ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠢᠮᠧᠯ ᠢ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/6/24
      ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠲᠤᠰᠬᠠᠢ ᠴᠡᠭᠴᠡᠯᠡᠨ ᠵᠠᠰᠠᠬᠤ ᠬᠤᠭᠤᠴᠠᠭ᠎ᠠ ︵2024 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ︶ ᠳᠤᠳᠤᠷ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠵᠠᠭᠠᠯᠳᠤᠵᠤ ᠢᠯᠡᠴᠢᠯᠡᠨ ᠮᠡᠳᠡᠭᠦᠯᠬᠦ ᠢᠮᠧᠯ ᠢ ᠨᠡᠶᠢᠲᠡᠯᠡᠵᠦ ᠪᠠᠶᠢᠨ᠎ᠠ᠃      ᠥᠷᠭᠡᠨ ᠣᠯᠠᠨ ᠮᠠᠯᠴᠢᠨ ᠲᠠᠷᠢᠶᠠᠴᠢᠨ ᠬᠡᠷᠪᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠬᠠᠮᠢᠶ᠎ᠠ ᠪᠦᠬᠦᠢ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠲᠠᠢ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠬᠠᠮᠢᠶ᠎ᠠ ᠪᠦᠬᠦᠢ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠰᠢᠢᠳᠪᠦᠷᠢᠯᠡᠭᠦᠯᠬᠦ ᠬᠠᠭᠤᠳᠠᠰᠤ︾ ᠶᠢ ᠲᠠᠭᠯᠠᠵᠤ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠣᠨ᠎ᠠ᠃ ᠪᠢᠳᠡ ᠬᠦᠯᠢᠶᠡᠨ ᠠᠪᠤᠭᠰᠠᠨ ᠠᠰᠠᠭᠤᠳᠠᠯ ᠤᠨ ᠰᠦᠪᠡᠭᠴᠢ ᠶᠢ ᠬᠤᠷᠢᠶᠠᠩᠭᠤᠶᠢᠯᠠᠨ ᠡᠮᠬᠢᠯᠡᠵᠦ᠂ ᠡᠭᠦᠷᠭᠡ ᠴᠢᠳᠠᠪᠤᠷᠢ ᠶᠢᠨ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠥᠭᠴᠦ ᠰᠢᠢᠳᠪᠦᠷᠢᠯᠡᠭᠦᠯᠦᠨ᠎ᠡ᠃      ᠢᠯᠡᠴᠢᠯᠡᠨ ᠮᠡᠳᠡᠭᠦᠯᠬᠦ ᠢᠮᠧᠯ᠄ nmgnmtnybx@126.com          ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠬᠠᠮᠢᠶ᠎ᠠ ᠪᠦᠬᠦᠢ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠰᠢᠢᠳᠪᠦᠷᠢᠯᠡᠭᠦᠯᠬᠦ ᠬᠠᠭᠤᠳᠠᠰᠤ                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                     ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                            2024 ᠣᠨ ᠤ 6 ᠰᠠᠷ᠎ᠠ ᠶᠢᠨ 24 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号