2023 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠷᠮᠠᠰᠢᠭᠤᠯᠬᠤ ᠪᠠᠷ ᠪᠠᠶᠢᠭ᠎ᠠ ᠬᠤᠰᠢᠭᠤ ᠰᠢᠶᠠᠨ᠂ ᠭᠠᠴᠠᠭ᠎ᠠ ᠲᠣᠰᠬᠤᠨ ᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2024/6/24
      ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ 16 ᠳ᠋ᠤᠭᠠᠷ ᠲᠣᠭᠠᠲᠤ︶ ᠪᠣᠯᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ᠲᠣᠭᠲᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠯᠡᠨ ᠤᠷᠮᠠᠰᠢᠭᠤᠯᠬᠤ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ 2023 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠳᠠᠭᠠᠭᠠᠭᠰᠠᠨ 10 ᠠᠶᠢᠮᠠᠭ ᠬᠤᠲᠠ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠪᠡ᠃ ᠠᠮᠵᠢᠯᠲᠠ ᠪᠦᠲᠦᠮᠵᠢ ᠶᠢᠨ ᠦᠨᠡᠯᠡᠯᠲᠡ ᠬᠢᠭᠰᠡᠨ ᠦᠷ᠎ᠡ ᠳ᠋ᠦᠩ ᠪᠠ ᠡᠭᠦᠷᠭᠡ ᠶᠢ ᠳᠠᠭᠠᠭᠠᠭᠰᠠᠨ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠠᠮᠲᠤᠷᠠᠨ ᠦᠨᠡᠯᠡᠭᠰᠡᠨ ᠵᠢᠴᠢ ᠲᠠᠨᠢᠯᠴᠠᠭᠤᠯᠤᠭᠰᠠᠨ ᠪᠠᠶᠢᠳᠠᠯ ᠢ ᠦᠨᠳᠦᠰᠦᠯᠡᠨ᠂ ᠡᠳᠦᠭᠡ 2023 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠷᠮᠠᠰᠢᠭᠤᠯᠬᠤ ᠪᠠᠷ ᠪᠠᠶᠢᠭ᠎ᠠ ᠬᠤᠰᠢᠭᠤ ᠰᠢᠶᠠᠨ᠂ ᠭᠠᠴᠠᠭ᠎ᠠ ᠲᠣᠰᠬᠤᠨ ᠢ ᠵᠠᠷᠯᠠᠨ ᠨᠡᠶᠢᠲᠡᠯᠡᠵᠦ ᠪᠠᠶᠢᠨ᠎ᠠ᠃ ᠵᠠᠷᠯᠠᠨ ᠨᠡᠶᠢᠲᠡᠯᠡᠬᠦ ᠬᠤᠭᠤᠴᠠᠭ᠎ᠠ  ᠨᠢ 2024 ᠣᠨ ᠤ 6 ᠰᠠᠷ᠎ᠠ ᠶᠢᠨ 24 ᠤ ᠡᠳᠦᠷ ᠠᠴᠠ 6 ᠰᠠᠷ᠎ᠠ ᠶᠢᠨ 28 ᠤ ᠡᠳᠦᠷ ᠪᠣᠯᠲᠠᠯ᠎ᠠ᠃       ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠣᠯ ᠦᠨᠡᠨ ᠨᠡᠷ᠎ᠡ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠲᠤ ᠲᠤᠰᠬᠠᠬᠤ ᠶᠢᠨ ᠬᠠᠮᠲᠤ ᠭᠡᠷᠡᠴᠢᠯᠡᠬᠦ ᠮᠠᠲ᠋ᠧᠷᠢᠶᠠᠯ ᠬᠠᠩᠭᠠᠬᠤ ᠬᠡᠷᠡᠭᠲᠡᠢ᠃      ᠬᠠᠷᠢᠯᠴᠠᠬᠤ ᠬᠥᠮᠥᠨ᠄ ᠯᠢ ᠵᠥᠩ ᠱᠠᠨ      ᠬᠠᠷᠢᠯᠴᠠᠬᠤ ᠤᠲᠠᠰᠤ᠄ 0471 - 6651835      ᠢᠮᠧᠯ᠄ nmt_ntjs@163.com      ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ           ᠳᠠᠭᠠᠯᠳᠤᠭᠤᠯᠤᠯ᠄ 2023 ᠣᠨ ᠤ ᠤᠷᠮᠠᠰᠢᠭᠤᠯᠬᠤ ᠪᠠᠷ ᠪᠠᠶᠢᠭ᠎ᠠ ᠬᠤᠰᠢᠭᠤ ᠰᠢᠶᠠᠨ᠂ ᠭᠠᠴᠠᠭ᠎ᠠ ᠲᠣᠰᠬᠤᠨ ᠤ ᠨᠡᠷᠡᠰ                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                   ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                          2024 ᠣᠨ ᠤ 6 ᠰᠠᠷ᠎ᠠ ᠶᠢᠨ 24 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号