩᠰᠠᠯᠠᠭᠤᠯᠬᠤ ᠬᠠᠮᠢᠶᠠᠷᠤᠯᠳᠠ ᠶᠢ ᠬᠡᠷᠡᠭᠵᠢᠭᠦᠯᠦᠨ᠎ᠡ︔ ᠬᠢᠨᠠᠨ ᠲᠣᠭᠲᠠᠭᠠᠯᠲᠠ ᠶᠢᠨ ᠬᠥᠲᠥᠯᠪᠦᠷᠢ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯᠤᠭᠰᠠᠨ ᠪᠠᠶᠢᠪᠠᠯ᠂ ᠦᠨᠡᠮᠯᠡᠯ ᠨᠢ ᠬᠦᠴᠦᠨ ᠦᠭᠡᠢ ᠪᠣᠯᠣᠨ᠎ᠠ᠃      ︵ᠬᠤᠶᠠᠷ︶ ᠦᠨᠡᠮᠯᠡᠯ ᠣᠯᠣᠭᠰᠠᠨ ᠦᠢᠯᠡᠳᠪᠦᠷᠢᠯᠡᠭᠴᠢ ᠳᠣᠣᠷᠠᠬᠢ ᠱᠠᠭᠠᠷᠳᠠᠯᠭ᠎ᠠ ᠪᠠᠷ ᠥᠪᠡᠷ ᠢ ᠪᠠᠨ ᠪᠠᠶᠢᠴᠠᠭᠠᠨ᠎ᠠ᠄      1. ︽ᠲᠠᠷᠢᠶᠠᠯᠠᠩ ᠤᠨ ᠮᠠᠰᠢᠨ ᠤ ᠲᠤᠷᠰᠢᠯᠲᠠ ᠬᠢᠵᠦ ᠬᠢᠨᠠᠨ ᠲᠣᠭᠲᠠᠭᠠᠬᠤ ᠠᠵᠢᠯ ᠤᠨ ᠵᠢᠷᠤᠮᠵᠢᠯ︾ ᠤᠨ ᠬᠤᠷᠢᠨ ᠲᠠᠪᠤᠳᠤᠭᠠᠷ ᠵᠦᠢᠯ︔      2. ᠳᠡᠯᠭᠡᠷᠡᠭᠦᠯᠬᠦ ᠬᠢᠨᠠᠨ ᠲᠣᠭᠲᠠᠭᠠᠯᠲᠠ᠄ ︽2024 ᠣᠨ ᠤ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠳᠦᠭᠦᠷᠦᠭᠰᠡᠨ ᠦᠢᠯᠡᠳᠬᠦᠨ ᠬᠢᠭᠡᠳ ᠤᠳᠤ ᠶᠢᠨ ᠬᠡᠷᠡᠭᠵᠢᠭᠦᠯᠵᠦ ᠪᠠᠶᠢᠭ᠎ᠠ ᠳᠡᠯᠭᠡᠷᠡᠭᠦᠯᠬᠦ ᠬᠢᠨᠠᠨ ᠲᠣᠭᠲᠠᠭᠠᠯᠲᠠ ᠶᠢᠨ ᠬᠥᠲᠥᠯᠪᠦᠷᠢ ᠶᠢᠨ ᠨᠡᠶᠢᠴᠡᠬᠦ ᠴᠢᠨᠠᠷ ᠢ ᠨᠤᠲᠠᠯᠠᠬᠤ ᠠᠷᠭ᠎ᠠ ᠶᠢ ᠨᠡᠶᠢᠲᠡᠯᠡᠬᠦ ᠲᠤᠬᠠᠢ ᠮᠡᠳᠡᠭᠳᠡᠯ︾  ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠶᠡᠷᠦᠩᠬᠡᠢ ᠦᠷᠳᠡᠭᠡ ﹇2024﹈ 89 ᠳ᠋ᠦ᠋ᠭᠡᠷ ᠲᠣᠭᠠᠲᠤ︶︔      3. ᠲᠤᠰᠬᠠᠢ ᠵᠦᠢᠯ ᠤᠨ ᠰᠢᠯᠭᠠᠨ ᠲᠣᠭᠲᠠᠭᠠᠯᠲᠠ᠄ ᠰᠢᠯᠭᠠᠨ ᠲᠣᠭᠲᠠᠭᠠᠯᠲᠠ ᠶᠢᠨ ᠬᠥᠲᠥᠯᠪᠦᠷᠢ ᠳᠤ ᠬᠤᠪᠢᠷᠠᠯᠲᠠ ᠭᠠᠷᠤᠭᠰᠠᠨ ᠦᠭᠡᠢ ᠪᠠᠶᠢᠪᠠᠯ᠂ ᠰᠢᠭᠤᠳ ᠨᠤᠲᠠᠯᠠᠨ ᠲᠣᠭᠲᠠᠭᠠᠨ᠎ᠠ︔ ᠬᠢᠨᠠᠨ ᠲᠣᠭᠲᠠᠭᠠᠯᠲᠠ ᠶᠢᠨ ᠬᠥᠲᠥᠯᠪᠦᠷᠢ ᠳᠤ ᠬᠤᠪᠢᠷᠠᠯᠲᠠ ᠭᠠᠷᠪᠠᠯ ᠨᠤᠲᠠᠯᠠᠨ ᠵᠥᠪᠰᠢᠶᠡᠷᠡᠬᠦ ᠦᠭᠡᠢ᠃        ︵ᠭᠤᠷᠪᠠ︶ ᠱᠠᠭᠠᠷᠳᠠᠯᠭ᠎ᠠ ᠳᠤ ᠨᠡᠶᠢᠴᠡᠬᠦ ᠶᠢ ᠨᠤᠲᠠᠯᠠᠭᠰᠠᠨ᠂ ᠦᠨᠡᠮᠯᠡᠯ ᠤᠨ ᠬᠤᠭᠤᠴᠠᠭ᠎ᠠ ᠲᠤᠯᠬᠤ ᠠᠴᠠ ᠡᠮᠦᠨ᠎ᠡ 6 ᠰᠠᠷ᠎ᠠ ᠶᠢᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠰᠢᠰᠲ᠋ᠧᠮ ︵https://nmg.njjd.org.cn/appraisal_font/portal/appraisal/portal/portal/portal/index︶ ᠲᠤ ᠦᠨᠡᠮᠯᠡᠯ ᠳᠠᠩᠰᠠᠯᠠᠭᠤᠯᠬᠤ ᠭᠤᠶᠤᠴᠢᠯᠠᠯ ᠢᠶᠠᠨ ᠲᠤᠰᠢᠶᠠᠵᠤ᠂ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠳᠠᠩᠰᠠᠯᠠᠭᠤᠯᠬᠤ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠵᠤ᠂ ᠦᠨᠡᠮᠯᠡᠯ ᠳᠠᠩᠰᠠᠯᠠᠭᠤᠯᠬᠤ ᠭᠤᠶᠤᠴᠢᠯᠠᠯ ᠤᠨ ᠬᠦᠰᠦᠨᠦᠭᠲᠦ ᠪᠠᠭᠤᠯᠭᠠᠨ ᠠᠪᠴᠤ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠤ ᠲᠠᠷᠠᠭ᠎ᠠ ᠳᠡᠭᠡᠭᠰᠢ ᠳᠠᠮᠵᠢᠭᠤᠯᠬᠤ ᠶᠢᠨ ᠬᠠᠮᠲᠤ ᠨᠢᠭᠡ ᠬᠤᠪᠢ ᠦᠨᠡᠮᠯᠡᠯ ᠳᠠᠩᠰᠠᠯᠠᠭᠤᠯᠬᠤ ᠭᠤᠶᠤᠴᠢᠯᠠᠯ ᠤᠨ ᠬᠦᠰᠦᠨᠦᠭᠲᠦ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠥᠷᠳᠡᠭᠡ ᠲᠤ ᠰᠢᠤᠳᠠᠨ ᠢᠶᠠᠷ ᠢᠯᠡᠭᠡᠬᠦ ᠬᠡᠷᠡᠭᠲᠡᠢ᠃      ᠬᠠᠷᠢᠯᠴᠠᠬᠤ ᠬᠥᠮᠥᠨ᠄ ᠸᠠᠩ ᠵᠢᠩ       ᠬᠠᠷᠢᠯᠴᠠᠬᠤ ᠤᠲᠠᠰᠤ᠄ 0471︱4314387      ᠰᠢᠤᠳᠠᠨ ᠢᠶᠠᠷ ᠢᠯᠡᠭᠡᠬᠦ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠣᠷᠳᠣᠰ ᠵᠡᠭᠦᠨ ᠵᠡᠭᠡᠯᠢ ᠶᠢᠨ ᠱᠠᠩ ᠳ᠋ᠦᠩ ᠣᠯᠠᠨ ᠤᠯᠤᠰ ᠤᠨ ᠠᠰᠠᠷ ᠤᠨ B ᠰᠠᠭᠤᠳᠠᠯ ᠤᠨ 910      ᠰᠢᠤᠳᠠᠨ ᠳ᠋ᠤᠭᠠᠷ᠄ 010010      ︵ᠳᠥᠷᠪᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠥᠷᠲᠡᠭᠡ ᠠᠴᠠ ᠳᠠᠩᠰᠠᠯᠠᠭᠤᠯᠬᠤ ᠭᠤᠶᠤᠴᠢᠯᠠᠯ ᠢ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ ᠳᠠᠩᠰᠠᠯᠠᠭᠤᠯᠬᠤ ᠶᠢ ᠨᠤᠲᠠᠯᠠᠬᠤ ᠠᠷᠭ᠎ᠠ ᠮᠠᠶ᠋ᠢᠭ ᠨᠢ ᠰᠢᠭᠤᠳ ᠨᠤᠳᠠᠯᠠᠬᠤ ᠪᠤᠯ ᠭᠤᠶᠤᠴᠢᠯᠠᠯ ᠢ ᠰᠢᠭᠤᠳ ᠬᠦᠯᠢᠶᠡᠨ ᠠᠪᠴᠤ ᠰᠢᠢᠳᠪᠦᠷᠢᠯᠡᠨ᠎ᠡ᠃ ᠳᠠᠩᠰᠠᠯᠠᠭᠤᠯᠤᠨ ᠨᠤᠲᠠᠯᠠᠬᠤ ᠠᠷᠭ᠎ᠠ ᠮᠠᠶ᠋ᠢᠭ  ᠨᠢ ᠮᠠᠲ᠋ᠧᠷᠢᠶᠠᠯ ᠢ ᠬᠢᠨᠠᠨ ᠪᠠᠶᠢᠴᠠᠭᠠᠵᠤ ᠨᠤᠲᠠᠯᠠᠬᠤ ᠪᠠ ᠲᠤᠬᠠᠢ ᠶᠢᠨ ᠲᠠᠯᠠᠪᠤᠷ ᠲᠤᠨᠢ ᠬᠢᠨᠠᠨ ᠪᠠᠶᠢᠴᠠᠭᠠᠵᠤ ᠨᠤᠲᠠᠯᠠᠬᠤ ᠪᠤᠯ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ ᠲᠥᠷᠥᠯ ᠵᠦᠢᠯ ᠤᠨ ᠳᠤᠭᠤᠶᠢᠯᠠᠩ ᠢ ᠲᠣᠬᠢᠷᠠᠭᠤᠯᠤᠨ ᠳᠠᠩᠰᠠᠯᠠᠭᠤᠯᠤᠨ ᠨᠤᠳᠠᠯᠠᠭᠤᠯᠵᠤ᠂ ᠦᠨᠡᠮᠯᠡᠯ ᠣᠯᠣᠭᠰᠠᠨ ᠦᠢᠯᠡᠳᠪᠦᠷᠢᠯᠡᠭᠴᠢᠳ ᠥᠪᠡᠷ ᠢᠶᠠᠨ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠲᠥᠷᠥᠯ ᠵᠦᠢᠯ ᠤᠨ ᠳᠤᠭᠤᠶᠢᠯᠠᠩ ᠳᠤ ᠬᠠᠮᠢᠶ᠎ᠠ ᠪᠦᠬᠦᠢ ᠮᠠᠲ᠋ᠧᠷᠢᠶᠠᠯ ᠢ ᠴᠠᠭ ᠲᠤᠬᠠᠢ  ᠳᠤᠨᠢ ᠬᠠᠩᠭᠠᠬᠤ ᠬᠡᠷᠡᠭᠲᠡᠢ᠃ ᠳᠠᠩᠰᠠᠯᠠᠭᠤᠯᠬᠤ ᠨᠤᠲᠠᠯᠠᠯᠲᠠ ᠶᠢᠨ ᠠᠷᠭ᠎ᠠ ᠮᠠᠶ᠋ᠢᠭ ᠨᠢ ᠨᠤᠲᠠᠯᠠᠨ ᠵᠥᠪᠰᠢᠶᠡᠷᠡᠬᠦ ᠦᠭᠡᠢ ᠪᠠᠶᠢᠪᠠᠯ᠂ ᠨᠤᠲᠠᠯᠠᠨ ᠵᠥᠪᠰᠢᠶᠡᠷᠡᠭᠦᠯᠬᠦ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃      ︵ᠲᠠᠪᠤ︶ ᠴᠠᠶᠢᠶ᠋ᠢᠦ ᠮᠠᠰᠢᠨ ᠢ ᠢᠵᠢ ᠪᠦᠷᠢᠳᠦᠭᠦᠯᠦᠭᠰᠡᠨ ᠲᠠᠷᠢᠶᠠᠯᠠᠩ ᠤᠨ ᠮᠠᠰᠢᠨ ᠤ ᠦᠢᠯᠡᠳᠬᠦᠨ ᠨᠢ ᠤᠯᠤᠰ ᠤᠨ ᠳᠥᠷᠪᠡᠳᠦᠭᠡᠷ ᠳᠡᠰ ᠤᠨ ᠭᠠᠳᠠᠭᠰᠢᠯᠠᠭᠤᠯᠤᠯᠲᠠ ᠶᠢᠨ ᠱᠠᠭᠠᠷᠳᠠᠯᠭ᠎ᠠ ᠳᠤ ᠬᠦᠷᠦᠭᠰᠡᠨ ᠪᠠᠶᠢᠬᠤ ᠬᠡᠷᠡᠭᠲᠡᠢ ᠪᠥᠭᠡᠳ ᠦᠨᠡᠮᠯᠡᠯ ᠤᠨ ᠬᠤᠭᠤᠴᠠᠭ᠎ᠠ ᠲᠤᠯᠬᠤ ᠠᠴᠠ 6 ᠰᠠᠷ᠎ᠠ ᠶᠢᠨ ᠡᠮᠦᠨ᠎ᠡ ᠤᠯᠤᠰ ᠤᠨ ᠳᠥᠷᠪᠡᠳᠦᠭᠡᠷ ᠳᠡᠰ ᠤᠨ ᠦᠢᠯᠡᠳᠬᠦᠨ ᠤ ᠬᠤᠪᠢᠷᠠᠭᠤᠯᠤᠯᠲᠠ ᠶᠢᠨ ᠨᠤᠲᠠᠯᠠᠯᠲᠠ ᠶᠢ ᠪᠡᠶᠡᠯᠡᠭᠦᠯᠵᠦ᠂ ᠳᠠᠩᠰᠠᠯᠠᠭᠤᠯᠬᠤ ᠭᠤᠶᠤᠴᠢᠯᠠᠯ ᠢᠶᠠᠨ ᠲᠤᠰᠢᠶᠠᠬᠤ ᠦᠶ᠎ᠡ ᠳᠤ᠂ ᠦᠨᠡᠮᠯᠡᠯ ᠤᠨ ᠳᠣᠲᠣᠷᠠᠬᠢ ᠪᠦᠬᠦ ᠦᠢᠯᠡᠳᠬᠦᠨ ᠤ ᠬᠡᠯᠪᠡᠷᠢ ᠮᠠᠶ᠋ᠢᠭ ᠢ ᠤᠯᠤᠰ ᠤᠨ ᠳᠥᠷᠪᠡᠳᠦᠭᠡᠷ ᠳᠡᠰ ᠤᠨ ᠦᠢᠯᠡᠳᠬᠦᠨ ᠭᠡᠵᠦ ᠬᠤᠪᠢᠷᠠᠭᠤᠯᠪᠠᠯ ᠵᠣᠬᠢᠨ᠎ᠠ᠂ ᠡᠰᠡ ᠲᠡᠭᠡᠪᠡᠯ ᠳᠠᠩᠰᠠᠯᠠᠭᠤᠯᠬᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃      ᠳᠠᠭᠠᠯᠳᠤᠭᠤᠯᠤᠯ᠄ ᠲᠠᠷᠢᠶᠠᠯᠠᠩ ᠤᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠯᠲᠠ ᠶᠢᠨ ᠦᠨᠡᠮᠯᠡᠯ ᠳᠠᠩᠰᠠᠯᠠᠭᠤᠯᠬᠤ ᠭᠤᠶᠤᠴᠢᠯᠠᠯ ᠤᠨ ᠬᠦᠰᠦᠨᠦᠭᠲᠦ                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠢ ᠶᠢᠨ ᠮᠠᠰᠢᠨ ᠤ ᠲᠤᠷᠰᠢᠯᠲᠠ ᠶᠢᠨ ᠬᠢᠨᠠᠨ ᠲᠣᠭᠲᠠᠭᠠᠬᠤ ᠥᠷᠲᠡᠭᠡ                                          2024 ᠣᠨ ᠤ 6 ᠰᠠᠷ᠎ᠠ ᠶᠢᠨ 18 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号