ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2024/6/26
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2024 ᠣᠨ ᠤ 6 ᠰᠠᠷ᠎ᠠ ᠶᠢᠨ 25 ᠤ ᠡᠳᠦᠷ ᠤᠨ 18 ᠴᠠᠭ 00 ᠮᠢᠨᠦ᠋ᠲ ᠲᠤ ᠬᠠᠮᠲᠤᠷᠠᠨ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃      ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠵᠢᠱᠢᠯᠲᠡ ᠪᠠᠷ 6 ᠰᠠᠷ᠎ᠠ ᠶᠢᠨ 26 ᠤ ᠡᠳᠦᠷ ᠠᠴᠠ 6 ᠰᠠᠷ᠎ᠠ ᠶᠢᠨ 29 ᠤ ᠡᠳᠦᠷ ᠪᠣᠯᠲᠠᠯ᠎ᠠ᠂ ᠪᠠᠷᠠᠭᠤᠨ ᠬᠡᠰᠡᠭ ᠤᠨ ᠪᠠᠷᠠᠭᠤᠨᠰᠢ ᠪᠠ ᠤᠮᠠᠷᠠᠰᠢ᠂ ᠳᠤᠮᠳᠠ ᠬᠡᠰᠡᠭ ᠤᠨ ᠪᠠᠷᠠᠭᠤᠨ ᠬᠤᠶᠢᠰᠢ ᠪᠠ ᠵᠡᠭᠦᠨ ᠡᠮᠦᠨᠡᠲᠦ ᠬᠡᠰᠡᠭ ᠤᠨ ᠭᠠᠵᠠᠷ ᠣᠷᠣᠨ ᠳᠤ 35℃ ᠵᠢᠴᠢ ᠲᠡᠭᠦᠨ ᠠᠴᠠ ᠳᠡᠭᠡᠭᠰᠢ ᠥᠨᠳᠥᠷ ᠳᠤᠯᠠᠭᠠᠨ ᠴᠠᠭ ᠠᠭᠤᠷ ᠪᠠᠶᠢᠵᠤ᠂ ᠪᠠᠷᠠᠭᠤᠨ ᠬᠡᠰᠡᠭ ᠤᠨ ᠪᠠᠷᠠᠭᠤᠨᠰᠢ ᠭᠠᠵᠠᠷ ᠣᠷᠣᠨ ᠳᠤ ᠬᠠᠮᠤᠭ ᠥᠨᠳᠥᠷ ᠠᠭᠠᠷ ᠤᠨ ᠳᠤᠯᠠᠭᠠᠨ ᠨᠢ 37℃ ᠠᠴᠠ ᠳᠡᠭᠡᠭᠰᠢ ᠪᠠᠶᠢᠵᠤ᠂ ᠬᠡᠰᠡᠭ ᠭᠠᠵᠠᠷ ᠨᠢ 40℃ ᠠᠴᠠ ᠳᠡᠭᠡᠭᠰᠢ ᠪᠣᠯᠣᠨ᠎ᠠ᠃      ᠢᠷᠡᠭᠡᠳᠦᠢ ᠶᠢᠨ 7 ᠡᠳᠦᠷ ᠤᠨ ᠣᠶᠤᠨᠲᠤ ᠰᠦᠯᠵᠢᠶᠡᠨ ᠤ ᠤᠷᠢᠳᠴᠢᠯᠠᠭᠰᠠᠨ ᠮᠡᠳᠡᠭᠡ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠤᠨ ᠭᠦᠢᠴᠡᠳᠬᠡᠯ ᠲᠤᠭ᠎ᠠ ᠲᠠᠢ ᠤᠶᠠᠯᠳᠤᠭᠤᠯᠤᠨ᠂ ᠢᠷᠡᠭᠡᠳᠦᠢ ᠶᠢᠨ 4 ᠡᠳᠦᠷ ᠲᠤ ᠪᠣᠷᠣᠳᠣᠬᠤᠢ ᠶᠢᠨ ᠤᠰᠤᠯᠠᠯᠲᠠ ᠶᠢᠨ ᠣᠷᠣᠨ ᠪᠠ ᠵᠡᠭᠦᠨ ᠬᠡᠰᠡᠭ ᠤᠨ ᠡᠮᠦᠨᠡᠰᠢ ᠬᠡᠰᠡᠭ ᠭᠠᠵᠠᠷ ᠲᠤ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠭᠠᠷᠬᠤ ᠪᠣᠯᠣᠨ᠎ᠠ᠂ ᠡᠭᠦᠨ ᠳᠤ᠂ 6 ᠰᠠᠷ᠎ᠠ ᠶᠢᠨ 26 ᠤ ᠡᠳᠦᠷ᠂ ᠪᠠᠶᠠᠨᠨᠠᠭᠤᠷ ᠬᠤᠲᠠ ᠶᠢᠨ ᠡᠮᠦᠨ᠎ᠡ ᠬᠡᠰᠡᠭ᠂ ᠤᠯᠠᠭᠠᠨᠬᠠᠳᠠ ᠬᠤᠲᠠ ᠶᠢᠨ ᠳᠤᠮᠳᠠ ᠬᠡᠰᠡᠭ ᠪᠠ ᠡᠮᠦᠨ᠎ᠡ ᠬᠡᠰᠡᠭ᠂ ᠲᠦᠩᠯᠢᠶᠣᠣ ᠬᠤᠲᠠ ᠶᠢᠨ ᠳᠤᠮᠳᠠ ᠬᠡᠰᠡᠭ ᠤᠨ ᠬᠤᠶᠢᠲᠤ ᠬᠡᠰᠡᠭ ᠭᠠᠵᠠᠷ ᠣᠷᠣᠨ ᠪᠣᠯ ᠬᠠᠭᠤᠷᠠᠢ ᠬᠠᠯᠠᠭᠤᠨ ᠰᠠᠯᠬᠢᠨ ᠤ ᠭᠠᠮᠰᠢᠭ ᠤᠨ ᠲᠦᠭᠰᠢᠭᠦᠷᠢ ᠪᠠᠭ᠎ᠠ ᠭᠠᠵᠠᠷ ᠣᠷᠣᠨ ᠪᠣᠯᠣᠨ᠎ᠠ︔ 6 ᠰᠠᠷ᠎ᠠ ᠶᠢᠨ 27 ᠤ ᠡᠳᠦᠷ ᠠᠴᠠ 29 ᠤ ᠡᠳᠦᠷ ᠪᠣᠯᠲᠠᠯ᠎ᠠ᠂ ᠮᠠᠨ ᠤ ᠣᠷᠣᠨ ᠤ ᠵᠡᠭᠦᠨ ᠪᠡᠶ᠎ᠡ ᠶᠢᠨ ᠡᠮᠦᠨᠡᠰᠢ ᠬᠡᠰᠡᠭ ᠭᠠᠵᠠᠷ ᠣᠷᠣᠨ ᠪᠣᠯ ᠬᠠᠭᠤᠷᠠᠢ ᠬᠠᠯᠠᠭᠤᠨ ᠰᠠᠯᠬᠢᠨ ᠤ ᠭᠠᠮᠰᠢᠭ ᠤᠨ ᠲᠦᠭᠰᠢᠭᠦᠷᠢ ᠪᠠᠭ᠎ᠠ ᠭᠠᠵᠠᠷ ᠣᠷᠣᠨ ᠪᠣᠯᠣᠨ᠎ᠠ ︵ᠵᠢᠷᠤᠭ 1︶᠃ ᠣᠳᠣᠬᠠᠨ ᠳᠤ᠂ ᠮᠠᠨ ᠤ ᠣᠷᠣᠨ ᠤ ᠶᠡᠬᠡᠩᠬᠢ ᠲᠠᠷᠢᠶᠠᠯᠠᠬᠤ ᠣᠷᠣᠨ ᠤ ᠬᠠᠪᠤᠷ ᠤᠨ ᠪᠤᠭᠤᠳᠠᠢ ᠴᠡᠴᠡᠭ ᠳᠡᠯᠭᠡᠷᠡᠭᠡᠳ ᠬᠤᠷᠠᠵᠤ ᠢᠳᠡᠭᠡᠰᠢᠨ ᠪᠣᠯᠪᠠᠰᠤᠷᠠᠬᠤ ᠬᠤᠭᠤᠴᠠᠭᠠᠨ ᠳᠤ ᠣᠷᠣᠰᠢᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠡᠰᠡᠭ ᠭᠠᠵᠠᠷ ᠣᠷᠣᠨ ᠨᠢᠭᠡᠨᠲᠡ ᠬᠤᠷᠠᠵᠤ ᠢᠳᠡᠭᠡᠰᠢᠨ ᠪᠣᠯᠪᠠᠰᠤᠷᠠᠬᠤ ᠬᠤᠭᠤᠴᠠᠭᠠᠨ ᠳᠤ ᠣᠷᠣᠵᠤ᠂ ᠬᠠᠭᠤᠷᠠᠢ ᠬᠠᠯᠠᠭᠤᠨ ᠰᠠᠯᠬᠢ ᠨᠢ ᠬᠤᠷᠠᠵᠤ ᠢᠳᠡᠭᠡᠰᠢᠬᠦ ᠬᠤᠭᠤᠴᠠᠭ᠎ᠠ ᠶᠢ ᠪᠣᠭᠤᠨᠢᠰᠬᠠᠵᠤ᠂ ᠮᠢᠩᠭᠠᠨ ᠮᠥᠬᠦᠯᠢᠭ ᠦᠷ᠎ᠡ ᠶᠢᠨ ᠬᠦᠨᠳᠦ ᠶᠢ ᠪᠠᠭᠤᠷᠠᠭᠤᠯᠬᠤ ᠶᠢᠨ ᠤᠯᠠᠮ ᠢᠶᠠᠷ ᠬᠠᠪᠤᠷ ᠤᠨ ᠪᠤᠭᠤᠳᠠᠢ ᠶᠢᠨ ᠤᠨᠠᠯᠲᠠ ᠶᠢ ᠨᠥᠯᠥᠭᠡᠯᠡᠵᠦ᠂ ᠴᠢᠭᠢᠭ ᠤᠨ ᠪᠠᠶᠢᠳᠠᠯ ᠢᠶᠠᠷ ᠨᠡᠯᠢᠶᠡᠳ ᠠᠨᠠᠢ ᠭᠠᠵᠠᠷ ᠢ ᠨᠠᠩ ᠶᠡᠭᠡ ᠨᠥᠯᠥᠭᠡᠯᠡᠬᠦ ᠪᠣᠯᠣᠨ᠎ᠠ᠃      ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ᠄ ᠲᠠᠷᠢᠶᠠᠨ ᠭᠠᠵᠠᠷ ᠤᠨ ᠬᠠᠯᠬᠠᠪᠴᠢ ᠣᠶ ᠶᠢᠨ ᠪᠦᠰᠡ ᠶᠢ ᠪᠠᠶᠢᠭᠤᠯᠵᠤ᠂ ᠰᠠᠯᠬᠢᠨ ᠤ ᠬᠤᠷᠳᠤᠴᠠ ᠶᠢ ᠪᠠᠭᠤᠷᠠᠭᠤᠯᠤᠨ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠵᠤ᠂ ᠬᠠᠷᠢᠴᠠᠩᠭᠤᠢ ᠴᠢᠭᠢᠭ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠭᠠᠵᠠᠷ ᠳᠡᠭᠡᠷᠡᠬᠢ ᠤᠰᠤᠨ ᠤ ᠠᠭᠤᠷᠰᠢᠯᠲᠠ ᠶᠢ ᠪᠠᠭᠠᠰᠬᠠᠵᠤ᠂ ᠬᠥᠷᠥᠰᠥᠨ ᠤ ᠤᠰᠤᠨ ᠤ ᠠᠭᠤᠯᠤᠭᠳᠠᠴᠠ ᠶᠢᠨ ᠦᠢᠯᠡᠳᠦᠯ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ ᠤᠰᠤᠯᠠᠬᠤ ︵ᠤᠰᠤᠯᠠᠬᠤ᠂ ᠰᠦᠷᠴᠢᠨ ᠤᠰᠤᠯᠠᠬᠤ︶ ᠳᠤ ᠲᠦᠬᠦᠮ ᠪᠣᠯᠭᠠᠨ᠎ᠠ᠃ ᠬᠠᠭᠤᠷᠠᠢ ᠬᠠᠯᠠᠭᠤᠨ ᠰᠠᠯᠬᠢ ᠢᠷᠡᠬᠦ ᠠᠴᠠ ᠡᠮᠦᠨ᠎ᠡ ᠲᠣᠬᠢᠷᠠᠮᠵᠢᠲᠠᠢ ᠦᠶ᠎ᠡ ᠳᠤ ᠤᠰᠤᠯᠠᠯᠲᠠ ᠶᠢᠨ ᠤᠰᠤ ᠶᠢ ᠭᠦᠢᠴᠡᠳ ᠤᠰᠤᠯᠠᠵᠤ᠂ ᠬᠥᠷᠥᠰᠥ ᠰᠢᠷᠣᠢ ᠶᠢᠨ ᠲᠠᠷᠢᠶᠠᠨ ᠭᠠᠵᠠᠷ ᠤᠨ ᠠᠭᠤᠷ ᠠᠮᠢᠰᠬᠤᠯ ᠢ ᠰᠠᠶᠢᠵᠢᠷᠠᠭᠤᠯᠤᠨ᠂ ᠬᠥᠷᠥᠰᠥᠨ ᠤ ᠴᠢᠭᠢᠭᠯᠢᠭ ᠤᠨ ᠬᠡᠮᠵᠢᠶ᠎ᠡ ᠶᠢ ᠨᠡᠮᠡᠭᠳᠡᠭᠦᠯᠵᠦ᠂ ᠬᠠᠭᠤᠷᠠᠢ ᠬᠠᠯᠠᠭᠤᠨ ᠰᠠᠯᠬᠢ ᠶᠢ ᠪᠦᠲᠦᠮᠵᠢᠲᠡᠶ ᠬᠤᠷᠢᠭᠯᠠᠬᠤ ᠬᠡᠷᠡᠭᠲᠡᠢ᠃ ᠪᠤᠭᠤᠳᠠᠢ ᠶᠢᠨ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠲᠠᠢ ᠤᠶᠠᠯᠳᠤᠭᠤᠯᠤᠨ᠂ ᠬᠢᠮᠢ ᠶᠢᠨ ᠡᠮ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ ᠰᠦᠷᠴᠢᠨ ᠣᠷᠣᠭᠤᠯᠵᠤ᠂ ᠪᠤᠭᠤᠳᠠᠢ ᠶᠢᠨ ᠰᠦᠷᠡᠯ ᠤᠨ ᠳᠣᠲᠣᠷᠠᠬᠢ ᠹᠣᠰᠹᠣᠷ ᠺᠠᠯᠢ ᠶᠢᠨ ᠠᠭᠤᠯᠤᠭᠳᠠᠴᠠ ᠶᠢ ᠳᠡᠭᠡᠭᠰᠢᠯᠡᠭᠦᠯᠵᠦ᠂ ᠬᠠᠭᠤᠷᠠᠢ ᠬᠠᠯᠠᠭᠤᠨ ᠰᠠᠯᠬᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠂ ᠪᠤᠭᠤᠳᠠᠢ ᠶᠢᠨ ᠲᠦᠷᠦᠭᠦᠦ᠂ ᠲᠦᠷᠦᠭᠦᠦ ᠪᠥᠭᠡᠯᠵᠢᠬᠦ ᠪᠠ ᠴᠡᠴᠡᠭ ᠳᠡᠯᠭᠡᠷᠡᠬᠦ ᠬᠤᠭᠤᠴᠠᠭᠠᠨ ᠳᠤ ᠲᠤᠰ ᠪᠦᠷᠢ 0.2 ~ 0.5% ᠶᠢᠨ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢᠨ ᠠᠭᠤᠰᠤᠮᠠᠯ ᠢ ᠰᠦᠷᠴᠢᠵᠦ ᠪᠣᠯᠣᠨ᠎ᠠ᠃ ᠰᠦᠷᠴᠢᠨ ᠤᠰᠤᠯᠠᠬᠤ ᠨᠥᠬᠦᠴᠡᠯ ᠲᠠᠢ ᠭᠠᠵᠠᠷ ᠲᠤ ᠬᠠᠭᠤᠷᠠᠢ ᠬᠠᠯᠠᠭᠤᠨ ᠰᠠᠯᠬᠢ ᠢᠷᠡᠬᠦ ᠦᠶ᠎ᠡ ᠳᠤ ᠰᠦᠷᠴᠢᠨ ᠤᠰᠤᠯᠠᠬᠤ ᠲᠥᠬᠦᠭᠡᠷᠦᠮᠵᠢ ᠪᠠᠨ ᠨᠡᠭᠡᠭᠡᠵᠦ᠂ 10—30 ᠮᠢᠨᠦ᠋ᠲ ᠰᠦᠷᠴᠢᠨ ᠣᠷᠣᠭᠤᠯᠪᠠᠯ᠂ ᠠᠭᠠᠷ ᠤᠨ ᠳᠤᠯᠠᠭᠠᠨ ᠤ ᠬᠡᠮᠵᠢᠶ᠎ᠡ ᠶᠢ ᠪᠦᠲᠦᠮᠵᠢᠲᠡᠶ ᠪᠠᠭᠤᠷᠠᠭᠤᠯᠬᠤ ᠪᠠ ᠠᠭᠠᠷ ᠤᠨ ᠴᠢᠭᠢᠭ ᠤᠨ ᠬᠡᠮᠵᠢᠶ᠎ᠡ ᠶᠢ ᠨᠡᠮᠡᠭᠳᠡᠭᠦᠯᠵᠦ᠂ ᠬᠠᠭᠤᠷᠠᠢ ᠬᠠᠯᠠᠭᠤᠨ ᠰᠠᠯᠬᠢᠨ ᠤ ᠬᠥᠨᠥᠭᠡᠯ ᠢ ᠡᠰᠡᠷᠭᠦᠴᠡᠨ ᠬᠤᠷᠢᠭᠯᠠᠵᠤ᠂ ᠭᠠᠷᠤᠯᠲᠠ ᠶᠢᠨ ᠬᠡᠮᠵᠢᠶ᠎ᠡ ᠶᠢᠨ ᠬᠤᠬᠢᠷᠠᠯ ᠢ ᠪᠠᠭᠠᠰᠬᠠᠵᠤ ᠴᠢᠳᠠᠨ᠎ᠠ᠃
1.png
     
2.png
3.png
4.png
      6 ᠰᠠᠷ᠎ᠠ ᠶᠢᠨ 26 ᠤ ᠡᠳᠦᠷ ᠠᠴᠠ 6 ᠰᠠᠷ᠎ᠠ ᠶᠢᠨ 29 ᠤ ᠡᠳᠦᠷ ᠪᠣᠯᠲᠠᠯ᠎ᠠ ᠥᠪᠥᠷ ᠮᠣᠩᠭᠤᠯ ᠣᠷᠣᠨ ᠤ ᠪᠤᠭᠤᠳᠠᠢ ᠶᠢᠨ ᠬᠠᠭᠤᠷᠠᠢ ᠬᠠᠯᠠᠭᠤᠨ ᠰᠠᠯᠬᠢᠨ ᠤ ᠭᠠᠮᠰᠢᠭ ᠤᠨ ᠲᠦᠭᠰᠢᠭᠦᠷᠢ ᠶᠢ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号