ᠮᠠᠨ ᠤ ᠣᠷᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2024/6/24
      ᠮᠠᠨ ᠤ ᠣᠷᠣᠨ ᠣᠶᠢᠷ᠎ᠠ ᠳᠤ ᠭᠤᠣᠯᠳᠠᠯᠭ᠎ᠠ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠦᠷᠦᠯ ᠵᠦᠢᠯ ᠢ ᠪᠦᠭᠦ ᠣᠷᠣᠨ ᠤ 2024 ᠣᠨ ᠤ ᠲᠦᠷᠦᠭᠦᠦ ᠪᠦᠯᠦᠭ ᠤᠨ ᠴᠢᠨᠠᠷ ᠰᠠᠶᠢᠲᠠᠢ ᠬᠥᠭᠵᠢᠯᠲᠡ ᠶᠢᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠣᠭᠤᠯᠪᠠ᠃      ᠲᠣᠰ ᠲᠥᠷᠥᠯ ᠵᠦᠢᠯ ᠨᠢ ᠭᠤᠣᠯᠳᠠᠭᠤ ᠴᠠᠭᠠᠨ ᠢᠳᠡᠭᠡᠨ ᠤ ᠪᠦᠲᠦᠭᠡᠭᠳᠡᠬᠦᠨ᠂ ᠮᠢᠬᠠᠨ ᠤ ᠪᠦᠲᠦᠭᠡᠭᠳᠡᠬᠦᠨ᠂ ᠨᠣᠣᠯᠣᠭᠤᠷ ᠤᠨ ᠪᠦᠲᠦᠭᠡᠭᠳᠡᠬᠦᠨ᠂ ᠠᠮᠢᠳᠤ ᠪᠣᠳᠠᠰ ᠤᠨ ᠡᠮ ᠦᠢᠯᠡᠳᠬᠦ᠂ ᠲᠡᠵᠢᠭᠡᠯ ᠪᠣᠷᠳᠣᠭᠠᠨ ᠤ ᠪᠦᠲᠦᠭᠡᠭᠳᠡᠬᠦᠨ  ᠤ ᠲᠣᠭᠤᠷᠢᠨ ᠳᠤ ᠦᠢᠯᠡᠳᠪᠦᠷᠢᠯᠡᠯ᠂ ᠲᠡᠭᠡᠭᠡᠪᠦᠷᠢ᠂ ᠪᠣᠷᠤᠯᠠᠭᠤᠯᠭ᠎ᠠ᠂ ᠬᠡᠷᠡᠭᠯᠡᠯᠲᠡ ᠠᠴᠠ ᠠᠪᠤᠭᠠᠳ ᠡᠴᠦᠰ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠦᠷᠲᠡᠯᠡᠬᠢ ᠡᠯ᠎ᠡ ᠵᠠᠩᠭᠢᠯᠠᠭ᠎ᠠ ᠶᠢᠨ ᠭᠤᠭᠴᠤᠭ᠎ᠠ ᠶᠢ ᠪᠠᠭᠲᠠᠭᠠᠭᠰᠠᠨ ᠭᠤᠣᠯ ᠪᠤᠯᠬᠤ ᠪᠦᠲᠦᠭᠡᠭᠳᠡᠬᠦᠨ ᠵᠢᠴᠢ ᠪᠦᠲᠦᠭᠡᠭᠳᠡᠬᠦᠨ ᠤ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠡᠮᠬᠢᠯᠡᠵᠦ᠂ ᠪᠣᠷᠣ ᠲᠥᠯᠥᠪ ᠤᠨ ᠵᠢᠷᠤᠭ᠂ ᠪᠠᠷᠢᠮᠵᠢᠶ᠎ᠠ ᠶᠢᠨ ᠨᠠᠷᠢᠨ ᠳᠠᠩᠰᠠ ᠵᠢᠴᠢ ᠪᠠᠷᠢᠮᠵᠢᠶ᠎ᠠ ᠶᠢᠨ ᠬᠡᠷᠡᠭᠴᠡᠭᠡ ᠱᠠᠭᠠᠷᠳᠠᠯᠭ᠎ᠠ  ᠶᠢᠨ ᠨᠠᠷᠢᠨ ᠳᠠᠩᠰᠠ ᠶᠢ ᠵᠢᠭᠰᠠᠭᠠᠨ ᠭᠠᠷᠭᠠᠬᠤ ᠪᠣᠯᠣᠨ᠎ᠠ᠃ ᠴᠠᠭᠠᠨ ᠢᠳᠡᠭᠡᠨ᠂ ᠣᠷᠣᠨ ᠪᠦᠰᠡ ᠶᠢᠨ ᠳᠠᠪᠠᠭᠤᠯᠢᠭᠲᠤ ᠬᠤᠨᠢ ᠦᠬᠡᠷ ᠤᠨ ᠮᠢᠬᠠᠨ ᠤ ᠪᠦᠲᠦᠭᠡᠭᠳᠡᠬᠦᠨ᠂ ᠨᠣᠣᠯᠣᠭᠤᠷ ᠤᠨ ᠪᠦᠲᠦᠭᠡᠭᠳᠡᠬᠦᠨ᠂ ᠠᠮᠢᠳᠤ ᠪᠣᠳᠠᠰ ᠤᠨ ᠡᠮ ᠦᠢᠯᠡᠳᠬᠦ᠂ ᠰᠢᠯᠦᠬᠡᠢ ᠡᠪᠡᠳᠴᠢᠨ ᠤ ᠸᠠᠺᠼᠢᠨ ᠤ ᠭᠤᠣᠯᠯᠠᠬᠤ ᠪᠦᠲᠦᠭᠡᠭᠳᠡᠬᠦᠨ ᠪᠤᠶᠤ ᠠᠮᠢᠲᠠᠨ ᠤ ᠪᠤᠰᠤᠳ ᠸᠠᠺᠼᠢᠨ ᠤ ᠪᠦᠲᠦᠭᠡᠭᠳᠡᠬᠦᠨ᠂ ᠭᠤᠣᠯ ᠪᠤᠯᠬᠤ ᠲᠡᠵᠢᠭᠡᠯ ᠪᠣᠷᠳᠣᠭᠠᠨ ᠤ ᠪᠦᠭᠦ ᠠᠵᠤ ᠦᠢᠯᠡᠰ ᠤᠨ ᠬᠡᠯᠬᠢᠶ᠎ᠡ ᠶᠢᠨ ᠡᠯ᠎ᠡ ᠭᠤᠭᠴᠤᠭ᠎ᠠ ᠳᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭ᠎ᠠ ᠬᠢᠬᠦ ᠪᠠ ᠬᠢᠨᠠᠨ ᠬᠠᠷᠭᠤᠭᠤᠯᠤᠯᠲᠠ ᠬᠢᠵᠦ᠂ ᠭᠡᠷᠡᠴᠢᠯᠡᠭᠰᠡᠨ ᠦᠷ᠎ᠡ ᠳ᠋ᠦᠩ ᠢ ᠦᠨᠳᠦᠰᠦᠯᠡᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠮᠡᠳᠡᠭᠦᠯᠦᠯᠲᠡ  ᠶᠢ ᠲᠣᠭᠲᠠᠭᠠᠨ᠂ ᠡᠯ᠎ᠡ ᠵᠦᠢᠯ ᠤᠨ ᠠᠵᠢᠯᠯᠠᠭ᠎ᠠ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠪᠠ ᠭᠠᠳᠠᠭᠰᠢᠯᠠᠭᠤᠯᠬᠤ ᠬᠠᠷᠢᠴᠠᠯ ᠢ ᠨᠠᠷᠢᠨ ᠲᠣᠳᠣᠷᠬᠠᠢ ᠢᠯᠡᠷᠡᠭᠦᠯᠵᠦ᠂ ᠭᠤᠣᠯᠳᠠᠯᠭ᠎ᠠ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠠᠬᠤᠢ ᠪᠠᠶᠢᠳᠠᠯ ᠤᠨ ᠳ᠋ᠠᠶᠢᠲ᠋ᠠ ᠬᠥᠮᠥᠷᠭᠡ ᠪᠠᠶᠢᠭᠤᠯᠬᠤ ᠶᠢᠨ ᠬᠠᠮᠲᠤ  ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠯᠥᠪᠯᠡᠭᠡ ᠶᠢ ᠲᠣᠭᠲᠠᠭᠠᠨ ᠥᠭᠴᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠪᠠ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠮᠡᠷᠭᠡᠵᠢᠯ ᠪᠠ ᠪᠠᠷᠢᠮᠵᠢᠶ᠎ᠠ ᠶᠢᠨ ᠦᠨᠳᠦᠰᠦᠯᠡᠯ ᠬᠠᠩᠭᠠᠬᠤ ᠪᠣᠯᠣᠨ᠎ᠠ᠃      ᠣᠶᠢᠯᠠᠭᠠᠭᠰᠠᠨ ᠢᠶᠠᠷ ᠭᠤᠣᠯᠳᠠᠯᠭ᠎ᠠ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠪᠠᠷᠢᠮᠵᠢᠶ᠎ᠠ ᠶᠢᠨ ᠰᠢᠯᠭᠠᠨ ᠪᠠᠶᠢᠴᠠᠭᠠᠯᠲᠠ ᠨᠢ ᠭᠤᠣᠯ ᠪᠤᠯᠬᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠱᠤᠭᠤᠮ ᠳᠡᠭᠡᠷ᠎ᠡ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠦᠨᠡᠯᠡᠯᠲᠡ  ᠶᠢᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ ᠬᠢᠨᠠᠨ ᠨᠤᠲᠠᠯᠠᠵᠤ᠂ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠶᠢ ᠡᠷᠢᠵᠦ᠂ ᠪᠠᠷᠢᠮᠵᠢᠶ᠎ᠠ ᠳᠤ ᠤᠯᠠᠮ ᠵᠠᠰᠠᠪᠤᠷᠢ ᠣᠷᠣᠭᠤᠯᠬᠤ ᠳᠤ ᠵᠢᠱᠢᠶ᠎ᠡ ᠪᠠᠷᠢᠮᠲᠠ ᠶᠢᠨ ᠦᠨᠳᠦᠰᠦᠯᠡᠯ ᠬᠠᠩᠭᠠᠨ᠎ᠠ᠃ ᠡᠳᠡᠭᠡᠷ ᠠᠵᠤ ᠦᠢᠯᠡᠰ ᠤᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠠᠬᠤᠢ ᠪᠠᠶᠢᠳᠠᠯ ᠤᠨ ᠳ᠋ᠠᠶᠢᠲ᠋ᠠ ᠬᠥᠮᠥᠷᠭᠡ᠂ ᠪᠦᠲᠦᠭᠡᠭᠳᠡᠬᠦᠨ ᠤ ᠨᠡᠭᠦᠷᠡᠰᠦᠲᠥ᠋ᠷᠥᠭᠴᠢ ᠶᠢᠨ ᠢᠯᠡᠷᠬᠡᠶᠢᠯᠡᠯᠲᠦ ᠲᠡᠮᠳᠡᠭ ᠢ ᠭᠡᠷᠡᠴᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠪᠠᠷᠢᠮᠵᠢᠶ᠎ᠠ ᠶᠢ ᠤᠯᠤᠰ ᠤᠨ ᠪᠠᠷᠢᠮᠵᠢᠶ᠎ᠠ ᠪᠣᠯᠭᠠᠨ ᠳᠡᠪᠰᠢᠭᠦᠯᠬᠦ ᠶᠢ ᠠᠬᠢᠭᠤᠯᠵᠤ᠂ ᠲᠠᠷᠠᠭᠠᠴᠢ ᠶᠢᠨ ᠠᠯᠬᠤᠮ ᠤᠨ ᠨᠡᠭᠦᠷᠡᠰᠦᠲᠥ᠋ᠷᠥᠭᠴᠢ ᠶᠢᠨ ᠢᠯᠡᠷᠬᠡᠶᠢᠯᠡᠯᠲᠦ ᠲᠡᠮᠳᠡᠭ ᠬᠢᠭᠡᠳ ᠣᠯᠠᠨ ᠤᠯᠤᠰ ᠤᠨ ᠬᠠᠷᠢᠯᠴᠠᠨ ᠮᠡᠳᠡᠷᠡᠬᠦ ᠳᠤ ᠪᠠᠲᠤ ᠰᠠᠭᠤᠷᠢ ᠶᠢ ᠲᠠᠯᠪᠢᠨ᠎ᠠ᠃ ᠲᠣᠰ ᠲᠥᠷᠥᠯ ᠵᠦᠢᠯ ᠪᠣᠯ ᠮᠠᠨ ᠤ ᠣᠷᠣᠨ  ᠤ ᠭᠤᠣᠯᠳᠠᠯᠭ᠎ᠠ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠰᠠᠶᠢᠲᠠᠢ ᠬᠥᠭᠵᠢᠯᠲᠡ  ᠶᠢᠨ ᠴᠢᠬᠤᠯᠠ ᠲᠤᠯᠭᠠᠭᠤᠷᠢᠯᠠᠯ ᠪᠠᠶᠢᠵᠤ᠂ ᠪᠣᠬᠢᠷᠳᠤᠯ ᠦᠭᠡᠢ ᠠᠵᠤ ᠠᠬᠤᠢ ᠶᠢᠨ ᠬᠡᠪᠴᠢᠶ᠎ᠡ ᠶᠢ ᠪᠤᠵᠠᠭᠠᠶᠢᠷᠠᠭᠤᠯᠬᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号