ᠲᠠᠬᠢᠶ᠎ᠠ ᠮᠢᠬᠠᠯᠠᠬᠤ ᠦᠭᠡᠢ ᠪᠠᠶᠢᠳᠠᠭ ᠤᠨ ᠤᠴᠢᠷ
ᠨᠡᠶᠢᠲᠡᠯᠡᠭᠰᠡᠨ ᠴᠠᠭ᠄
2024/6/24
      ᠲᠠᠬᠢᠶ᠎ᠠ ᠲᠡᠵᠢᠭᠡᠬᠦ ᠶᠠᠪᠤᠴᠠ ᠳᠤ᠂ ᠲᠠᠬᠢᠶ᠎ᠠ ᠶᠢᠨ ᠡᠴᠡᠵᠦ ᠲᠤᠷᠠᠬᠤ ᠨᠢ ᠲᠡᠭᠦᠨ ᠤ ᠥᠰᠦᠯᠲᠡ ᠪᠤᠶᠢᠵᠢᠯᠲᠠ ᠶᠢ ᠨᠥᠯᠥᠭᠡᠯᠡᠬᠦ ᠪᠠᠷ ᠪᠠᠷᠠᠬᠤ ᠦᠭᠡᠢ᠂ ᠮᠢᠬᠠᠨ ᠤ ᠴᠢᠨᠠᠷ ᠴᠢᠨᠰᠠᠭ᠎ᠠ ᠪᠠ ᠲᠡᠵᠢᠭᠡᠨ ᠦᠷᠡᠵᠢᠭᠦᠯᠬᠦ ᠦᠷ᠎ᠡ ᠠᠰᠢᠭ ᠢ ᠴᠤ ᠪᠠᠭᠤᠷᠠᠭᠤᠯᠳᠠᠭ᠃      ᠲᠡᠭᠡᠪᠡᠯ ᠡᠨᠡ ᠨᠢ ᠶᠠᠮᠠᠷ ᠰᠢᠯᠲᠠᠭᠠᠨ ᠠᠴᠠ ᠪᠣᠯᠤᠭᠰᠠᠨ ᠪᠣᠢ︖      ᠨᠢᠭᠡ᠂ ᠲᠡᠵᠢᠭᠡᠯ ᠪᠣᠷᠳᠣᠭᠠᠨ ᠤ ᠠᠰᠠᠭᠤᠳᠠᠯ      ︵1︶ ᠬᠡᠷᠪᠡ ᠲᠠᠬᠢᠶᠠᠨ ᠤ ᠲᠡᠵᠢᠭᠡᠯ ᠪᠣᠷᠳᠣᠭᠠᠨ ᠳᠤ ᠴᠢᠬᠤᠯᠠ ᠪᠦᠬᠦᠢ ᠰᠢᠮ᠎ᠡ ᠲᠡᠵᠢᠭᠡᠯ ᠤᠨ ᠪᠣᠳᠠᠰ ᠳᠤᠲᠠᠭᠳᠠᠪᠠᠯ ᠲᠠᠬᠢᠶᠠᠨ ᠤ ᠥᠰᠦᠯᠲᠡ ᠪᠤᠶᠢᠵᠢᠯᠲᠠ ᠶᠢ ᠬᠠᠷᠰᠢᠯᠠᠨ᠎ᠠ᠃      ︵2︶ ᠲᠠᠬᠢᠶᠠᠨ ᠤ ᠲᠡᠵᠢᠭᠡᠯ ᠪᠣᠷᠳᠣᠭᠠᠨ ᠳᠤ ᠬᠤᠣᠷᠲᠤ ᠪᠣᠳᠠᠰ ᠣᠷᠣᠰᠢᠬᠤ ᠪᠤᠶᠤ ᠰᠢᠨ᠎ᠡ ᠰᠣᠷᠭᠤᠭ ᠲᠡᠵᠢᠭᠡᠯ ᠪᠣᠷᠳᠤᠭ᠎ᠠ ᠪᠠᠶᠢᠬᠤ ᠦᠭᠡᠢ ᠪᠣᠯ ᠲᠠᠬᠢᠶ᠎ᠠ ᠡᠴᠡᠭᠡᠳ ᠮᠢᠬᠠᠯᠠᠳᠠᠭ ᠦᠭᠡᠢ᠃      ᠬᠤᠶᠠᠷ᠂ ᠡᠪᠡᠳᠴᠢᠨ ᠡᠮᠭᠡᠭ ᠤᠨ ᠠᠰᠠᠭᠤᠳᠠᠯ      ᠲᠠᠬᠢᠶ᠎ᠠ ᠥᠰᠦᠯᠲᠡ ᠶᠢᠨ ᠶᠠᠪᠤᠴᠠ ᠳᠠᠭᠠᠨ ᠰᠢᠩᠭᠡᠭᠡᠯᠲᠡ ᠶᠢᠨ ᠵᠠᠮ ᠤᠨ ᠡᠪᠡᠳᠴᠢᠨ ᠳᠤ ᠨᠡᠷᠪᠡᠭᠳᠡᠵᠦ ᠮᠡᠳᠡᠨ᠎ᠡ᠂ ᠵᠢᠱᠢᠶᠡᠯᠡᠪᠡᠯ ᠰᠠᠭᠤᠯᠭᠠᠬᠤ᠂ ᠢᠳᠡᠰᠢ ᠢᠳᠡᠬᠦ ᠦᠭᠡᠢ ᠵᠡᠷᠭᠡ᠂ ᠡᠲᠡᠭᠡᠷ ᠡᠪᠡᠳᠴᠢᠨ ᠠᠴᠠ ᠪᠣᠯᠵᠤ ᠲᠤᠷᠠᠭᠠᠳ ᠮᠢᠬᠠᠯᠠᠬᠤ ᠦᠭᠡᠢ ᠪᠠᠶᠢᠳᠠᠭ᠃      ᠭᠤᠷᠪᠠ᠂ ᠰᠢᠮᠡᠭᠦᠷ ᠬᠤᠷᠣᠬᠠᠢ ᠶᠢᠨ ᠠᠰᠠᠭᠤᠳᠠᠯ      ᠲᠠᠬᠢᠶ᠎ᠠ ᠥᠰᠦᠯᠲᠡ ᠶᠢᠨ ᠶᠠᠪᠤᠴᠠ ᠳᠠᠭᠠᠨ ᠰᠢᠮᠡᠭᠦᠷ ᠬᠤᠷᠣᠬᠠᠢ ᠳᠤ ᠬᠠᠯᠳᠠᠪᠤᠷᠢᠯᠠᠭᠳᠠᠵᠤ ᠮᠡᠳᠡᠨ᠎ᠡ᠂ ᠵᠢᠱᠢᠶᠡᠯᠡᠪᠡᠯ ᠬᠦᠵᠢ ᠬᠤᠷᠣᠬᠠᠢ᠂ ᠨᠣᠬᠠᠢ ᠶᠢᠨ ᠪᠥᠭᠡᠰᠦ ᠵᠡᠷᠭᠡ ᠨᠢ ᠪᠦᠷ ᠲᠠᠬᠢᠶ᠎ᠠ ᠲᠤᠷᠠᠬᠤ᠂ ᠴᠢᠰᠤ ᠳᠤᠲᠠᠬᠤ᠂ ᠢᠳᠡᠭᠡᠨ ᠤ ᠳᠤᠷᠠᠰᠢᠯ ᠮᠠᠭᠤᠳᠠᠬᠤ ᠵᠡᠷᠭᠡ ᠠᠰᠠᠭᠤᠳᠠᠯ ᠡᠬᠦᠰᠭᠡᠳᠡᠭ᠃      ᠳᠥᠷᠪᠡ᠂ ᠤᠤᠭᠤᠬᠤ ᠤᠰᠤᠨ ᠤ ᠠᠰᠠᠭᠤᠳᠠᠯ      ︵1︶ ᠲᠠᠬᠢᠶ᠎ᠠ ᠥᠰᠴᠦ ᠪᠣᠶᠢᠵᠢᠬᠤ ᠶᠠᠪᠤᠴᠠ ᠳᠠᠭᠠᠨ ᠤᠰᠤ ᠤᠮᠳᠠ ᠪᠠᠷ ᠢᠳᠡᠰᠢ ᠪᠡ ᠢᠳᠡᠰᠢᠨ ᠤ ᠳᠣᠲᠣᠷᠠᠬᠢ ᠰᠢᠮ᠎ᠡ ᠲᠡᠵᠢᠭᠡᠯ ᠤᠨ ᠪᠣᠳᠠᠰ ᠢ ᠰᠢᠩᠭᠡᠭᠡᠬᠦ ᠳᠤ ᠲᠤᠰᠠᠯᠠᠨ᠎ᠠ᠃ ᠬᠡᠷᠪᠡ ᠲᠠᠬᠢᠶ᠎ᠠ ᠶᠢᠨ ᠤᠤᠭᠤᠬᠤ ᠤᠰᠤ  ᠨᠢ ᠬᠦᠷᠦᠯᠴᠡᠬᠦ ᠦᠭᠡᠢ ᠪᠣᠯ ᠰᠢᠩᠭᠡᠭᠡᠯᠲᠡ ᠶᠢᠨ ᠴᠢᠳᠠᠪᠤᠷᠢ ᠨᠢ ᠬᠢᠵᠠᠭᠠᠷᠯᠠᠭᠳᠠᠵᠤ᠂ ᠥᠰᠦᠨ ᠪᠤᠶᠢᠵᠢᠯᠲᠠ ᠶᠢ ᠨᠢ ᠬᠦᠨᠳᠦ ᠨᠣᠴᠢᠲᠠᠢ ᠨᠥᠯᠥᠭᠡᠯᠡᠳᠡᠭ᠃      ︵2︶ ᠰᠢᠨ᠎ᠡ ᠰᠣᠷᠭᠤᠭ ᠤᠰᠤ ᠨᠢ ᠲᠠᠬᠢᠶ᠎ᠠ ᠶᠢᠨ ᠹᠢᠽᠢᠣᠯᠣᠭᠢ ᠶᠢᠨ ᠱᠠᠭᠠᠷᠳᠠᠯᠭ᠎ᠠ ᠶᠢ ᠨᠡᠩ ᠰᠠᠶᠢᠨ ᠬᠠᠩᠭᠠᠵᠤ᠂ ᠲᠠᠬᠢᠶ᠎ᠠ ᠶᠢᠨ ᠬᠡᠪ ᠤᠨ ᠥᠰᠦᠯᠲᠡ ᠪᠤᠶᠢᠵᠢᠯᠲᠠ ᠶᠢ ᠠᠬᠢᠭᠤᠯᠤᠨ᠎ᠠ᠃ ᠡᠭᠦᠨ ᠤ ᠡᠰᠡᠷᠭᠦ ᠪᠠᠷ᠂ ᠬᠡᠷᠪᠡ ᠤᠰᠤ ᠤᠮᠳᠠ ᠶᠢᠨ ᠲᠥᠬᠦᠭᠡᠷᠦᠮᠵᠢ ᠨᠢ ᠴᠡᠪᠡᠷ ᠪᠤᠰᠤ ᠪᠣᠯ ᠲᠠᠬᠢᠶ᠎ᠠ ᠬᠤᠣᠷᠳᠠᠭᠳᠠᠵᠤ᠂ ᠲᠠᠬᠢᠶ᠎ᠠ ᠶᠢᠨ ᠡᠷᠡᠭᠦᠯ ᠮᠡᠨᠳᠦ ᠪᠠ ᠥᠰᠦᠯᠲᠡ ᠪᠤᠶᠢᠵᠢᠯᠲᠠ ᠶᠢ ᠨᠥᠯᠥᠭᠡᠯᠡᠨ᠎ᠡ᠃
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号