ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠲᠥᠷᠥᠯ ᠵᠦᠢᠯ ᠢ ᠡᠷᠭᠢᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/6/25
      ᠮᠠᠨ ᠤ ᠤᠷᠤᠨ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ ᠢ ᠵᠠᠯᠭᠠᠭ᠎ᠠ ᠪᠠᠷ ᠠᠷᠪᠠᠨ ᠬᠤᠭᠤᠴᠠᠭ᠎ᠠ ᠠᠮᠵᠢᠯᠳᠠᠳᠠᠢ ᠡᠷᠬᠢᠯᠡᠵᠦ᠂ ᠪᠦᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠵᠦ᠂ ᠵᠢᠯ ᠤᠨ ᠳᠣᠲᠣᠷ᠎ᠠ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠭᠦᠯᠡᠩ ᠡᠷᠬᠢᠯᠡᠬᠦ ᠪᠠᠷ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠵᠢᠷᠤᠮᠵᠢᠭᠰᠠᠨ ᠦᠵᠡᠰᠬᠦᠯᠡᠩ ᠤᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠣᠯᠠᠨ ᠨᠡᠶᠢᠲᠡ ᠳᠤ ᠵᠠᠷᠯᠠᠨ ᠨᠡᠶᠢᠲᠡᠯᠡᠵᠦ ᠪᠠᠶᠢᠨ᠎ᠠ᠃      ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ      ᠦᠵᠡᠰᠬᠦᠯᠡᠩ ᠤᠨ ᠨᠡᠷᠡᠶᠢᠳᠦᠯ᠄ ᠠᠷᠪᠠᠨ ᠨᠢᠭᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ      ᠦᠵᠡᠰᠬᠦᠯᠡᠩ ᠤᠨ ᠬᠤᠭᠤᠴᠠᠭ᠎ᠠ᠄ 2024 ᠣᠨ ᠤ 9 ᠰᠠᠷ᠎ᠠ ᠶᠢᠨ 27 ᠤ ᠡᠳᠦᠷ ᠠᠴᠠ 30 ᠤ ᠡᠳᠦᠷ ᠪᠣᠯᠲᠠᠯ᠎ᠠ ︵ᠬᠤᠷᠠᠯ ᠤᠨ ᠬᠤᠭᠤᠴᠠᠭ᠎ᠠ ᠨᠢ 4 ᠡᠳᠦᠷ︶      ᠦᠵᠡᠰᠬᠦᠯᠡᠩ ᠤᠨ ᠭᠠᠵᠠᠷ᠄ ᠬᠠᠩᠵᠧᠦ ᠬᠤᠲᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ      ᠭᠤᠣᠯᠯᠠᠨ ᠡᠷᠬᠢᠯᠡᠬᠦ ᠨᠢᠭᠡᠴᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ      ᠳᠡᠯᠭᠡᠨ ᠦᠵᠡᠭᠦᠯᠬᠦ ᠲᠦᠷᠦᠯ ᠤᠨ ᠬᠡᠪᠴᠢᠶ᠎ᠡ᠄ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠤᠷᠲᠤᠳᠬᠠᠨ ᠡᠳ᠋ᠰᠢᠭᠦᠯᠦᠭᠰᠡᠨ ᠦᠢᠯᠡᠳᠬᠦᠨ      ᠦᠵᠡᠰᠬᠦᠯᠡᠩ ᠤᠨ ᠪᠠᠶᠢᠷᠢ ᠲᠣᠭᠲᠠᠭᠠᠯᠲᠠ᠄ ᠤᠬᠠᠭᠤᠯᠤᠨ ᠲᠠᠨᠢᠯᠴᠠᠭᠤᠯᠬᠤ᠂ ᠬᠤᠳᠠᠯᠳᠤᠭᠠᠴᠢᠨ ᠤᠷᠢᠵᠤ ᠪᠡᠯᠡ ᠳᠠᠳᠠᠬᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠣᠶᠪᠣᠯᠭᠠᠨ᠎ᠠ᠃      ᠦᠵᠡᠰᠬᠦᠯᠡᠩ ᠤᠨ ᠴᠤᠭᠯᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠄ ᠦᠵᠡᠰᠬᠦᠯᠡᠩ ᠤᠨ ᠴᠤᠭᠯᠠᠭᠠᠨ ᠤ ᠵᠣᠬᠢᠶᠠᠨ ᠪᠠᠶᠢᠭᠤᠯᠤᠯᠲᠠ ᠶᠢᠨ ᠺᠣᠮᠢᠰ᠂ ᠳᠣᠣᠷ᠎ᠠ ᠨᠢ ᠬᠤᠷᠠᠯ ᠤᠨ ᠶᠠᠪᠤᠳᠠᠯ ᠤᠨ ᠶᠡᠷᠦᠩᠬᠡᠶᠢᠯᠡᠭᠰᠡᠨ ᠳᠤᠭᠤᠶᠢᠯᠠᠩ᠂ ᠦᠵᠡᠭᠦᠯᠭᠡ ᠤᠷᠢᠵᠤ ᠬᠤᠳᠠᠯᠳᠤᠭᠠᠴᠢᠨ ᠤᠷᠢᠬᠤ ᠳᠤᠭᠤᠶᠢᠯᠠᠩ᠂ ᠤᠬᠠᠭᠤᠯᠤᠨ ᠲᠠᠨᠢᠯᠴᠠᠭᠤᠯᠬᠤ ᠳᠤᠭᠤᠶᠢᠯᠠᠩ ᠪᠠ ᠠᠮᠤᠷ ᠢ ᠬᠠᠮᠠᠭᠠᠯᠠᠬᠤ ᠳᠤᠭᠤᠶᠢᠯᠠᠩ ᠵᠡᠷᠭᠡ 4 ᠠᠵᠢᠯᠯᠠᠬᠤ ᠳᠤᠭᠤᠶᠢᠯᠠᠩ ᠪᠠᠶᠢᠭᠤᠯᠤᠨ᠎ᠠ᠃      ᠦᠵᠡᠰᠬᠦᠯᠡᠩ ᠤᠨ ᠴᠤᠭᠯᠠᠭᠠᠨ ᠤ ᠲᠥᠰᠥᠪ᠄ ᠦᠵᠡᠰᠬᠦᠯᠡᠩ ᠤᠨ ᠵᠠᠷᠤᠳᠠᠯ ᠤᠨ ᠵᠠᠷᠤᠯᠭ᠎ᠠ ᠶᠢᠨ ᠲᠥᠰᠥᠪ 200 ᠲᠦᠮᠡᠨ ᠲᠦᠭᠦᠷᠢᠭ᠃ ᠭᠤᠣᠯᠳᠠᠭᠤ ᠳᠡᠯᠭᠡᠨ ᠦᠵᠡᠭᠦᠯᠬᠦ ᠣᠷᠳᠣᠨ ᠤ ᠵᠢᠷᠤᠭ ᠲᠥᠯᠥᠪᠯᠡᠭᠡ ᠬᠢᠬᠦ᠂ ᠬᠤᠷᠠᠯ ᠤᠨ ᠶᠠᠪᠤᠳᠠᠯ ᠤᠨ ᠮᠠᠲ᠋ᠧᠷᠢᠶᠠᠯ ᠢ ᠵᠢᠷᠤᠵᠤ ᠲᠥᠯᠥᠪᠯᠡᠨ ᠦᠢᠯᠡᠳᠬᠦ ᠵᠢᠴᠢ ᠳᠠᠷᠤᠮᠠᠯᠯᠠᠬᠤ᠂ ᠤᠬᠠᠭᠤᠯᠤᠨ ᠳᠡᠯᠭᠡᠷᠡᠭᠦᠯᠬᠦ᠂ ᠬᠤᠳᠠᠯᠳᠤᠨ ᠠᠪᠬᠤ ᠬᠤᠳᠠᠯᠳᠤᠭᠠᠴᠢᠨ ᠤᠷᠢᠵᠤ ᠬᠦᠯᠢᠶᠡᠨ ᠠᠪᠬᠤ ᠵᠡᠷᠭᠡ ᠳᠤ ᠬᠡᠷᠡᠭᠯᠡᠨ᠎ᠡ᠃      ᠬᠤᠶᠠᠷ᠂ ᠤᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ ᠤᠨ ᠪᠣᠳᠠᠲᠠᠢ ᠬᠡᠯᠪᠡᠷᠢ ᠬᠢᠭᠡᠳ ᠬᠤᠭᠤᠴᠠᠭ᠎ᠠ ᠬᠢᠵᠠᠭᠠᠷ      1.ᠪᠣᠬᠢᠷᠲᠤᠯ ᠦᠭᠡᠢ ᠦᠵᠡᠰᠬᠦᠯᠡᠩ ᠤᠨ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠵᠡᠭᠦᠯᠬᠦ ᠦᠢᠯᠡᠳᠦᠯ︔      2.ᠪᠣᠬᠢᠷᠲᠤᠯ ᠦᠭᠡᠢ ᠦᠵᠡᠰᠭᠦᠯᠡᠩ ᠡᠷᠬᠢᠯᠡᠭᠰᠡᠨ ᠳᠤ ᠬᠠᠨᠳᠤᠬᠤ ᠣᠪᠣᠷ︔      3.ᠪᠣᠬᠢᠷᠲᠤᠯ ᠦᠭᠡᠢ ᠦᠵᠡᠰᠬᠦᠯᠡᠩ ᠤᠨ ᠲᠤᠬᠠᠢ ᠰᠠᠨᠠᠯ ᠪᠠ ᠰᠠᠨᠠᠭᠤᠯᠭ᠎ᠠ︔      ᠣᠯᠠᠨ ᠨᠡᠶᠢᠲᠡ ᠪᠠᠷ ᠢᠶᠠᠨ ᠲᠣᠰ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠢᠮᠧᠯ᠂ ᠤᠲᠠᠰᠤ ᠵᠡᠷᠭᠡ ᠬᠡᠯᠪᠡᠷᠢ ᠪᠠᠷ ᠳᠠᠮᠵᠢᠭᠤᠯᠤᠨ ᠠᠰᠠᠭᠤᠨ ᠯᠠᠪᠯᠠᠬᠤ ᠨᠢᠭᠡᠴᠡ ᠳᠤ ᠪᠣᠬᠢᠷᠲᠤᠯ ᠦᠭᠡᠢ ᠦᠵᠡᠰᠬᠦᠯᠡᠩ ᠤᠨ ᠲᠥᠷᠥᠯ ᠵᠦᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠤ ᠪᠣᠯᠣᠨ᠎ᠠ᠂ ᠵᠠᠷᠯᠠᠨ ᠨᠡᠶᠢᠲᠡᠯᠡᠬᠦ ᠦᠶᠡᠯᠡᠯ ᠤᠨ ᠬᠤᠭᠤᠴᠠᠭ᠎ᠠ ᠨᠢ ᠲᠣᠰ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠪᠣᠯᠣᠨ᠎ᠠ᠃      ᠭᠤᠷᠪᠠ᠂ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠲᠠᠢ ᠬᠠᠷᠢᠯᠴᠠᠬᠤ ᠮᠡᠳᠡᠭᠡ ᠵᠠᠩᠭᠢ      ᠭᠤᠣᠯᠯᠠᠨ ᠡᠷᠬᠢᠯᠡᠬᠦ ᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ      ᠬᠠᠷᠢᠯᠴᠠᠬᠤ ᠬᠥᠮᠥᠨ᠄ ᠦ᠋ ᠪᠢᠩ ᠴᠢᠤᠸᠠᠨ      ᠤᠲᠠᠰᠤ᠄ 13704716546      ᠢᠮᠧᠯ᠄ nmnmyt@126.com                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ                      ᠲᠢᠩᠬᠢᠮ ᠤᠨ ᠵᠠᠬ᠎ᠠ ᠳᠡᠯᠭᠡᠭᠦᠷ ᠤᠨ ᠭᠠᠵᠠᠷ                             2024 ᠣᠨ ᠤ 6 ᠰᠠᠷ᠎ᠠ ᠶᠢᠨ 17 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号