ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠵᠢᠯᠲᠠᠨ ᠲᠣᠮᠢᠯᠠᠨ ᠪᠥᠬᠦ ᠤᠯᠤᠰ ᠤᠨ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠪᠣᠬᠢᠷᠲᠤᠯ ᠦᠭᠡᠢ ᠥᠨᠳᠥᠷ ᠪᠦᠲᠦᠮᠵᠢᠲᠡᠶ ᠦᠢᠯᠡᠳᠪᠦᠷᠢᠯᠡᠯ ᠤᠨ ᠮᠡᠷᠭᠡᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠳᠤ ᠤᠷᠤᠯᠴᠠᠭᠤᠯᠪᠠ
ᠨᠡᠶᠢᠲᠡᠯᠡᠭᠰᠡᠨ ᠴᠠᠭ᠄
2024/6/26
      2024 ᠣᠨ ᠤ 6 ᠰᠠᠷ᠎ᠠ ᠶᠢᠨ 21︱22 ᠤᠨ ᠡᠳᠦᠷ ᠪᠣᠯᠲᠠᠯ᠎ᠠ᠂ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠵᠢᠶᠠᠩᠰᠤ ᠮᠤᠵᠢ ᠶᠢᠨ ᠵᠠᠩ ᠵᠢᠶᠠ ᠭᠠᠩ ᠬᠤᠲᠠ ᠳᠤ ︽ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠪᠣᠬᠢᠷᠲᠤᠯ ᠦᠭᠡᠢ ᠥᠨᠳᠥᠷ ᠪᠦᠲᠦᠮᠵᠢᠲᠡᠶ ᠦᠢᠯᠡᠳᠪᠦᠷᠢᠯᠡᠯ ᠤᠨ ᠮᠡᠷᠭᠡᠵᠢᠯ ᠤᠨ ᠲᠤᠬᠠᠢ ᠶᠢᠨ ᠲᠠᠯᠠᠪᠤᠷ ᠤᠨ ᠬᠤᠷᠠᠯ︾ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ  ᠨᠢ ᠪᠡᠯᠡᠳᠭᠡᠮᠵᠢᠳᠤ ᠢᠳᠡᠰᠢᠨ ᠨᠣᠭᠤᠭ᠎ᠠ ᠶᠢ ᠵᠠᠯᠭᠠᠭ᠎ᠠ ᠪᠠᠷ ᠲᠠᠷᠢᠬᠤ ᠳᠤ ᠬᠠᠷᠰᠢ ᠰᠠᠭᠠᠳ ᠢ ᠵᠠᠰᠠᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠵᠡᠷᠭᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠵᠠᠢ᠃ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠶᠡᠷᠦᠩᠬᠡᠢ ᠲᠠᠷᠢᠶᠠᠯᠠᠩ ᠤᠨ ᠮᠡᠷᠭᠡᠵᠢᠯᠲᠡᠨ ᠳᠡᠯᠭᠡᠷᠡᠭᠦᠯᠬᠦ ᠰᠤᠳᠤᠯᠤᠭᠴᠢ ᠸᠠᠩ ᠵᠢᠢ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢ ᠲᠢᠶᠠᠨ ᠯᠠᠢ ᠮᠡᠷᠭᠡᠵᠢᠯ ᠤᠨ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠭᠠᠵᠠᠷ ᠤᠨ ᠳᠡᠯᠭᠡᠷᠡᠭᠦᠯᠬᠦ ᠰᠤᠳᠤᠯᠤᠭᠴᠢ ᠯᠢ ᡁᠢ ᠫᠢᠩ᠂ ᠲᠤᠰᠠᠯᠠᠬᠤ ᠲᠠᠷᠢᠶᠠᠯᠠᠩ ᠤᠨ ᠮᠡᠷᠭᠡᠵᠢᠯᠲᠡᠨ ᠱᠢ ᠶᠠ ᠵᠢᠶᠦ᠋ᠨ ᠬᠤᠷᠠᠯ ᠳᠤ ᠣᠷᠣᠯᠴᠠᠪᠠ᠃ ᠪᠦᠬᠦ ᠤᠯᠤᠰ ᠤᠨ ᠪᠡᠯᠡᠳᠭᠡᠮᠵᠢᠳᠤ ᠢᠳᠡᠰᠢᠨ ᠨᠣᠭᠤᠭ᠎ᠠ ᠶᠢ ᠵᠠᠯᠭᠠᠭ᠎ᠠ ᠪᠠᠷ ᠲᠠᠷᠢᠬᠤ ᠬᠠᠷᠰᠢ ᠰᠠᠭᠠᠳ ᠢ ᠵᠠᠰᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠵᠢᠴᠢ 17 ᠮᠤᠵᠢ ᠶᠢᠨ 21 ᠪᠡᠯᠡᠳᠭᠡᠮᠵᠢᠳᠤ ᠢᠳᠡᠰᠢᠨ ᠨᠣᠭᠤᠭ᠎ᠠ ᠶᠢ ᠵᠠᠯᠭᠠᠭ᠎ᠠ ᠪᠠᠷ ᠲᠠᠷᠢᠬᠤ ᠬᠠᠷᠰᠢ ᠰᠠᠭᠠᠳ ᠢ ᠵᠠᠰᠠᠬᠤ ᠵᠢᠱᠢᠶ᠎ᠡ ᠦᠵᠡᠭᠦᠯᠬᠦ ᠰᠢᠶᠠᠨ ᠤ ᠮᠡᠷᠭᠡᠵᠢᠯ ᠤᠨ ᠠᠵᠢᠯᠲᠠᠨ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ 80 ᠭᠠᠷᠤᠢ ᠬᠥᠮᠥᠨ ᠬᠤᠷᠠᠯ ᠳᠤ ᠣᠷᠣᠯᠴᠠᠵᠠᠢ᠃
56.1.jpg
      ᠬᠤᠷᠠᠯ ᠠᠴᠠ ᠵᠢᠶᠠᠩᠰᠤ ᠶᠢᠨ ᠱᠠᠨ ᠭᠠᠩ ᠠᠮᠢ ᠠᠬᠤᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠤᠬᠠᠢ ᠶᠢᠨ ᠲᠠᠯᠠᠪᠠᠢ᠂ ᠵᠠᠩ ᠵᠢᠶᠠ ᠭᠠᠩ ᠬᠤᠳᠠ ᠶᠢᠨ ᠱᠠ ᠵᠧᠦ ᠯᠢᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠣᠳᠣᠬᠢᠴᠢᠯᠠᠭᠰᠠᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠵᠢᠴᠢ ᠵᠢᠶᠠᠩᠰᠤ ᠮᠤᠵᠢ ᠶᠢᠨ ᠴᠠᠩ ᠶᠢᠨ ᠱᠠ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢ ᠲᠣᠭᠤᠷᠢᠨ ᠦᠵᠡᠪᠡ᠃ ᠲᠤᠬᠠᠢ ᠶᠢᠨ ᠲᠠᠯᠠᠪᠤᠷ ᠲᠤ ᠪᠣᠳᠠᠰ ᠤᠨ ᠬᠤᠯᠪᠣᠭᠠᠨ  ᠤ ᠲᠣᠣᠷ ᠰᠦᠯᠵᠢᠶᠡᠨ ᠤ ᠠᠯᠤᠰ ᠠᠦ᠋ᠲ᠋ᠣ᠋ ᠡᠵᠡᠮᠰᠢᠯ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠣᠶᠤᠨᠴᠢ ᠤᠰᠤᠯᠠᠯᠲᠠ ᠪᠣᠯᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠡᠵᠡᠮᠳᠡᠬᠦ᠂ ᠳᠤᠯᠠᠭᠠᠨ ᠴᠢᠭᠢᠭᠯᠢᠭ ᠤᠨ ᠬᠡᠮᠵᠢᠶ᠎ᠡ ᠶᠢ ᠡᠵᠡᠮᠳᠡᠬᠦ ᠵᠡᠷᠭᠡ ᠠᠦ᠋ᠲ᠋ᠣᠴᠢᠯᠠᠭᠰᠠᠨ ᠲᠥᠬᠦᠭᠡᠷᠦᠮᠵᠢ ᠶᠢ ᠣᠶᠢᠯᠠᠭᠠᠵᠤ᠂ ᠲᠥᠬᠦᠭᠡᠷᠦᠮᠵᠢ ᠶᠢᠨ ᠬᠥᠷᠥᠰᠥ ᠰᠢᠷᠣᠢ ᠶᠢ ᠠᠷᠢᠭᠤᠳᠬᠠᠬᠤ᠂ ᠪᠦᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠥᠦ ᠪᠦᠷᠬᠦᠪᠴᠢ + ᠦᠯᠡᠳᠡᠭᠳᠡᠯ ᠨᠣᠭᠤᠭ᠎ᠠ ᠶᠢ ᠪᠦᠬᠦᠨ ᠢ ᠲᠠᠷᠢᠶᠠᠨ ᠳᠤ ᠪᠤᠴᠠᠭᠠᠬᠤ᠂ ᠠᠮᠢᠳᠤ ᠪᠣᠳᠠᠰ ᠤᠨ ᠨᠡᠭᠦᠷᠡᠰᠦ ᠶᠢ ᠣᠷᠭᠠᠨᠢᠭ ᠢᠶᠠᠷ ᠤᠪᠤᠭᠠᠯᠠᠨ ᠢᠰᠬᠡᠭᠰᠡᠨ ᠪᠣᠷᠳᠣᠭᠤᠷ᠂ ᠮᠣᠳᠣᠨ ᠼᠤᠤ ᠶᠢᠨ ᠰᠢᠩᠭᠡᠨ ᠢ ᠰᠢᠭᠰᠢᠵᠦ ᠰᠢᠲᠠᠭᠠᠬᠤ ᠵᠡᠷᠭᠡ ᠲᠡᠷᠢᠭᠦᠨ ᠤ ᠮᠡᠷᠭᠡᠵᠢᠯ ᠢ ᠰᠤᠷᠤᠯᠴᠠᠵᠠᠢ᠃ ᠲᠠᠨᠢᠯᠴᠠᠭᠤᠯᠤᠭᠰᠠᠨ ᠢᠶᠠᠷ᠂ ᠵᠢᠶᠠᠩᠰᠤ ᠶᠢᠨ ᠴᠠᠩ ᠶᠢᠨ ᠱᠠ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠠᠦ᠋ᠲ᠋ᠣᠴᠢᠯᠠᠯᠲᠠ᠂ ᠮᠡᠳᠡᠭᠡ ᠵᠠᠩᠭᠢᠵᠢᠯᠲᠠ᠂ ᠣᠶᠤᠨᠴᠢᠯᠠᠯᠲᠠ ᠶᠢᠨ ᠬᠠᠮᠢᠶᠠᠷᠤᠨ ᠡᠵᠡᠮᠳᠡᠬᠦ ᠵᠠᠭᠪᠤᠷ ᠢ ᠡᠩ ᠤᠨ ᠳᠠᠷᠢᠵᠤ ᠪᠣᠶᠢᠵᠢᠭᠤᠯᠬᠤ ᠵᠠᠭᠪᠤᠷ ᠲᠠᠢ ᠬᠠᠷᠢᠴᠠᠭᠤᠯᠪᠠᠯ᠂ ᠦᠢᠯᠡᠳᠪᠦᠷᠢᠯᠡᠯ ᠤᠨ ᠥᠪᠡᠷ ᠤᠨ ᠥᠷᠲᠡᠭ ᠢ 20% ᠠᠴᠠ ᠳᠡᠭᠡᠭᠰᠢ ᠠᠷᠪᠢᠯᠠᠵᠤ᠂ ᠮᠦ ᠪᠦᠷᠢ ᠶᠢᠨ ᠳᠤᠮᠳᠠᠴᠢ ᠤᠨᠠᠯᠲᠠ ᠶᠢ 100% — 300% ᠪᠠᠷ ᠨᠡᠮᠡᠭᠳᠡᠭᠦᠯᠵᠦ᠂ ᠮᠦ ᠪᠦᠷᠢ ᠶᠢᠨ ᠦᠷ᠎ᠡ ᠠᠰᠢᠭ ᠢ 3000︱10000 ᠲᠥᠭᠦᠷᠢᠭ ᠨᠡᠮᠡᠭᠳᠡᠭᠦᠯᠵᠦ ᠪᠣᠯᠣᠨ᠎ᠠ᠃ ᠡᠲᠡᠭᠡᠷ ᠰᠢᠨ᠎ᠡ ᠲᠥᠬᠦᠭᠡᠷᠦᠮᠵᠢ᠂ ᠰᠢᠨ᠎ᠡ ᠮᠡᠷᠭᠡᠵᠢᠯ ᠨᠢ ᠬᠡᠷᠡᠭᠯᠡᠭᠡᠨ ᠢᠶᠠᠷ ᠴᠢᠩᠭ᠎ᠠ᠂ ᠪᠣᠳᠠᠲᠤ ᠦᠷ᠎ᠡ ᠪᠦᠲᠦᠮᠵᠢᠲᠦ ᠴᠢᠨᠠᠷ ᠢᠶᠠᠷ ᠰᠠᠶᠢᠨ ᠪᠠᠶᠢᠵᠤ᠂ ᠮᠠᠨ ᠤ ᠣᠷᠣᠨ ᠳᠤ ᠣᠷᠣᠭᠤᠯᠤᠨ ᠠᠪᠴᠢᠷᠠᠵᠤ ᠲᠤᠷᠰᠢᠯᠲᠠ ᠬᠢᠬᠦ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠳᠤ ᠮᠠᠰᠢ ᠶᠡᠭᠡ ᠠᠴᠢ ᠬᠤᠯᠪᠣᠭᠳᠠᠯ ᠲᠠᠢ ᠪᠠᠶᠢᠵᠤ᠂ ᠮᠠᠨ ᠤ ᠣᠷᠣᠨ ᠤ ᠪᠡᠯᠡᠳᠭᠡᠮᠵᠢᠳᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠪᠣᠳᠠᠲᠤ ᠠᠴᠢ ᠬᠤᠯᠪᠣᠭᠳᠠᠯ ᠲᠠᠢ ᠶᠤᠮ᠃
56.2.jpg
      ᠬᠤᠷᠠᠯ ᠳᠡᠭᠡᠷ᠎ᠡ ᠡᠯ᠎ᠡ ᠮᠤᠵᠢ ᠶᠢᠨ ᠪᠡᠯᠡᠳᠭᠡᠮᠵᠢᠳᠤ ᠢᠳᠡᠰᠢᠨ ᠨᠣᠭᠤᠭ᠎ᠠ ᠶᠢ ᠵᠠᠯᠭᠠᠭ᠎ᠠ ᠪᠠᠷ ᠲᠠᠷᠢᠬᠤ ᠳᠤ ᠬᠠᠷᠰᠢ ᠰᠠᠭᠠᠳ ᠢ ᠵᠠᠰᠠᠬᠤ ᠲᠤᠷᠰᠢᠯᠲᠠ ᠶᠢᠨ ᠰᠢᠶᠠᠨ ᠤ ᠬᠢᠨ ᠲᠤᠷᠰᠢᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠪᠦᠬᠦ ᠤᠯᠤᠰ ᠤᠨ ᠪᠡᠯᠡᠳᠭᠡᠮᠵᠢᠳᠤ ᠢᠳᠡᠰᠢᠨ ᠨᠣᠭᠤᠭ᠎ᠠ ᠶᠢ ᠵᠠᠯᠭᠠᠭ᠎ᠠ ᠪᠠᠷ ᠲᠠᠷᠢᠬᠤ ᠳᠤ ᠬᠠᠷᠰᠢ ᠰᠠᠭᠠᠳ ᠢ ᠵᠠᠰᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠭᠦᠨ ᠯᠢ ᠪᠦᠦ ᠵᠢᠦᠢ ᠰᠤᠳᠤᠯᠤᠭᠴᠢ ᠵᠡᠷᠭᠡ ᠲᠤᠰᠬᠠᠢ ᠮᠡᠷᠭᠡᠵᠢᠯᠲᠡᠨ ᠦᠨᠡᠯᠡᠯᠲᠡ ᠬᠢᠵᠦ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢ ᠲᠢᠶᠠᠨ ᠯᠠᠢ ᠪᠡᠯᠡᠳᠭᠡᠮᠵᠢᠳᠤ ᠢᠳᠡᠰᠢᠨ ᠨᠣᠭᠤᠭ᠎ᠠ ᠶᠢ ᠵᠠᠯᠭᠠᠭ᠎ᠠ ᠪᠠᠷ ᠲᠠᠷᠢᠬᠤ ᠳᠤ ᠬᠠᠷᠰᠢ ᠰᠠᠭᠠᠳ ᠢ ᠶᠡᠷᠦᠩᠬᠡᠶᠢᠯᠡᠨ ᠵᠠᠰᠠᠬᠤ ᠮᠡᠷᠭᠡᠵᠢᠯ ᠤᠨ ᠮᠡᠳᠡᠭᠦᠯᠦᠯᠲᠡ ᠬᠢᠵᠦ᠂ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠶᠡᠷᠦᠩᠬᠡᠢ ᠲᠠᠷᠢᠶᠠᠯᠠᠩ ᠤᠨ ᠮᠡᠷᠭᠡᠵᠢᠯᠲᠡᠨ ᠸᠠᠩ ᠵᠢᠢ ᠵᠢᠶᠦ᠋ᠨ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠠᠢ᠃      ᠬᠤᠷᠠᠯ ᠠᠴᠠ᠂ ᠡᠯ᠎ᠡ ᠮᠤᠵᠢ ᠬᠤᠲᠠ ᠶᠢᠨ ᠬᠢᠨ ᠲᠤᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠣᠨᠣᠪᠴᠢᠲᠠᠶ ᠡᠵᠡᠮᠰᠢᠵᠦ᠂ ᠪᠤᠰᠤᠳ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠵᠤ᠂ ᠪᠡᠯᠡᠳᠭᠡᠮᠵᠢᠳᠤ ᠢᠳᠡᠰᠢᠨ ᠨᠣᠭᠤᠭ᠎ᠠ ᠶᠢ ᠵᠠᠯᠭᠠᠭ᠎ᠠ ᠪᠠᠷ ᠲᠠᠷᠢᠬᠤ ᠳᠤ ᠬᠠᠷᠰᠢ ᠰᠠᠭᠠᠳ ᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠵᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠪᠣᠬᠢᠷᠲᠤᠯ ᠦᠭᠡᠢ ᠰᠡᠷᠭᠡᠶᠢᠯᠡᠨ ᠵᠠᠰᠠᠬᠤ ᠠᠵᠢᠯ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠲᠦᠷᠦ ᠶᠢᠨ ᠪᠣᠳᠣᠯᠭ᠎ᠠ ᠪᠠ ᠪᠡᠯᠡ ᠮᠥᠩᠭᠦ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ᠂ ᠮᠡᠷᠭᠡᠵᠢᠯ ᠢ ᠳᠡᠯᠭᠡᠷᠡᠭᠦᠯᠬᠦ᠂ ᠨᠡᠷᠡᠳᠤ ᠲᠡᠮᠳᠡᠭᠲᠦ ᠶᠢ ᠪᠤᠢ ᠪᠣᠯᠭᠠᠬᠤ ᠵᠡᠷᠭᠡ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠪᠦᠬᠦ ᠤᠯᠤᠰ ᠤᠨ ᠢᠳᠡᠰᠢᠨ ᠨᠣᠭᠤᠭ᠎ᠠ ᠶᠢᠨ ᠪᠣᠬᠢᠷᠲᠤᠯ ᠦᠭᠡᠢ ᠪᠥᠭᠡᠳ ᠥᠨᠳᠥᠷ ᠦᠷ᠎ᠡ ᠠᠰᠢᠭ ᠲᠠᠢ ᠦᠢᠯᠡᠳᠪᠦᠷᠢᠯᠡᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠬᠦᠴᠦᠯᠡᠨ ᠠᠬᠢᠭᠤᠯᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠰᠢᠭᠲᠠᠢ ᠲᠤᠷᠰᠢᠯᠭ᠎ᠠ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号