ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠠᠮ ᠤᠨ ᠭᠡᠰᠢᠭᠦᠨ ᠺᠠᠳ᠋ᠷ ᠢᠶᠠᠨ ᠵᠣᠬᠢᠶᠠᠨ ᠪᠠᠶᠢᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠭᠡ ᠶᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/6/24
      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠦᠨᠵᠡᠭᠡᠶᠢᠷᠡᠯᠳᠡ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠮᠦᠽᠧᠢ ᠳᠤ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠭᠡ ᠶᠢ ᠲᠣᠭᠤᠷᠢᠨ ᠦᠵᠡᠪᠡ᠃ ᠡᠭᠦᠨ ᠤ ᠳᠡᠭᠡᠷ᠎ᠡ ᠲᠢᠩᠬᠢᠮ ᠤᠨ ᠤᠳᠤᠷᠢᠳᠤᠯᠭ᠎ᠠ ᠵᠢᠴᠢ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠵᠡᠷᠭᠡ 70 ᠭᠠᠷᠤᠢ ᠨᠠᠮ ᠤᠨ ᠭᠡᠰᠢᠭᠦᠨ ᠺᠠᠳ᠋ᠷ ᠠᠵᠢᠯᠯᠠᠭ᠎ᠠ ᠳᠤ ᠣᠷᠣᠯᠴᠠᠪᠠ᠃
W020240624392255916743.png
       ᠦᠵᠡᠭᠦᠯᠭᠡ ᠶᠢᠨ ᠲᠢᠩᠬᠢᠮ ᠨᠢ ᠶᠡᠭᠡ ᠬᠡᠮᠵᠢᠶᠡᠨ ᠤ ᠥᠰᠥᠭ ᠪᠢᠴᠢᠭ᠂ ᠬᠡᠷᠡᠯ ᠵᠢᠷᠤᠭ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢᠶᠠᠷ ᠳᠠᠮᠵᠢᠭᠤᠯᠤᠨ᠂ ᠨᠠᠮ ᠤᠨ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠪᠠᠶᠢᠭᠤᠯᠤᠯᠲᠠ ᠶᠢᠨ ᠥᠩᠭᠡᠷᠡᠯᠲᠡ ᠶᠢ ᠪᠥᠬᠦ ᠲᠠᠯ᠎ᠠ ᠪᠠᠷ ᠰᠢᠰᠲ᠋ᠧᠮ ᠲᠠᠢ ᠡᠷᠭᠢᠴᠡᠭᠦᠯᠵᠦ᠂ ᠣᠶᠢᠷ᠎ᠠ ᠶᠢᠨ ᠵᠢᠯ ᠤᠨ ᠲᠤᠷᠰᠢᠬᠢ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠤᠭᠰᠠᠨ ᠴᠢᠬᠤᠯᠠ ᠠᠷᠭ᠎ᠠ ᠬᠡᠮᠵᠢᠶ᠎ᠡ᠂ ᠠᠮᠵᠢᠯᠲᠠ ᠲᠠᠢ ᠲᠤᠷᠰᠢᠯᠭ᠎ᠠ ᠪᠣᠯᠣᠨ ᠣᠯᠣᠭᠰᠠᠨ ᠦᠷ᠎ᠡ ᠪᠦᠲᠦᠮᠵᠢ ᠶᠢ ᠳᠡᠯᠭᠡᠨ ᠦᠵᠡᠭᠦᠯᠵᠡᠢ᠃ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠦᠵᠡᠭᠦᠯᠭᠡ ᠶᠢᠨ ᠰᠠᠮᠪᠠᠷ᠎ᠠ ᠶᠢᠨ ᠡᠮᠦᠨ᠎ᠡ᠂ ᠨᠠᠮ ᠤᠨ ᠭᠡᠰᠢᠭᠦᠨ ᠺᠠᠳ᠋ᠷᠴᠤᠳ ᠬᠤᠶᠢᠨ᠎ᠠ ᠬᠤᠶᠢᠨ᠎ᠠ ᠠᠴᠠ ᠪᠠᠨ ᠵᠣᠭᠰᠣᠨ ᠦᠵᠡᠵᠦ᠂ ᠬᠥᠮᠥᠰ ᠢ ᠭᠦᠨ ᠰᠡᠳᠬᠢᠭᠦᠯᠦᠮ᠎ᠡ ᠦᠭᠡ ᠥᠭᠦᠯᠡᠪᠦᠷᠢ ᠨᠦᠭᠦᠳ᠂ ᠬᠥᠮᠥᠰ ᠢ ᠰᠣᠴᠢᠭᠠᠮ᠎ᠠ ᠲᠤᠭ᠎ᠠ ᠪᠠᠷᠢᠮᠲᠠ ᠨᠤᠭᠤᠳ ᠤᠨ ᠡᠮᠦᠨ᠎ᠡ᠂ ᠲᠤᠬᠠᠢ ᠶᠢᠨ ᠲᠠᠯᠠᠪᠤᠷ ᠲᠤ ᠪᠠᠶᠢᠭᠰᠠᠨ ᠨᠠᠮ ᠤᠨ ᠭᠡᠰᠢᠭᠦᠨ ᠺᠠᠳ᠋ᠷᠴᠤᠳ ᠲᠤ ᠦᠵᠡᠯ ᠰᠠᠨᠠᠭ᠎ᠠ ᠤᠯᠤᠰ ᠲᠦᠷᠦ ᠶᠢᠨ ᠭᠦᠨ ᠭᠦᠨᠵᠡᠭᠡᠢ ᠠᠷᠢᠭᠤᠳᠬᠠᠯ ᠪᠤᠯᠵᠠᠢ᠃      ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠪᠦᠬᠦ ᠨᠠᠮ ᠤᠨ ᠭᠡᠰᠢᠭᠦᠨ ᠲᠠᠩᠭᠠᠷᠢᠭᠯᠠᠬᠤ ᠲᠢᠩᠬᠢᠮ ᠳᠤ ᠣᠷᠣᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨᠲᠠ ᠡᠷᠭᠢᠴᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠢ ᠭᠦᠨᠵᠡᠭᠡᠢ ᠰᠤᠷᠤᠯᠴᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠠᠷᠢᠭᠤᠨ ᠴᠢᠬᠡᠴᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠢᠶᠠᠨ ᠴᠢᠩᠭᠠᠳᠬᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠰᠡᠷᠡᠮᠵᠢᠯᠡᠵᠦ ᠵᠢᠷᠦᠬᠡᠰᠢᠶᠡᠨ᠂ ᠬᠤᠷᠢᠭ᠎ᠠ ᠱᠤᠭᠤᠮ ᠢ ᠰᠠᠬᠢᠵᠤ᠂ ᠬᠤᠪᠳᠤᠭ ᠰᠢᠨᠤᠬᠠᠢ ᠶᠢᠨ ᠬᠤᠣᠷ ᠬᠥᠨᠥᠭᠡᠯ ᠢ ᠦᠷᠭᠦᠯᠵᠢ ᠪᠣᠳᠣᠯᠬᠢᠯᠠᠵᠤ᠂ ᠪᠡᠶ᠎ᠡ ᠪᠠᠨ ᠪᠠᠷᠢᠬᠤ ᠰᠡᠳᠬᠢᠯᠭᠡ ᠶᠢ ᠦᠷᠭᠦᠯᠵᠢ ᠡᠪᠦᠷᠯᠡᠵᠦ᠂ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠦᠵᠡᠯ ᠰᠠᠨᠠᠭᠠᠨ ᠤ ᠬᠠᠰᠢᠯᠭ᠎ᠠ ᠶᠢ ᠪᠠᠲᠤ ᠪᠠᠬᠢ ᠪᠠᠶᠢᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠬᠤ ᠳᠤ ᠬᠦᠴᠦᠨ ᠢᠶᠠᠨ ᠡᠷᠭᠦᠨ᠎ᠡ ᠭᠡᠵᠦ ᠢᠯᠡᠷᠬᠡᠶᠢᠯᠡᠪᠡ᠃      ᠲᠢᠩᠬᠢᠮ ᠤᠨ ᠰᠢᠰᠲ᠋ᠧᠮ ᠤᠨ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠥᠰ ᠴᠦ ᠲᠣᠰ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号