ᠰᠢᠨᠬᠤᠸᠠ ᠬᠤᠷᠢᠶ᠎ᠠ ᠶᠢᠨ ᠰᠢᠨᠢᠩ ᠤᠨ 6 ᠰᠠᠷ᠎ᠠ ᠶᠢᠨ 20 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ | ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠣᠶᠢᠷ᠎ᠠ ᠳᠤ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠬᠥᠬᠡᠨᠠᠭᠤᠷ ᠤᠨ | ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ | ᠪᠦᠭᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠠᠬᠢ ᠬᠥᠬᠡᠨᠠᠭᠤᠷ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠶᠢ ᠪᠠᠲᠤ ᠡᠵᠡᠮᠳᠡᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ | ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ᠂ ᠬᠠᠮᠲᠤ ᠪᠠᠷ ᠪᠠᠶᠠᠵᠢᠬᠤ ᠶᠢ ᠪᠠᠷᠢᠮᠲᠠᠯᠠᠵᠤ᠂ | ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠠᠯ᠎ᠠ ᠪᠠᠷ ᠨᠠᠩ ᠶᠡᠭᠡ ᠠᠬᠢᠯᠲᠠ ᠲᠠᠢ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠬᠥᠬᠡᠨᠠᠭᠤᠷ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | 6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠬᠥᠬᠡᠨᠠᠭᠤᠷ ᠲᠤ ᠰᠢᠨᠵᠢᠯᠡᠨ ᠪᠠᠶᠢᠴᠠᠭᠠᠪᠠ᠃ ᠵᠢᠷᠤᠭ ᠪᠣᠯ 18 ᠤ ᠦᠳᠡ ᠶᠢᠨ ᠬᠤᠶᠢᠨ᠎ᠠ ᠂ ᠰᠢ ᠶᠢᠨ ᠫᠢᠩ ᠭᠤᠯᠤᠭ | ᠰᠢᠨᠢᠩ ᠤᠨ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠳᠠᠭᠠᠨ ᠪᠠᠭᠰᠢ ᠰᠤᠷᠤᠬᠴᠢᠳ ᠲᠠᠢ | ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | | | | 6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠬᠥᠬᠡᠨᠠᠭᠤᠷ ᠲᠤ ᠰᠢᠨᠵᠢᠯᠡᠨ ᠪᠠᠶᠢᠴᠠᠭᠠᠪᠠ᠃ ᠵᠢᠷᠤᠭ ᠪᠣᠯ 18 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠨᠢᠩ | ᠬᠤᠳᠠ ᠶᠢᠨ ᠴᠧᠩ ᠵᠦᠩ ᠲᠣᠭᠤᠷᠢᠭ ᠲᠤ ᠪᠠᠶᠢᠷᠢᠯᠠᠵᠤ ᠪᠠᠶᠢᠭ᠎ᠠ ᠮᠠᠰᠢᠳᠠ ᠰᠡᠬᠡᠭᠡᠷᠡᠭᠦᠯᠦᠭᠴᠢ ᠬᠡᠶᠢᠳ ᠲᠤ ᠰᠢᠨᠵᠢᠯᠡᠨ | ᠪᠠᠶᠢᠴᠠᠭᠠᠵᠤ ᠪᠠᠶᠢᠭ᠎ᠠ ᠨᠢ᠃ | | 6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠰᠢ ᠶᠢᠨ ᠫᠢᠩ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ | ᠶᠢᠨ ᠱᠦᠵᠢ ᠴᠧᠨ ᠭᠠᠩ ᠪᠣᠯᠣᠨ ᠮᠤᠵᠢ ᠶᠢᠨ ᠳᠠᠷᠤᠭ᠎ᠠ ᠦ᠋ ᠰᠢᠶᠣᠣ ᠵᠢᠶᠦ᠋ᠨ ᠤ ᠪᠠᠷ᠎ᠠ ᠪᠤᠯᠣᠯᠭ᠎ᠠ ᠲᠠᠢ ᠪᠠᠷ ᠰᠢᠨᠢᠩ | ᠬᠤᠲᠠ ᠶᠢᠨ ᠰᠤᠷᠭᠠᠭᠤᠯᠢ᠂ ᠱᠠᠰᠢᠨ ᠰᠤᠷᠲᠠᠬᠤᠨ ᠤ ᠲᠠᠯᠠᠪᠤᠷ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠪᠠ᠃ | 18 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠭᠤᠯᠤᠭ ᠰᠢᠨᠢᠩ ᠤᠨ ᠦᠨᠳᠦᠰᠦᠲᠡᠨ ᠤ | ᠳᠤᠮᠳᠠᠳᠤ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠪᠠ᠃ ᠡᠨᠡ ᠪᠣᠯ ᠭᠤᠯᠤᠭ ᠲᠥᠪᠡᠳ ᠦᠨᠳᠦᠰᠦᠲᠡᠨ ᠤ | ᠥᠪᠡᠷᠲᠡᠭᠡᠨ ᠵᠠᠰᠠᠬᠤ ᠵᠧᠦ ᠳᠤ ᠬᠠᠷᠢᠶᠠᠯᠠᠭᠳᠠᠬᠤ ᠪᠠᠶᠢᠷᠢ ᠳᠤ ᠰᠠᠭᠤᠬᠤ ᠳᠦᠷᠢᠮᠲᠦ ᠳᠤᠮᠳᠠᠳᠤ ᠰᠤᠷᠭᠠᠭᠤᠯᠢ ᠪᠠᠶᠢᠵᠤ᠂ | ᠱᠠᠩᠬᠠᠢ ᠬᠤᠲᠠ ᠠᠴᠠ ᠪᠡᠯᠡ ᠣᠷᠣᠭᠤᠯᠤᠨ ᠲᠤᠰᠠᠯᠠᠨ ᠪᠠᠶᠢᠭᠤᠯᠪᠠ᠃ ᠰᠢ ᠶᠢᠨ ᠫᠢᠩ ᠱᠠᠩᠬᠠᠢ ᠵᠡᠷᠭᠡ ᠵᠡᠭᠦᠨ ᠬᠡᠰᠡᠭ ᠤᠨ | ᠭᠠᠵᠠᠷ ᠣᠷᠣᠨ ᠤ ᠬᠥᠬᠡᠨᠠᠭᠤᠷ ᠤᠨ ᠰᠤᠷᠭᠠᠨ ᠬᠥᠮᠦᠵᠢᠯ ᠤᠨ ᠠᠵᠢᠯ ᠪᠠ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ | ᠲᠤᠰᠠᠯᠠᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠰᠤᠷᠤᠬᠴᠢᠳ ᠤᠨ ᠪᠦᠷᠢᠯᠳᠦᠴᠡ᠂ ᠬᠢᠴᠢᠶᠡᠯ ᠤᠨ | ᠲᠣᠬᠢᠷᠠᠭᠤᠯᠤᠯᠲᠠ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠨᠡᠶᠢᠲᠡᠯᠢᠭ ᠬᠡᠯᠡᠨ ᠤ ᠲᠦᠪᠰᠢᠨ ᠵᠡᠷᠭᠡ ᠪᠠᠶᠢᠳᠠᠯ ᠢ ᠨᠠᠷᠢᠯᠢᠭ | ᠠᠰᠠᠭᠤᠵᠤ᠂ ᠬᠤᠭᠤᠯᠠᠨ ᠭᠡᠷ᠂ ᠪᠠᠶᠢᠷᠢ ᠶᠢᠨ ᠠᠰᠠᠷ ᠲᠤ ᠣᠷᠣᠵᠤ ᠰᠤᠷᠤᠬᠴᠢᠳ ᠤᠨ ᠬᠤᠭᠤᠯᠠ ᠢᠳᠡᠬᠦ ᠪᠠ ᠬᠤᠨᠣᠬᠤ | ᠨᠥᠬᠦᠴᠡᠯ ᠢ ᠪᠠᠶᠢᠴᠠᠭᠠᠨ ᠦᠵᠡᠵᠦ᠂ ᠬᠤᠭᠤᠯᠠᠨ ᠭᠡᠷ ᠤᠨ ᠠᠵᠢᠯᠲᠠᠳ ᠲᠤ ᠡᠷᠬᠡᠪᠰᠢ ᠰᠤᠷᠤᠬᠴᠢᠳ ᠤᠨ ᠢᠳᠡᠭᠡᠨ | ᠤᠮᠳᠠᠭᠠᠨ ᠤ ᠠᠮᠤᠷ ᠲᠦᠪᠰᠢᠨ᠂ ᠰᠢᠮ᠎ᠡ ᠲᠡᠵᠢᠭᠡᠯ ᠲᠠᠢ ᠠᠮᠲᠠᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃ | ᠲᠠᠷᠠᠭ᠎ᠠ ᠨᠢ᠂ ᠲᠡᠷᠡ ᠥᠨᠳᠥᠷ ᠳᠤᠮᠳᠠᠳᠤ ᠶᠢᠨ ᠨᠢᠭᠡᠳᠦᠭᠡᠷ ᠣᠨ ᠤ ︵1︶ ᠠᠩᠭᠢ ᠶᠢᠨ ᠬᠢᠴᠢᠶᠡᠯ ᠤᠨ ᠭᠡᠷ ᠲᠤ ᠬᠦᠷᠴᠦ᠂ | ︽ᠰᠢᠨ᠎ᠡ ᠴᠠᠭ ᠦᠶ᠎ᠡ᠂ ᠰᠢᠨ᠎ᠡ ᠨᠤᠲᠤᠭ ᠤᠰᠤ︾ ᠭᠡᠬᠦ ᠭᠤᠣᠯ ᠰᠡᠳᠦᠪᠲᠦ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠢ ᠲᠣᠭᠤᠷᠢᠨ ᠦᠵᠡᠪᠡ᠃ ᠰᠤᠷᠭᠠᠭᠤᠯᠢ ᠶᠢᠨ ᠬᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ | ᠠᠭᠤᠯᠭ᠎ᠠ ᠶᠢ ᠡᠳᠦᠷ ᠳᠤᠳᠤᠮ ᠤᠨ ᠵᠢᠭᠠᠨ ᠰᠤᠷᠭᠠᠯᠲᠠ ᠳᠠᠭᠠᠨ ᠠᠭᠤᠰᠤᠯᠴᠠᠭᠤᠯᠵᠤ᠂ ᠬᠡᠦᠬᠡᠳ ᠤᠳ ᠤᠨ ᠰᠢᠨ᠎ᠡ ᠴᠠᠭ | ᠦᠶ᠎ᠡ ᠶᠢᠨ ᠨᠤᠲᠤᠭ ᠤᠰᠤᠨ ᠤ ᠪᠠᠨ ᠪᠠᠶᠠᠷᠯᠠᠭᠤᠰᠢᠲᠠᠢ ᠬᠤᠪᠢᠷᠠᠯᠲᠠ ᠶᠢ ᠶᠠᠷᠢᠬᠤ ᠶᠢ ᠰᠣᠨᠣᠰᠴᠤ᠂ ᠬᠡᠦᠬᠡᠳ ᠤᠳ ᠤᠨ | ᠵᠢᠷᠤᠭ ᠪᠦᠲᠦᠭᠡᠯ ᠢ ᠦᠵᠡᠭᠡᠳ ᠰᠢ ᠶᠢᠨ ᠫᠢᠩ ᠮᠠᠰᠢ ᠪᠠᠶᠠᠷᠯᠠᠪᠠ᠃ ᠲᠡᠷᠡ᠂ ᠰᠤᠷᠭᠠᠨ ᠬᠥᠮᠦᠵᠢᠯ ᠢ ᠪᠠᠭᠲᠠᠭᠠᠭᠰᠠᠨ ᠵᠡᠭᠦᠨ | ᠪᠠᠷᠠᠭᠤᠨ ᠣᠷᠣᠨ ᠤ ᠬᠠᠮᠵᠢᠯᠴᠠᠭ᠎ᠠ ᠪᠣᠯᠣᠨ ᠠᠵᠢᠯ ᠲᠦᠷᠦᠯ ᠢᠶᠠᠷ ᠢᠶᠠᠨ ᠲᠤᠰᠠᠯᠠᠬᠤ ᠠᠵᠢᠯ ᠢᠯᠡᠳᠲᠡ ᠦᠷ᠎ᠡ ᠪᠦᠲᠦᠮᠵᠢ | ᠣᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠶᠡᠭᠡ | ᠭᠡᠷ ᠪᠦᠯᠢ ᠶᠢᠨ ᠬᠠᠶᠢᠷ᠎ᠠ ᠬᠠᠯᠠᠮᠵᠢ ᠶᠢ ᠭᠦᠢᠴᠡᠳ ᠢᠯᠡᠷᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ | ᠨᠢᠭᠡᠨ ᠭᠤᠣᠯᠳᠠᠯᠭ᠎ᠠ ᠪᠤᠯᠭᠠᠵᠤ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠯᠢᠭᠡᠷ ᠢ ᠰᠠᠶᠢᠲᠤᠷ ᠶᠠᠷᠢᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠤᠭᠰᠠᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ | ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠭ᠎ᠠ ᠨᠠᠰᠤᠨ ᠠᠴᠠ ᠨᠢ ᠬᠡᠦᠬᠡᠳ ᠤᠨ | ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠪᠡ᠃ | ᠵᠢᠭᠠᠨ ᠰᠤᠷᠭᠠᠬᠤ ᠠᠰᠠᠷ ᠤᠨ ᠡᠮᠦᠨᠡᠬᠢ ᠠᠭᠤᠳᠠᠮ ᠲᠠᠯᠠᠪᠠᠢ ᠳᠤ᠂ ᠪᠠᠭᠰᠢ ᠰᠤᠷᠤᠬᠴᠢᠳ ᠬᠤᠶᠢᠨ᠎ᠠ | ᠬᠤᠶᠢᠨ᠎ᠠ ᠠᠴᠠ ᠪᠠᠨ ᠬᠦᠷᠢᠶᠡᠯᠡᠨ ᠢᠷᠡᠵᠦ᠂ ᠥᠨᠳᠥᠷ ᠳᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ᠃ | ᠰᠢ ᠶᠢᠨ ᠫᠢᠩ ᠤᠯᠠᠨ ᠳᠤ᠂ ᠪᠢ ᠰᠢᠨᠢᠩ ᠳᠤ ᠬᠦᠷᠴᠦ ᠢᠷᠡᠭᠰᠡᠨ ᠤ ᠲᠠᠷᠠᠭ᠎ᠠ ᠡᠩ ᠲᠡᠷᠢᠭᠦᠨ ᠳᠤ ᠪᠠᠭᠰᠢ ᠪᠣᠯᠣᠨ | ᠰᠤᠷᠤᠬᠴᠢᠳ ᠢ ᠡᠷᠭᠢᠵᠦ ᠦᠵᠡᠬᠦ ᠪᠠᠷ ᠢᠷᠡᠯ᠎ᠡ᠃ ᠱᠠᠩᠬᠠᠢ ᠠᠴᠠ ᠲᠤᠰᠠᠯᠠᠨ ᠪᠦᠲᠦᠭᠡᠨ ᠪᠠᠶᠢᠭᠤᠯᠤᠭᠰᠠᠨ ᠡᠨᠡ ᠬᠦ ᠳᠤᠮᠳᠠᠳᠤ | ᠰᠤᠷᠭᠠᠭᠤᠯᠢ ᠭᠤᠯᠤᠭ ᠤᠨ ᠮᠠᠯᠵᠢᠬᠤ ᠣᠷᠣᠨ ᠠᠴᠠ ᠢᠷᠡᠭᠰᠡᠨ ᠡᠯ᠎ᠡ ᠦᠨᠳᠦᠰᠦᠲᠡᠨ ᠤ ᠬᠡᠦᠬᠡᠳ ᠢ ᠬᠥᠮᠥᠵᠢᠭᠦᠯᠦᠭᠡᠳ | ᠢᠯᠡᠳᠲᠡ ᠦᠷ᠎ᠡ ᠪᠦᠲᠦᠮᠵᠢ ᠣᠯᠵᠤ᠂ ᠠᠯᠤᠰ ᠭᠡᠲᠦ ᠶᠢᠨ ᠠᠴᠢ ᠬᠤᠯᠪᠣᠭᠳᠠᠯ ᠲᠠᠢ ᠶᠤᠮ᠃ ᠬᠡᠦᠬᠡᠳ ᠤᠳ ᠠᠳᠡᠬᠢ ᠰᠠᠶᠢᠨ | ᠰᠠᠶᠢᠬᠠᠨ ᠨᠥᠬᠦᠴᠡᠯ ᠢ ᠨᠡᠩ ᠨᠠᠨᠳᠢᠩᠨᠠᠵᠤ᠂ ᠠᠴᠢ ᠡᠨᠡᠷᠢᠯ ᠳᠤ ᠲᠠᠯᠠᠷᠬᠠᠵᠤ᠂ ᠰᠠᠶᠢᠲᠤᠷ ᠰᠤᠷᠤᠯᠴᠠᠵᠤ᠂ ᠶᠣᠰᠣ ᠰᠤᠷᠲᠠᠬᠤᠨ | ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠵᠠᠯᠭᠠᠮᠵᠢᠯᠠᠭᠴᠢ ᠪᠠ ᠪᠦᠲᠦᠭᠡᠨ ᠪᠠᠶᠢᠭᠤᠯᠤᠭᠴᠢ ᠪᠤᠯᠬᠤ ᠪᠠᠷ ᠵᠣᠷᠢᠭ | ᠰᠢᠭᠤᠳᠴᠤ᠂ ᠥᠪᠡᠷ ᠤᠨ ᠠᠮᠢᠳᠤᠷᠠᠯ ᠳᠠᠭᠠᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠠᠵᠠ ᠲᠣᠭᠢᠶᠠᠯ ᠣᠯᠬᠤ ᠪᠠᠷ | ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠳᠣᠲᠣᠨᠣ ᠪᠠᠷ ᠬᠡᠯᠡᠪᠡ᠃ ᠲᠡᠷᠡ ᠬᠡᠦᠬᠡᠳ ᠤᠳ ᠤᠨ ᠰᠤᠷᠤᠯᠭ᠎ᠠ ᠶᠢᠨ ᠥᠨᠳᠥᠷ | ᠠᠮᠵᠢᠯᠲᠠ᠂ ᠡᠷᠡᠭᠦᠯ ᠴᠢᠭᠢᠷᠠᠭ ᠢᠶᠠᠷ ᠥᠰᠦᠨ ᠪᠣᠶᠢᠵᠢᠬᠤ ᠶᠢ ᠬᠦᠰᠡᠨ ᠵᠥᠩᠨᠡᠪᠡ᠃ | ᠲᠠᠷᠠᠭ᠎ᠠ ᠨᠢ᠂ ᠰᠢ ᠶᠢᠨ ᠫᠢᠩ ᠰᠢᠨᠢᠩ ᠬᠤᠳᠠ ᠶᠢᠨ ᠴᠧᠩ ᠵᠦᠩ ᠲᠣᠭᠤᠷᠢᠭ ᠤᠨ ᠮᠠᠰᠢᠳᠠ ᠰᠡᠬᠡᠭᠡᠷᠡᠭᠦᠯᠦᠭᠴᠢ | ᠬᠡᠶᠢᠳ ᠲᠤ ᠭᠦᠷᠪᠡ᠃ ᠬᠡᠶᠢᠳ ᠤᠨ ᠡᠮᠦᠨᠡᠬᠢ ᠬᠦᠷᠢᠶᠡᠨ ᠳᠤ᠂ ᠮᠠᠰᠢᠳᠠ ᠰᠡᠬᠡᠭᠡᠷᠡᠭᠦᠯᠦᠭᠴᠢ ᠬᠡᠶᠢᠳ ᠤᠨ ᠠᠷᠠᠳᠴᠢᠯᠠᠭᠰᠠᠨ | ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠠᠴᠠ ᠶᠡᠷᠦᠩᠬᠡᠢ ᠱᠦᠵᠢ ᠳᠤ ᠬᠠᠳᠠᠭ ᠪᠠᠷᠢᠵᠤ᠂ ᠯᠠᠮᠠ ᠬᠤᠸᠠᠷᠠᠭ | ᠭᠦᠯᠢᠰ ᠡᠷᠭᠦᠵᠦ᠂ ᠡᠷᠳᠡᠨᠢ ᠰᠢᠬᠦᠷ ᠪᠠᠷᠢᠵᠤ ᠶᠡᠷᠦᠩᠬᠡᠢ ᠱᠦᠵᠢ ᠶᠢ ᠤᠭᠲᠤᠪᠠ᠃ ᠰᠢ ᠶᠢᠨ ᠫᠢᠩ ᠬᠥᠬᠡᠨᠠᠭᠤᠷ ᠮᠤᠵᠢ ᠶᠢᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ ᠤ ᠳᠡᠯᠭᠡᠨ ᠦᠵᠡᠭᠦᠯᠭᠡ ᠵᠡᠷᠭᠡ ᠶᠢ ᠲᠣᠭᠤᠷᠢᠨ | ᠦᠵᠡᠵᠦ᠂ ᠰᠦᠮ᠎ᠡ ᠬᠡᠶᠢᠳ ᠤᠨ ᠲᠡᠦᠬᠡ ᠶᠢᠨ ᠤᠯᠠᠷᠢᠯ ᠬᠤᠪᠢᠰᠤᠯ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ | ᠦᠨᠳᠦᠰᠦᠲᠡᠨ ᠤ ᠠᠵᠢᠯ ᠪᠣᠯᠣᠨ ᠱᠠᠰᠢᠨ ᠰᠤᠷᠲᠠᠬᠤᠨ ᠤ ᠠᠵᠢᠯ ᠢ ᠬᠠᠯᠠᠮᠵᠢᠯᠠᠨ ᠠᠬᠢᠭᠤᠯᠤᠭᠰᠠᠨ ᠪᠠᠶᠢᠳᠠᠯ ᠢ ᠣᠶᠢᠯᠠᠭᠠᠪᠠ᠃ | ᠲᠡᠷᠡ ᠶᠡᠭᠡ ᠳᠤᠭᠠᠩ ᠳᠤ ᠣᠷᠣᠵᠤ᠂ ᠰᠦᠮ᠎ᠡ ᠬᠡᠶᠢᠳ ᠤᠨ ᠡᠳᠦᠷ ᠲᠤᠳᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠭᠰᠠᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ | ᠰᠢ ᠶᠢᠨ ᠫᠢᠩ᠂ ᠮᠠᠰᠢᠳᠠ ᠰᠡᠬᠡᠭᠡᠷᠡᠭᠦᠯᠦᠭᠴᠢ ᠬᠡᠶᠢᠳ ᠡᠨᠡ ᠬᠦ ᠮᠢᠩᠭᠠᠨ ᠣᠨ ᠤ ᠡᠷᠲᠡᠨ ᠤ ᠰᠦᠮ᠎ᠡ ᠨᠢ ᠤᠯᠠᠨ ᠦᠶ᠎ᠡ ᠶᠢᠨ | ᠲᠥᠪ ᠤᠨ ᠵᠠᠰᠠᠭ ᠤᠨ ᠣᠷᠳᠣᠨ ᠪᠣᠯᠣᠨ ᠲᠥᠪᠡᠳ ᠤᠨ ᠪᠤᠳ᠋ᠳ᠋ᠾᠠ ᠶᠢᠨ ᠱᠠᠰᠢᠨ ᠤ ᠬᠠᠷᠢᠯᠴᠠᠭ᠎ᠠ ᠶᠢ ᠨᠡᠮᠡᠭᠳᠡᠭᠦᠯᠬᠦ ᠲᠠᠯ᠎ᠠ ᠪᠠᠷ | ᠴᠢᠬᠤᠯᠠ ᠬᠥᠭᠦᠷᠭᠡ ᠬᠤᠯᠪᠣᠭᠠᠰᠤ ᠶᠢᠨ ᠦᠢᠯᠡᠳᠦᠯ ᠦᠵᠡᠭᠦᠯᠵᠡᠢ᠃ ᠡᠨᠡ ᠬᠦ ᠬᠤᠪᠣᠷ ᠨᠠᠨᠳᠢᠨ ᠲᠡᠦᠬᠡ ᠰᠣᠶᠣᠯ ᠤᠨ ᠥᠪ ᠢ | ᠰᠠᠶᠢᠲᠤᠷ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠠᠬᠠᠮᠠᠳ | ᠨᠢᠭᠡ ᠦᠶ᠎ᠡ ᠶᠢᠨ ᠬᠤᠪᠢᠰᠬᠠᠯᠴᠢᠳ ᠠᠴᠠ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ | ᠠᠵᠢᠯ᠂ ᠦᠨᠳᠦᠰᠦᠲᠡᠨ ᠤ ᠠᠵᠢᠯ᠂ ᠱᠠᠰᠢᠨ ᠰᠤᠷᠲᠠᠬᠤᠨ ᠤ ᠠᠵᠢᠯ ᠢ ᠨᠡᠩ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ | ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠥᠷᠭᠡᠨ ᠣᠯᠠᠨ ᠰᠦᠰᠦᠭᠳᠡᠨ ᠣᠯᠠᠨ ᠲᠦᠮᠡᠨ ᠢ ᠪᠠᠭᠲᠠᠭᠠᠭᠰᠠᠨ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠶᠢ ᠱᠠᠭᠠᠷᠳᠠᠵᠤ ᠪᠠᠶᠢᠨ᠎ᠠ᠃ ᠬᠥᠬᠡᠨᠠᠭᠤᠷ ᠤᠨ | ᠲᠥᠪᠡᠳ ᠤᠨ ᠪᠤᠳ᠋ᠳ᠋ᠾᠠ ᠶᠢᠨ ᠱᠠᠰᠢᠨ ᠤ ᠡᠲᠡᠭᠡᠳ ᠤᠨ ᠬᠢᠨ ᠤᠯᠤᠰ ᠢᠶᠠᠨ ᠬᠠᠶᠢᠷᠠᠯᠠᠵᠤ ᠱᠠᠰᠢᠨ ᠢᠶᠠᠨ ᠬᠠᠶᠢᠷᠠᠯᠠᠬᠤ | ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠱᠠᠰᠢᠨ ᠰᠤᠷᠲᠠᠬᠤᠨ ᠡᠶ᠎ᠡ ᠨᠠᠶᠢᠷᠠᠮᠳᠠᠭᠤ᠂ ᠨᠡᠶᠢᠭᠡᠮ ᠡᠶ᠎ᠡ ᠵᠣᠬᠢᠴᠠᠩᠭᠤᠢ᠂ | ᠦᠨᠳᠦᠰᠦᠲᠡᠨ ᠡᠶ᠎ᠡ ᠨᠠᠶᠢᠷᠲᠠᠢ ᠪᠠᠶᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠠᠬᠢᠴᠠ ᠳᠤ ᠢᠳᠡᠪᠬᠢᠲᠡᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | 19 ᠤ ᠦᠳᠡ ᠶᠢᠨ ᠡᠮᠦᠨ᠎ᠡ᠂ ᠰᠢ ᠶᠢᠨ ᠫᠢᠩ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠬᠡᠨᠠᠭᠤᠷ ᠤᠨ ᠡᠯ᠎ᠡ ᠵᠦᠢᠯ ᠤᠨ ᠠᠵᠢᠯ ᠤᠨ ᠣᠯᠣᠭᠰᠠᠨ | ᠬᠢᠷᠢ ᠪᠦᠲᠦᠮᠵᠢ ᠶᠢ ᠨᠤᠲᠠᠯᠠᠪᠠ᠃ | ᠰᠢ ᠶᠢᠨ ᠫᠢᠩ᠂ ᠬᠥᠬᠡᠨᠠᠭᠤᠷ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ ᠠᠵᠤ ᠦᠢᠯᠡᠰ ᠤᠨ ᠬᠥᠭᠵᠢᠯᠲᠡ ᠳᠤ ᠡᠷᠬᠡᠪᠰᠢ ᠬᠢᠬᠦ ᠶᠣᠰᠣᠲᠠᠢ ᠶᠢ ᠨᠢ ᠬᠢᠵᠦ᠂ | ᠬᠢᠬᠦ ᠴᠢᠬᠤᠯᠠ ᠦᠭᠡᠢ ᠶᠢ ᠨᠢ ᠬᠢᠬᠦ ᠦᠭᠡᠢ ᠪᠠᠶᠢᠬᠤ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠤᠨ ᠣᠨᠴᠠᠯᠢᠭ ᠪᠠ | ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠣᠶᠢᠵᠢᠭᠤᠯᠬᠤ ᠬᠡᠷᠡᠭᠲᠡᠢ᠃ | ᠡᠬᠢ ᠪᠠᠶᠠᠯᠢᠭ ᠤᠨ ᠡᠯᠧᠮᠧᠨ᠋ᠲ ᠢ ᠪᠦᠲᠦᠮᠵᠢᠲᠡᠢ ᠲᠥᠪᠯᠡᠷᠡᠭᠦᠯᠵᠦ᠂ ᠳᠡᠯᠡᠬᠡᠢ ᠶᠢᠨ ᠲᠡᠰ ᠤᠨ ᠳᠠᠪᠤᠰᠤᠨ ᠨᠠᠭᠤᠷ ᠤᠨ ᠠᠵᠤ | ᠦᠢᠯᠡᠰ ᠤᠨ ᠰᠠᠭᠤᠷᠢᠨ ᠢ ᠲᠦᠷᠭᠡᠳᠬᠡᠨ ᠪᠠᠶᠢᠭᠤᠯᠵᠤ᠂ ᠤᠯᠤᠰ ᠤᠨ ᠴᠡᠪᠡᠷ ᠡᠨᠧᠷᠭᠢ ᠶᠢᠨ ᠠᠵᠤ ᠦᠢᠯᠡᠰ ᠤᠨ | ᠥᠨᠳᠦᠷᠯᠢᠭ᠂ ᠤᠯᠠᠨ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠬᠠᠷᠠᠯᠲᠠᠲᠤ ᠭᠠᠵᠠᠷ᠂ ᠪᠣᠬᠢᠷᠳᠤᠯ ᠦᠭᠡᠢ ᠣᠷᠭᠠᠨᠢᠭ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠭᠠᠵᠠᠷ ᠢ ᠪᠠᠶᠢᠭᠤᠯᠬᠤ ᠬᠡᠷᠡᠭᠲᠡᠢ᠃ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢᠶᠠᠨ ᠤᠯᠠᠷᠢᠭᠤᠯᠬᠤ ᠶᠢ ᠬᠤᠶᠠᠷ | ᠲᠠᠯ᠎ᠠ ᠪᠠᠷ ᠠᠳᠬᠤᠬᠤ ᠶᠢ ᠪᠠᠷᠢᠮᠲᠠᠯᠠᠨ᠂ ᠰᠢᠨ᠎ᠡ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠪᠣᠶᠢᠵᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠭᠡᠭᠡᠯᠲᠡ ᠶᠢ | ᠥᠷᠭᠡᠳᠬᠡᠨ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢᠨ ᠬᠥᠭᠵᠢᠯᠲᠡ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠪᠣᠬᠢᠷᠳᠤᠯ ᠦᠭᠡᠢ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠮᠤᠵᠢ ᠶᠢᠨ ᠳᠣᠲᠣᠷᠠᠬᠢ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ ᠰᠢᠨᠢᠩ᠂ ᠬᠠᠢ ᠳ᠋ᠦᠩ᠂ ᠬᠠᠶᠢᠰᠢ ᠶᠢᠨ | ᠲᠤᠯᠭᠠᠭᠤᠷᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠰᠢᠶᠠᠨ ᠤ ᠬᠡᠪᠴᠢᠶᠡᠨ ᠤ ᠠᠵᠤ ᠠᠬᠤᠢ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠰᠢᠰᠲ᠋ᠧᠮ ᠡᠯᠪᠡᠭ ᠪᠠᠶᠠᠯᠢᠭ ᠤᠯᠠᠨ | ᠶᠠᠩᠵᠤ ᠶᠢᠨ ᠪᠤᠯᠪᠠᠴᠤ ᠲᠤᠶᠢᠯ ᠤᠨ ᠬᠡᠪᠡᠷᠡᠭ ᠪᠠᠶᠢᠳᠠᠭ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠴᠢᠩᠭᠠᠳᠬᠠᠵᠤ᠂ ᠠᠮᠢ ᠠᠬᠤᠢ ᠶᠢᠨ ᠴᠢᠳᠠᠮᠵᠢ ᠶᠢ ᠬᠠᠮᠤᠭ ᠤᠨ ᠶᠡᠭᠡ ᠪᠠᠷ ᠪᠡᠶᠡᠯᠡᠭᠦᠯᠬᠦ ᠪᠣᠯ ᠡᠨᠡ ᠬᠦ ᠣᠷᠣᠨ ᠪᠦᠰᠡ ᠶᠢᠨ | ᠭᠤᠣᠯ ᠡᠭᠦᠷᠭᠡ ᠪᠣᠯᠣᠨ᠎ᠠ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ ᠦᠭᠡᠢ ᠪᠠᠷ ᠬᠥᠭᠵᠢᠭᠦᠯᠬᠦ ᠶᠢ | ᠢᠮᠠᠭᠲᠠ ᠪᠠᠷᠢᠮᠲᠠᠯᠠᠵᠤ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢ ᠬᠠᠮᠠᠭᠠᠯᠠᠬᠤ ᠬᠠᠤᠯᠢ ᠶᠢ ᠨᠠᠷᠢᠨ | ᠬᠢᠨᠠᠮᠠᠭᠠᠢ ᠬᠡᠷᠡᠭᠵᠢᠭᠦᠯᠵᠦ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ ᠶᠢᠨ ᠱᠠᠭᠠᠷᠳᠠᠯᠭ᠎ᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠬᠡᠨᠠᠭᠤᠷ ᠲᠥᠪᠡᠳ ᠤᠨ ᠥᠨᠳᠦᠷᠯᠢᠭ ᠢ ᠠᠮᠢ ᠠᠬᠤᠢ ᠶᠢᠨ ᠪᠣᠯᠪᠠᠰᠤᠨ ᠤ ᠥᠨᠳᠦᠷᠯᠢᠭ | ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ | ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ | ᠲᠦᠷᠭᠡᠳᠬᠡᠨ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠪᠦᠲᠦᠮᠵᠢ ᠶᠢ | ᠪᠠᠬᠢᠵᠢᠭᠦᠯᠦᠨ ᠳᠡᠭᠡᠭᠰᠢᠯᠡᠭᠦᠯᠭᠦ ᠬᠡᠷᠡᠭᠲᠡᠢ᠃ ᠭᠤᠷᠪᠠᠨ ᠮᠥᠷᠡᠨ ᠤ ᠡᠬᠢ ᠶᠢᠨ ᠡᠨᠡ ᠬᠦ ︽ᠳᠤᠮᠳᠠᠳᠤ ᠶᠢᠨ ᠤᠰᠤᠨ | ᠰᠤᠪᠤᠷᠭ᠎ᠠ︾ ᠶᠢ ᠰᠠᠶᠢᠲᠤᠷ ᠰᠠᠬᠢᠨ ᠬᠠᠮᠠᠭᠠᠯᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠵᠤ᠂ ᠤᠰᠤᠨ ᠤ | ᠡᠬᠢ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠭᠦ ᠶᠠᠪᠤᠳᠠᠯ ᠢ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠪᠤᠯᠭᠠᠬᠤ ᠬᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠲᠥᠯᠥᠭᠡᠯᠡᠬᠦ ᠴᠢᠨᠠᠷᠲᠠᠢ ᠪᠠ | ᠳᠡᠯᠡᠬᠡᠢ ᠳᠤ ᠨᠥᠯᠥᠭᠡᠯᠡᠬᠦ ᠬᠦᠴᠦᠨ ᠲᠠᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠡᠪ ᠳᠠᠭᠤᠷᠢᠶᠠᠯ ᠢ ᠪᠤᠶ ᠪᠤᠯᠭᠠᠬᠤ | ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠤᠷᠠᠭᠤᠯᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠠᠮᠢ ᠠᠬᠤᠢ ᠲᠠᠢ ᠨᠥᠭᠦᠷᠰᠡᠭ ᠭᠡᠯᠪᠡᠷᠢ ᠶᠢᠨ ᠠᠵᠤ | ᠦᠢᠯᠡᠰ ᠢ ᠬᠥᠭᠵᠢᠭᠦᠯᠦᠨ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠴᠢᠳᠠᠯ ᠤᠨ ᠬᠢᠷᠢ ᠪᠠᠷ ᠢᠶᠠᠨ | ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠰᠠᠨᠠᠭ᠎ᠠ ᠳᠤ ᠨᠡᠶᠢᠴᠡᠭᠰᠡᠨ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠭᠰᠡᠨ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠤᠯᠠᠨ | ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠬᠦ | ᠬᠡᠷᠡᠭᠲᠡᠢ᠃ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠲᠥᠰᠥᠪᠯᠡᠵᠦ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ | ᠬᠦᠷᠦᠯᠴᠡᠬᠦᠶᠢᠴᠡ ᠴᠢᠨᠠᠷ ᠢ ᠬᠦᠴᠦᠯᠡᠨ ᠨᠡᠮᠡᠭᠳᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠡᠨᠡ ᠬᠦ ᠭᠤᠣᠯᠳᠠᠯᠭ᠎ᠠ ᠶᠢ ᠳᠤᠪᠤᠶᠢᠯᠭᠠᠵᠤ᠂ ᠥᠨᠳᠦᠷᠯᠢᠭ ᠤᠨ | ᠣᠨᠴᠠᠯᠢᠭᠲᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠪᠣᠬᠢᠷᠳᠤᠯ | ᠦᠭᠡᠢ ᠣᠷᠭᠠᠨᠢᠭ ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠵᠦ᠂ ᠥᠨᠳᠦᠷᠯᠢᠭ ᠤᠨ ᠨᠤᠲᠤᠭ ᠤᠨ ᠣᠨᠴᠠ ᠭᠠᠷᠤᠯᠲᠠ ᠶᠢᠨ | ᠲᠦᠷᠦᠯ ᠲᠡᠮᠳᠡᠭ ᠢ ᠡᠭᠦᠳᠬᠦ ᠬᠡᠷᠡᠭᠲᠡᠢ᠃ ᠥᠨᠳᠦᠷᠯᠢᠭ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠳᠠᠭᠢᠨ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ | ᠳᠠᠭᠢᠨ ᠶᠠᠳᠠᠭᠤᠷᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠢᠢ ᠱᠢ ᠱᠠᠨ ᠤ ᠭᠠᠵᠠᠷ | ᠬᠥᠳᠡᠯᠦᠯᠲᠡ ᠶᠢᠨ ᠭᠠᠮᠰᠢᠭ ᠤᠨ ᠳᠠᠷᠠᠭᠠᠬᠢ ᠰᠡᠷᠭᠦᠭᠡᠨ ᠲᠠᠭᠢᠨ ᠪᠠᠶᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠬᠡᠨᠠᠭᠤᠷ ᠪᠣᠯ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠠᠷᠬᠠᠯᠲᠠ | ᠲᠥᠪᠯᠡᠷᠡᠭᠰᠡᠨ ᠮᠤᠵᠢ ᠪᠣᠯᠣᠨ᠎ᠠ᠂ ᠦᠨᠳᠦᠰᠦᠲᠡᠨ ᠤ ᠠᠵᠢᠯ ᠪᠣᠯᠣᠨ ᠱᠠᠰᠢᠨ ᠰᠤᠷᠲᠠᠬᠤᠨ ᠤ ᠠᠵᠢᠯ ᠢ ᠦᠷᠭᠦᠯᠵᠢᠯᠡᠨ | ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ | ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠪᠦᠭᠦ | ᠲᠠᠯ᠎ᠠ ᠪᠠᠷ ᠰᠢᠭᠢᠳᠦᠨ ᠣᠷᠣᠬᠤ᠂ ᠥᠷᠭᠡᠨ ᠢᠶᠠᠷ ᠶᠠᠪᠤᠯᠴᠠᠵᠤ ᠰᠣᠯᠢᠯᠴᠠᠵᠤ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ | ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠠ ᠴᠢᠭᠯᠡᠯᠲᠡ ᠲᠦᠷᠦ ᠶᠢᠨ ᠪᠣᠳᠣᠯᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ | ᠪᠠᠷᠢᠮᠲᠠᠯᠠᠨ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠢᠯᠠᠩᠭᠤᠶ᠎ᠠ ᠱᠠᠰᠢᠨ ᠰᠤᠷᠲᠠᠬᠤᠨ ᠤ | ᠠᠵᠢᠯᠯᠠᠭ᠎ᠠ ᠶᠢᠨ ᠲᠠᠯᠠᠪᠤᠷ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠶᠠᠭ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ | ᠪᠠᠶᠢᠨ᠎ᠠ᠂ ᠦᠨᠡᠨ ᠬᠦ ᠠᠳᠬᠤᠨ ᠪᠣᠳᠠᠲᠠᠢ ᠰᠤᠷᠤᠯᠴᠠᠵᠤ᠂ ᠰᠠᠶᠢᠲᠤᠷ ᠡᠬᠢᠯᠡᠭᠦᠯᠦᠨ ᠰᠠᠶᠢᠲᠤᠷ ᠲᠡᠭᠦᠰᠬᠡᠵᠦ᠂ ᠰᠠᠬᠢᠯᠭ᠎ᠠ | ᠪᠠᠲᠤ ᠶᠢ ᠰᠤᠷᠤᠯᠴᠠᠨ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠲᠣᠳᠣᠷᠬᠠᠢ ᠣᠶᠢᠯᠠᠭᠠᠬᠤ ᠪᠠᠷ ᠰᠠᠬᠢᠯᠭ᠎ᠠ ᠪᠠᠲᠤ ᠶᠢ | ᠵᠢᠷᠤᠮᠯᠠᠨ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠭᠤᠣᠯ ᠪᠤᠯᠭᠠᠬᠰᠠᠨ ᠴᠠᠭ ᠦᠶ᠎ᠡ ᠶᠢᠨ ᠵᠣᠷᠢᠭ ᠰᠠᠨᠠᠭ᠎ᠠ ᠪᠠ ᠬᠥᠬᠡᠨᠠᠭᠤᠷ ᠲᠥᠪᠡᠳ ᠤᠨ ᠥᠨᠳᠦᠷᠯᠢᠭ ᠤᠨ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠦᠵᠡᠯ ᠰᠠᠨᠠᠭ᠎ᠠ ᠪᠠᠨ ᠴᠢᠯᠦᠭᠡᠯᠡᠨ᠂ ᠦᠵᠡᠯᠲᠡ | ᠲᠠᠨᠢᠯᠲᠠ ᠪᠠᠨ ᠬᠤᠪᠢᠷᠠᠭᠤᠯᠬᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠴᠢᠨᠠᠭᠰᠢᠳᠠ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ | ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ | ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ | ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ | ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠠᠵᠢᠯ ᠤᠨ ᠲᠣᠭᠲᠠᠴᠠ ᠶᠢ ᠨᠢᠭᠡ | ᠴᠣᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠᠷ ᠲᠥᠪ ᠰᠤᠷᠲᠠᠯ | ᠲᠡᠭᠦᠯᠳᠡᠷ ᠨᠡᠶᠢᠭᠡᠮ ᠤᠨ ᠠᠮᠢ ᠠᠬᠤᠢ ᠶᠢ ᠪᠦᠷᠢᠯᠳᠦᠭᠦᠯᠬᠦ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ |