ᠲᠦᠩᠯᠢᠶᠣᠣ ᠬᠤᠲᠠ ᠶᠢᠨ ︽ᠡᠪᠦᠯᠵᠢᠬᠦ ᠬᠠᠷ᠎ᠠ ᠪᠤᠭᠤᠳᠠᠢ +︾ ᠲᠠᠷᠢᠮᠠᠯ ᠤᠨ ᠮᠡᠷᠭᠡᠵᠢᠯ ᠤᠨ ᠵᠠᠭᠪᠤᠷ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/6/26
      ᠡᠮᠦᠨᠡᠬᠡᠨ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠯᠢᠨ ᠬᠤᠶ ᠡᠪᠡᠰᠦᠨ ᠤ ᠦᠢᠯᠡᠰ ᠤᠨ ᠲᠠᠷᠢᠮᠠᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠲᠠᠷᠢᠮᠠᠯ ᠤᠨ ᠰᠠᠭᠤᠷᠢᠨ ᠳᠤ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠬᠢᠭᠡᠳ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠬᠠᠮᠲᠤᠷᠠᠨ ᠬᠤᠷᠠᠯᠳᠤᠭᠤᠯᠤᠭᠰᠠᠨ ︽ᠡᠪᠦᠯᠵᠢᠬᠦ ᠬᠠᠷ᠎ᠠ ᠪᠤᠭᠤᠳᠠᠢ +︾ ᠲᠠᠷᠢᠮᠠᠯ ᠤᠨ ᠮᠡᠷᠭᠡᠵᠢᠯ ᠤᠨ ᠵᠠᠭᠪᠤᠷ ᠤᠨ ᠦᠵᠡᠭᠦᠯᠭᠡ ᠶᠢᠨ ᠴᠤᠭᠯᠠᠭᠠᠨ ᠤ ᠲᠤᠬᠠᠢ ᠶᠢᠨ ᠲᠠᠯᠠᠪᠠᠢ ᠳᠤ ᠬᠥᠮᠥᠨ ᠤ ᠬᠢᠷᠢ ᠥᠨᠳᠥᠷ ᠡᠪᠦᠯᠵᠢᠬᠦ ᠬᠠᠷ᠎ᠠ ᠪᠤᠭᠤᠳᠠᠢ ᠨᠢ ᠢᠭᠴᠤ ᠰᠠᠬᠤᠯᠢᠭ ᠤᠷᠭᠤᠵᠤ᠂ ᠬᠥᠮᠥᠰ ᠤᠨ ᠪᠠᠭ᠋ᠠᠷᠬᠠᠯ ᠢ ᠲᠠᠲᠠᠵᠤ ᠪᠠᠶᠢᠯ᠎ᠠ᠃      ︽ᠡᠪᠦᠯᠵᠢᠬᠦ ᠬᠠᠷ᠎ᠠ ᠪᠤᠭᠤᠳᠠᠢ +︾ ᠳᠠᠷᠢᠬᠤ ᠵᠠᠭᠪᠤᠷ ᠨᠢ ᠲᠡᠵᠢᠭᠡᠯ ᠡᠪᠡᠰᠦᠨ ᠤ ᠤᠨᠠᠯᠲᠠ ᠶᠢ ᠨᠡᠮᠡᠭᠳᠡᠭᠦᠯᠬᠦ ᠪᠣᠭᠤᠮᠢ ᠶᠢ ᠳᠠᠪᠠᠭ᠋ᠤ ᠳᠤ ᠪᠣᠯᠣᠮᠵᠢ ᠬᠠᠩᠭᠠᠯ᠎ᠠ᠂ ᠬᠠᠷ᠎ᠠ ᠪᠤᠭᠤᠳᠠᠢ ᠨᠢ ᠡᠪᠦᠯᠵᠢᠬᠦ ᠲᠠᠷᠢᠮᠠᠯ ᠪᠠᠶᠢᠵᠤ᠂ ᠡᠷᠲᠡ ᠨᠣᠭᠤᠭᠠᠷᠠᠨ᠂ ᠬᠠᠪᠤᠷ ᠤᠨ ᠤᠯᠠᠷᠢᠯ ᠳᠤ ᠲᠠᠷᠢᠳᠠᠬ ᠨᠣᠬᠠᠢ ᠶᠢᠨ ᠬᠤᠰᠢᠭᠤ ᠠᠴᠠ ᠬᠤᠷᠳᠤᠨ ᠤᠷᠭᠤᠳᠠᠭ᠂ ᠶᠡᠷᠦ ᠳᠡᠭᠡᠨ 5 ᠰᠠᠷ᠎ᠠ ᠶᠢᠨ ᠰᠡᠭᠦᠯᠴᠢ ᠠᠴᠠ 6 ᠰᠠᠷ᠎ᠠ ᠶᠢᠨ ᠡᠬᠢᠨ ᠢᠶᠠᠷ ᠬᠤᠷᠢᠶᠠᠳᠠᠭ ᠲᠤᠯᠠ ᠬᠠᠭᠤᠷᠠᠢ ᠡᠪᠡᠰᠦ ᠪᠣᠯᠭᠠᠨ ᠬᠠᠳᠠᠭᠠᠯᠠᠬᠤ ᠳᠤ ᠨᠡᠩ ᠠᠰᠢᠭᠲᠠᠢ ᠶᠤᠮ᠃ ︽ᠡᠪᠦᠯᠵᠢᠬᠦ ᠬᠠᠷ᠎ᠠ ᠪᠤᠭᠤᠳᠠᠢ + ᠬᠥᠬᠡ ᠳᠠᠷᠤᠰᠢ ᠶᠢᠨ ᠡᠷᠳᠡᠨᠢ ᠰᠢᠰᠢ︾ ᠶᠢᠨ ᠡᠭᠡᠯᠵᠢᠯᠡᠨ ᠳᠠᠷᠢᠬᠤ ᠵᠠᠭᠪᠤᠷ ᠨᠢ ᠲᠠᠷᠢᠶᠠᠨ ᠭᠠᠵᠠᠷ ᠢ ᠡᠵᠡᠯᠡᠨ ᠬᠠᠷᠰᠢᠯᠠᠬᠤ ᠦᠭᠡᠢ ᠪᠠᠶᠢᠳᠠᠯ ᠳᠣᠣᠷ᠎ᠠ ᠴᠢᠨᠠᠷ ᠰᠠᠶᠢᠲᠠᠢ ᠡᠪᠡᠰᠦ ᠪᠣᠷᠳᠤᠭ᠎ᠠ ᠶᠢ ᠢᠯᠡᠭᠦᠬᠡᠨ ᠬᠠᠩᠭᠠᠵᠤ᠂ ᠡᠭᠦᠨ ᠤ ᠤᠯᠠᠮ ᠢᠶᠠᠷ ᠲᠣᠰ ᠭᠠᠵᠠᠷ ᠣᠷᠣᠨ ᠤ ᠪᠠᠨ ᠴᠢᠨᠠᠷ ᠰᠠᠶᠢᠲᠠᠢ ᠡᠪᠡᠰᠦ ᠪᠣᠷᠳᠤᠭ᠎ᠠ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠪᠦᠲᠦᠮᠵᠢᠲᠡᠶ ᠨᠠᠮᠳᠠᠭᠤᠯᠵᠤ ᠴᠢᠳᠠᠨ᠎ᠠ ᠭᠡᠵᠦ ᠦᠵᠡᠭᠦᠯᠭᠡ ᠶᠢᠨ ᠴᠤᠭᠯᠠᠭᠠᠨ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠤᠯᠤᠰ ᠤᠨ ᠲᠡᠵᠢᠭᠡᠯ ᠡᠪᠡᠰᠦᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠠᠵᠢᠯ ᠤᠨ ᠪᠠᠶᠢᠷᠢ ᠶᠢᠨ ᠲᠤᠰᠬᠠᠢ ᠮᠡᠷᠭᠡᠵᠢᠯᠲᠡᠨ ᠸᠠᠩ ᠰᠢᠶᠠᠨ ᠭᠦᠸᠧ ᠶᠢᠨ ᠲᠠᠨᠢᠯᠴᠠᠭᠤᠯᠵᠤ ᠪᠢᠯᠡ᠃      ᠯᠢᠨ ᠬᠤᠶ ᠡᠪᠡᠰᠦᠨ ᠤ ᠦᠢᠯᠡᠰ ᠤᠨ ᠲᠠᠷᠢᠮᠠᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠲᠠᠷᠢᠶᠠᠨ ᠳᠤ ᠨᠡᠶᠢᠲᠡ 1000 ᠮᠦ ᠡᠪᠦᠯᠵᠢᠬᠦ ᠬᠠᠷ᠎ᠠ ᠪᠤᠭᠤᠳᠠᠢ ᠳᠠᠷᠢᠵᠠᠢ᠂ ᠠᠬᠤᠢ ᠲᠠᠯᠠᠪᠠᠢ ᠳᠤ ᠤᠨᠠᠯᠲᠠ ᠶᠢ ᠬᠡᠮᠵᠢᠬᠦ ᠪᠠᠷ ᠳᠡᠮᠵᠢᠨ ᠡᠪᠦᠯᠵᠢᠬᠦ ᠬᠠᠷ᠎ᠠ ᠪᠤᠭᠤᠳᠠᠢ ᠶᠢᠨ ᠮᠦ ᠨᠢᠭᠡᠴᠢ ᠶᠢᠨ ᠤᠨᠠᠯᠲᠠ 3.18 ᠲᠣᠨ ᠳᠤ ᠭᠦᠷᠥᠭᠰᠡᠨ ᠪᠠᠶᠢᠨ᠎ᠠ᠃      ᠣᠶᠢᠯᠠᠭᠠᠭᠰᠠᠨ ᠢᠶᠠᠷ ᠡᠪᠦᠯᠵᠢᠬᠦ ᠬᠠᠷ᠎ᠠ ᠪᠤᠭᠤᠳᠠᠢ ᠨᠢ ᠦᠶᠡᠲᠦ ᠤᠷᠭᠤᠮᠠᠯ ᠤᠨ ᠦᠨᠳᠦᠰᠦᠨ ᠤ ᠨᠢᠭᠡ ᠨᠠᠰᠤᠲᠤ ᠡᠪᠦᠯᠵᠢᠬᠦ ᠴᠢᠨᠠᠷᠲᠠᠢ ᠡᠪᠡᠰᠦ ᠪᠣᠷᠳᠤᠭ᠎ᠠ ᠶᠢᠨ ᠲᠠᠷᠢᠮᠠᠯ᠂ ᠬᠦᠢᠲᠡᠨ ᠤᠯᠠᠷᠢᠯ ᠤᠨ ᠭᠡᠯᠪᠡᠷᠢ ᠶᠢᠨ ᠡᠪᠡᠰᠦ ᠪᠣᠷᠳᠤᠭ᠎ᠠ ᠶᠢᠨ ᠲᠠᠷᠢᠮᠠᠯ ᠪᠠᠶᠢᠵᠤ᠂ ᠵᠢᠯ ᠳᠤ ᠬᠤᠶᠠᠷ ᠵᠦᠢᠯ ᠤᠨ ᠲᠠᠷᠢᠮᠠᠯ ᠢ ᠡᠭᠡᠯᠵᠢᠯᠡᠨ ᠲᠠᠷᠢᠵᠤ ᠤᠷᠭᠤᠭᠤᠯᠬᠤ ᠵᠠᠭᠪᠤᠷ ᠢ ᠪᠦᠷᠢᠯᠳᠦᠭᠦᠯᠦᠨ᠂ ᠡᠪᠦᠯ ᠬᠠᠪᠤᠷ ᠤᠨ ᠤᠯᠠᠷᠢᠯ ᠳᠤ ᠡᠪᠡᠰᠦ ᠪᠣᠷᠳᠤᠭ᠎ᠠ ᠳᠤᠲᠠᠭᠳᠠᠬᠤ ᠶᠠᠪᠤᠳᠠᠯ ᠤᠨ ᠲᠡᠵᠢᠭᠡᠨ ᠦᠷᠡᠵᠢᠭᠦᠯᠬᠦ ᠦᠢᠯᠡᠰ ᠲᠤ ᠦᠵᠡᠭᠦᠯᠭᠦ ᠨᠥᠯᠥᠭᠡ ᠶᠢ ᠪᠦᠲᠦᠮᠵᠢᠲᠡᠢ ᠨᠠᠮᠳᠠᠭᠤᠯᠵᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠳᠤ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠡᠪᠡᠰᠦ ᠪᠣᠷᠳᠤᠭ᠎ᠠ ᠲᠠᠷᠢᠬᠤ ᠵᠠᠭᠪᠤᠷ ᠢ ᠬᠠᠩᠭᠠᠵᠤ ᠪᠤᠢ᠃ ᠡᠭᠦᠨ ᠤ ᠬᠠᠮᠲᠤ ᠡᠪᠦᠯ᠂ ᠬᠠᠪᠤᠷ ᠤᠨ ᠬᠦᠢᠲᠡᠨ ᠰᠡᠷᠢᠭᠦᠨ ᠤᠯᠠᠷᠢᠯ ᠳᠤ ᠡᠪᠦᠯᠵᠢᠬᠦ ᠬᠠᠷ᠎ᠠ ᠪᠤᠭᠤᠳᠠᠢ ᠨᠢ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠭᠦ ᠮᠥᠷᠲᠡᠭᠡᠨ ᠪᠠᠰᠠ ᠡᠪᠦᠯ᠂ ᠬᠠᠪᠤᠷ ᠤᠨ ᠤᠯᠠᠷᠢᠯ ᠤᠨ ᠨᠢᠴᠦᠭᠦᠨ ᠭᠠᠵᠠᠷ ᠰᠢᠷᠣᠢ ᠶᠢ ᠪᠦᠷᠬᠦᠵᠦ᠂ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠪᠠᠷ ᠢᠯᠡᠷᠬᠡᠢ ᠪᠠᠶᠢᠳᠠᠭ᠃      ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠲᠠᠷᠢᠮᠠᠯ ᠪᠠ ᠬᠠᠭᠤᠷᠠᠢ ᠲᠠᠷᠢᠶᠠᠯᠠᠩ ᠤᠨ ᠰᠤᠳᠤᠯᠭᠠᠨ ᠤ ᠲᠠᠰᠤᠭ ᠤᠨ ᠡᠷᠭᠢᠯᠡᠭᠴᠢ ᠪᠠᠢ ᠢᠯᠠᠯᠲᠠ᠄ ︽ᠡᠪᠦᠯᠵᠢᠬᠦ ᠬᠠᠷ᠎ᠠ ᠪᠤᠭᠤᠳᠠᠢ ᠨᠢ ᠲᠦᠩᠯᠢᠶᠣᠣ ᠣᠷᠣᠨ ᠳᠤ ᠮᠠᠰᠢ ᠶᠡᠭᠡ ᠲᠠᠷᠢᠮᠠᠯ ᠤᠨ ᠦᠷᠳᠡᠭ ᠲᠠᠢ᠂ ᠨᠢᠭᠡ ᠲᠠᠯ᠎ᠠ ᠪᠠᠷ ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠬᠥᠷᠥᠰᠥ ᠰᠢᠷᠣᠢ ᠶᠢᠨ ᠰᠠᠯᠬᠢᠨ ᠳᠤ ᠢᠳᠡᠭᠳᠡᠬᠦ ᠶᠢ ᠰᠡᠷᠭᠡᠶᠢᠯᠡᠬᠦ ᠦᠢᠯᠡᠳᠦᠯ ᠲᠠᠢ᠂ ᠨᠦᠭᠦᠭᠡ ᠲᠠᠯ᠎ᠠ ᠪᠠᠷ ᠭᠠᠵᠠᠷ ᠰᠢᠷᠣᠢ ᠶᠢᠨ ᠥᠩ ᠰᠢᠮᠡᠯᠢᠭ ᠤᠨ ᠵᠢᠭᠠᠯᠲᠠ ᠲᠤᠭ᠎ᠠ ᠶᠢ ᠨᠡᠮᠡᠭᠳᠡᠭᠦᠯᠵᠦ᠂ ᠰᠠᠭᠠᠭ᠂ ᠨᠡᠷᠡᠨ ᠬᠤᠸᠠᠷ ᠵᠢᠴᠢ ᠬᠥᠬᠡ ᠳᠠᠷᠤᠰᠢ ᠶᠢᠨ ᠡᠷᠳᠡᠨᠢ ᠰᠢᠰᠢ ᠵᠡᠷᠭᠡ ᠶᠢ ᠳᠠᠷᠢᠬᠤ ᠶᠢ ᠨᠥᠯᠥᠭᠡᠯᠡᠬᠦ ᠦᠭᠡᠢ ᠪᠠᠶᠢᠵᠤ᠂ ᠪᠦᠭᠦ ᠵᠢᠯ ᠤᠨ ᠲᠠᠷᠢᠮᠠᠯ ᠲᠠᠢ ᠬᠠᠷᠢᠴᠠᠭᠤᠯᠪᠠᠯ ᠣᠷᠣᠯᠭ᠎ᠠ ᠶᠢ ᠨᠡᠮᠡᠭᠳᠡᠭᠦᠯᠦᠨ᠎ᠡ᠂ ᠣᠳᠣᠬᠠᠨ ᠪᠤᠯᠲᠠᠯ᠎ᠠ ᠪᠦᠭᠦ ᠬᠤᠲᠠ ᠶᠢᠨ ᠡᠪᠦᠯᠵᠢᠬᠦ ᠬᠠᠷ᠎ᠠ ᠪᠤᠭᠤᠳᠠᠢ ᠶᠢ ᠳᠡᠯᠭᠡᠷᠡᠭᠦᠯᠦᠨ ᠳᠠᠷᠢᠭᠰᠠᠨ ᠲᠠᠯᠠᠪᠠᠶ ᠨᠡᠶᠢᠲᠡ 1 ᠲᠦᠮᠡ ᠭᠠᠷᠤᠢ ᠮᠦ ᠳᠤ ᠬᠦᠷᠴᠡᠢ︾ ᠭᠡᠵᠦ ᠬᠡᠯᠡᠵᠦ ᠪᠠᠶᠢᠯ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号