ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ 14 ᠲᠦᠮᠡᠨ ᠰᠠᠭᠤᠷᠢ ᠲᠥᠪᠡᠳ ᠬᠠᠰᠢ ᠶᠢᠨ ᠴᠢᠬᠢ ᠶᠢ ᠪᠦᠭᠦᠨ ᠢ ᠰᠢᠯᠵᠢᠭᠦᠯᠦᠨ ᠰᠠᠭᠤᠯᠭᠠᠵᠤ ᠳᠠᠭᠤᠰᠬᠠᠪᠠ
ᠨᠡᠶᠢᠲᠡᠯᠡᠭᠰᠡᠨ ᠴᠠᠭ᠄
2024/6/25
      6 ᠰᠠᠷ᠎ᠠ ᠶᠢᠨ 21 ᠤ ᠡᠳᠦᠷ᠂ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ 10 ᠲᠦᠮᠡᠨ ᠲᠡᠭᠰᠢ ᠳᠥᠷᠪᠡᠯᠵᠢᠨ ᠮᠧᠲᠷ ᠪᠦᠬᠦᠢ ᠣᠶᠤᠨᠲᠤ ᠰᠢᠯ ᠬᠦᠯᠡᠮᠵᠢ ᠳᠤ 14 ᠲᠦᠮᠡᠨ ᠰᠠᠭᠤᠷᠢ ᠲᠥᠪᠡᠳ ᠬᠠᠰᠢ ᠶᠢᠨ ᠴᠢᠬᠢ ᠶᠢ ᠪᠦᠭᠦᠨ ᠢ ᠰᠢᠯᠵᠢᠭᠦᠯᠦᠨ ᠰᠠᠭᠤᠯᠭᠠᠵᠤ ᠳᠠᠭᠤᠰᠬᠠᠪᠠ᠃ ᠲᠣᠰ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠢ ᠪᠡᠯᠡ ᠣᠷᠣᠭᠤᠯᠤᠯᠲᠠ ᠨᠢ 50 ᠳ᠋ᠦᠩᠰᠢᠭᠤᠷ ᠲᠥᠭᠦᠷᠢᠭ ᠲᠤ ᠬᠦᠷᠴᠦ᠂ ᠣᠲᠣ ᠦᠶ᠎ᠡ ᠶᠢᠨ ᠲᠠᠷᠢᠶᠠᠯᠠᠩ᠂ ᠰᠡᠯᠡᠭᠦᠴᠡᠵᠦ ᠪᠡᠶᠡᠴᠢᠯᠡᠨ ᠣᠶᠢᠯᠠᠭᠠᠬᠤ᠂ ᠬᠠᠯᠠᠭᠤᠨ ᠷᠠᠰᠢᠶᠠᠨ ᠳᠤ ᠡᠷᠡᠭᠦᠯᠵᠢᠬᠦ ᠰᠤᠪᠢᠯᠠᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢᠯ ᠪᠣᠯᠣᠨ᠎ᠠ᠃ ᠣᠳᠣᠬᠠᠨ ᠳᠤ᠂ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ 35 ᠲᠦᠮᠡᠨ ᠲᠡᠭᠰᠢ ᠳᠥᠷᠪᠡᠯᠵᠢᠨ ᠮᠧᠲᠷ ᠪᠦᠬᠦᠢ ᠣᠶᠤᠨᠴᠢ ᠰᠢᠯ ᠬᠦᠯᠡᠮᠵᠢ ᠪᠠ 5 ᠲᠦᠮᠡᠨ ᠲᠡᠭᠰᠢ ᠳᠥᠷᠪᠡᠯᠵᠢᠨ ᠮᠧᠲᠷ ᠪᠦᠬᠦᠢ ᠳᠠᠭᠠᠯᠲᠠ ᠲᠥᠬᠦᠭᠡᠷᠦᠮᠵᠢ ᠶᠢ ᠶᠠᠭ ᠱᠠᠯᠠᠪᠳᠠᠨ ᠪᠦᠲᠦᠭᠡᠨ ᠪᠠᠶᠢᠭᠤᠯᠵᠤ ᠪᠠᠶᠢᠨ᠎ᠠ᠃ ᠵᠢᠷᠤᠭ ᠪᠣᠯ ᠲᠤᠬᠠᠢ ᠶᠢᠨ ᠡᠳᠦᠷ᠂ ᠠᠵᠢᠯᠲᠠᠳ ᠲᠥᠪᠡᠳ ᠬᠠᠰᠢ ᠶᠢᠨ ᠴᠢᠬᠢ ᠶᠢ ᠰᠢᠯᠵᠢᠭᠦᠯᠦᠨ ᠰᠠᠭᠤᠯᠭᠠᠵᠤ ᠪᠠᠶᠢᠭ᠎ᠠ ᠨᠢ᠃
6385482584017040453374336.png
       ᠲᠤᠰ ᠰᠣᠨᠢᠨ ᠤ ᠰᠤᠷᠪᠤᠯᠵᠢᠯᠠᠬᠴᠢ ᠸᠠᠩ ᠲᠠᠨ᠎ᠠ ᠰᠡᠭᠦᠳᠡᠷᠯᠡᠪᠡ
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号