ᠪᠥᠬᠦ ᠣᠷᠣᠨ ᠤ ᠨᠠᠶᠢᠯᠵᠠᠭᠤᠷ ᠬᠠᠷᠭᠠᠨ᠎ᠠ ᠶᠢᠨ ᠠᠵᠤ ᠦᠢᠯᠡᠰ ᠤᠨ ᠪᠣᠯᠪᠠᠰᠤᠷᠠᠭᠤᠯᠤᠯ ᠤᠨ ᠠᠩᠭᠢ ᠵᠢᠴᠢ ᠡᠯᠡᠰᠦᠨ ᠬᠠᠯᠬᠠᠪᠴᠢ ᠳᠡᠪᠢᠰᠬᠦ ᠮᠠᠰᠢᠨ ᠤ ᠦᠵᠡᠭᠦᠯᠭᠡ ᠲᠠᠨᠢᠯᠴᠠᠭᠤᠯᠭ᠎ᠠ ᠶᠢᠨ ᠠᠵᠢᠯᠯᠠᠭ᠎ᠠ ᠣᠷᠳᠣᠰ ᠬᠤᠲᠠ ᠶᠢᠨ ᠳᠠᠯᠠᠳ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/27
      6 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠪᠥᠬᠦ ᠣᠷᠣᠨ ᠤ ᠨᠠᠶᠢᠯᠵᠠᠭᠤᠷ ᠬᠠᠷᠭᠠᠨ᠎ᠠ ᠶᠢᠨ ᠠᠵᠤ ᠦᠢᠯᠡᠰ ᠤᠨ ᠪᠣᠯᠪᠠᠰᠤᠷᠠᠭᠤᠯᠤᠯ ᠤᠨ ᠠᠩᠭᠢ ᠵᠢᠴᠢ ᠡᠯᠡᠰᠦᠨ ᠬᠠᠯᠬᠠᠪᠴᠢ ᠳᠡᠪᠢᠰᠬᠦ ᠮᠠᠰᠢᠨ ᠤ ᠦᠵᠡᠭᠦᠯᠭᠡ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠣᠷᠳᠣᠰ ᠬᠤᠲᠠ ᠶᠢᠨ ᠳᠠᠯᠠᠳ ᠬᠤᠰᠢᠭᠤᠨ ᠳᠤ ᠶᠠᠪᠤᠭᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠶᠦᠩ ᠴᠢᠤᠸᠠᠨ ᠠᠵᠢᠯᠯᠠᠭ᠎ᠠ ᠳᠤ ᠣᠷᠣᠯᠴᠠᠵᠠᠢ᠃ 
1.png
       ᠪᠣᠯᠪᠠᠰᠤᠷᠠᠭᠤᠯᠤᠯ ᠠᠴᠠ ᠵᠢᠭᠠᠵᠤ ᠭᠠᠷᠭᠠᠭᠰᠠᠨ ᠨᠢ᠂ ᠨᠠᠶᠢᠯᠵᠠᠭᠤᠷ ᠬᠠᠷᠭᠠᠨ᠎ᠠ ᠶᠢᠨ ᠭᠤᠤᠷᠰᠤ ᠶᠢ ᠲᠡᠭᠰᠢᠯᠡᠵᠦ ᠬᠤᠷᠢᠶᠠᠬᠤ ᠮᠠᠰᠢᠨ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠨᠠᠶᠢᠯᠵᠠᠭᠤᠷ ᠬᠠᠷᠭᠠᠨ᠎ᠠ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠪᠠ ᠡᠯᠡᠰᠦ ᠶᠢ ᠵᠠᠰᠠᠬᠤ ᠮᠠᠰᠢᠨ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ  ᠨᠢ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠤᠷᠠᠯᠠᠯ᠂ ᠰᠢᠨ᠎ᠡ ᠵᠠᠭᠪᠤᠷ ᠢᠶᠠᠷ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠨᠠᠩ ᠰᠠᠶᠢᠲᠤᠷ ᠲᠤᠯᠭᠠᠭᠤᠷᠢᠯᠠᠨ ᠠᠬᠢᠭᠤᠯᠬᠤ ᠬᠦᠴᠦᠲᠡᠢ ᠲᠤᠯᠭᠠᠭᠤᠷᠢᠯᠠᠯ ᠪᠣᠯᠣᠨ᠎ᠠ᠃ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠤᠨ ᠦᠢᠯᠡᠳᠬᠦᠨ ᠳᠤ ᠦᠵᠡᠭᠦᠯᠭᠡ ᠪᠠ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠪᠥᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠦᠵᠡᠯ ᠰᠠᠨᠠᠭ᠎ᠠ ᠪᠠᠨ ᠨᠢᠭᠡᠳᠬᠡᠨ᠂ ᠠᠯᠬᠤᠮ ᠢᠶᠠᠨ ᠨᠢᠭᠡᠳᠦᠯᠲᠡᠢ ᠠᠬᠢᠭᠤᠯᠵᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ ᠭᠡᠪᠡ᠃ 
2.png
       ᠪᠣᠯᠪᠠᠰᠤᠷᠠᠭᠤᠯᠤᠯ ᠠᠴᠠ ᠵᠢᠭᠠᠵᠤ ᠭᠠᠷᠭᠠᠭᠰᠠᠨ ᠨᠢ᠂ ᠨᠢᠭᠡ ᠳᠤ ᠬᠡᠷᠡᠭᠯᠡᠭᠡᠨ ᠤ ᠪᠣᠳᠠᠲᠠᠢ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠰᠢᠨ ᠲᠣᠨᠣᠭᠯᠠᠯ ᠤᠨ ᠪᠠᠲᠤᠯᠠᠭ᠎ᠠ ᠶᠢ ᠴᠢᠩᠭᠠᠳᠬᠠᠨ᠂ ᠰᠤᠳᠤᠯᠤᠨ ᠨᠡᠭᠡᠭᠡᠬᠦ ᠶᠢ ᠠᠳᠬᠤᠬᠤ᠂ ᠳᠡᠯᠭᠡᠷᠡᠭᠦᠯᠬᠦ ᠶᠢ ᠴᠢᠬᠤᠯᠠᠴᠢᠯᠠᠬᠤ᠂ ᠲᠣᠭᠲᠠᠴᠠ ᠶᠢ ᠡᠭᠦᠳᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠰᠢᠨ ᠲᠣᠨᠣᠭᠯᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠶᠢᠯᠵᠠᠭᠤᠷ ᠬᠠᠷᠭᠠᠨ᠎ᠠ ᠶᠢᠨ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠨᠠᠶᠢᠯᠵᠠᠭᠤᠷ ᠬᠠᠷᠭᠠᠨ᠎ᠠ ᠶᠢᠨ ᠡᠬᠢ ᠪᠠᠶᠠᠯᠢᠭ ᠤᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠨᠠᠶᠢᠯᠵᠠᠭᠤᠷ ᠬᠠᠷᠭᠠᠨ᠎ᠠ ᠶᠢ ᠠᠵᠤ ᠦᠢᠯᠡᠰᠵᠢᠭᠦᠯᠦᠨ ᠠᠰᠢᠭᠯᠠᠬᠤ ᠲᠤᠷᠰᠢᠯᠲᠠ ᠶᠢᠨ ᠴᠡᠭ ᠢ ᠪᠠᠶᠢᠭᠤᠯᠬᠤ ᠪᠠᠷ ᠳᠠᠮᠵᠢᠭᠤᠯᠵᠤ᠂ ᠨᠠᠶᠢᠯᠵᠠᠭᠤᠷ ᠬᠠᠷᠭᠠᠨ᠎ᠠ ᠶᠢᠨ ᠮᠠᠰᠢᠨ ᠢ ᠰᠤᠳᠤᠯᠤᠨ ᠨᠡᠭᠡᠭᠡᠬᠦ᠂ ᠲᠠᠷᠢᠬᠤ᠂ ᠲᠡᠭᠰᠢᠯᠡᠨ ᠬᠠᠳᠠᠭᠠᠯᠠᠬᠤ᠂ ᠪᠣᠯᠪᠠᠰᠤᠷᠠᠭᠤᠯᠬᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠨᠡᠶᠢᠲᠡᠯᠢᠭ ᠵᠠᠭᠪᠤᠷ ᠢ ᠪᠦᠷᠢᠯᠳᠦᠭᠦᠯᠬᠦ ᠬᠡᠷᠡᠭᠲᠡᠢ᠃ ᠭᠤᠷᠪᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ᠮᠠᠰᠢᠨ ᠤ ᠠᠵᠤ ᠦᠢᠯᠡᠳᠪᠦᠷᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠬᠥᠭᠵᠢᠯᠲᠡ ᠶᠢᠨ ᠵᠠᠭᠪᠤᠷ ᠢ ᠢᠮᠠᠭᠲᠠ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠪᠠ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠣᠷᠣᠨ ᠤ ᠳᠣᠲᠣᠷᠠᠬᠢ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠲᠡᠳᠬᠦᠵᠦ᠂ ᠮᠠᠨ ᠤ ᠣᠷᠣᠨ ᠤ ᠲᠠᠷᠢᠶᠠᠯᠠᠩ ᠤᠨ ᠮᠠᠰᠢᠨ ᠤ ᠠᠵᠤ ᠦᠢᠯᠡᠳᠪᠦᠷᠢ ᠶᠢᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠳᠠᠶᠢᠴᠢᠯᠠᠬᠤ ᠬᠡᠷᠡᠭᠲᠡᠢ᠃ ᠳᠥᠷᠪᠡ ᠳᠤ ᠡᠯ᠎ᠡ ᠠᠶᠢᠮᠠᠭ ᠬᠤᠲᠠ ᠨᠢ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ᠂ ᠲᠡᠵᠢᠭᠡᠯ ᠪᠣᠷᠳᠣᠭᠠᠨ ᠤ ᠦᠢᠯᠡᠳᠬᠦᠨ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠮᠡᠷᠭᠡᠵᠢᠯ ᠢ ᠬᠤᠪᠢᠶᠠᠯᠴᠠᠨ ᠡᠳ᠋ᠯᠡᠵᠦ᠂ ᠠᠶᠢᠮᠠᠭ ᠬᠤᠲᠠ ᠶᠢᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠬᠤ ᠬᠡᠷᠡᠭᠲᠡᠢ ᠭᠡᠪᠡ᠃ 
3.png
  
4.png
        ᠠᠵᠢᠯᠯᠠᠭᠠᠨ ᠤ ᠬᠤᠭᠤᠴᠠᠭᠠᠨ ᠳᠤ᠂ ᠣᠷᠣᠯᠴᠠᠭᠰᠠᠳ ᠳᠠᠯᠠᠳ ᠬᠤᠰᠢᠭᠤᠨ ᠳᠤ ᠡᠷᠬᠢᠯᠡᠭᠰᠡᠨ ᠡᠯᠡᠰᠦᠨ ᠬᠠᠯᠬᠠᠪᠴᠢ ᠳᠡᠪᠢᠰᠬᠦ ᠮᠠᠰᠢᠨ ᠤ ᠠᠵᠢᠯ ᠤᠨ ᠦᠵᠡᠭᠦᠯᠭᠡ ᠶᠢ ᠰᠣᠨᠢᠷᠬᠠᠪᠠ᠃ ᠮᠡᠷᠭᠡᠵᠢᠯᠲᠡᠨ ᠤ ᠬᠡᠮᠵᠢᠬᠦ ᠪᠠᠷ ᠳᠡᠮᠵᠢᠨ᠂ ᠲᠣᠰ ᠤᠳᠠᠭᠠᠨ ᠤ ᠲᠤᠬᠠᠢ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠲᠤᠲᠤᠷᠭ᠎ᠠ ᠶᠢᠨ ᠭᠦᠨᠴᠡ ᠴᠥᠮ 20cm ᠠᠴᠠ ᠳᠡᠭᠡᠭᠰᠢ ᠳᠤ ᠬᠦᠷᠴᠦ᠂ ᠪᠣᠳᠠᠲᠠᠢ ᠠᠵᠢᠯ ᠤᠨ ᠱᠠᠭᠠᠷᠳᠠᠯᠭ᠎ᠠ ᠶᠢ ᠪᠦᠷᠢᠮᠦᠰᠦᠨ ᠬᠠᠩᠭᠠᠭᠰᠠᠨ ᠪᠠᠶᠢᠨ᠎ᠠ᠃ ᠡᠨᠡ ᠨᠢ ᠮᠠᠨ ᠤ ᠣᠷᠣᠨ ᠤ ᠡᠯᠡᠰᠦᠨ ᠬᠠᠯᠬᠠᠪᠴᠢ ᠳᠡᠪᠢᠰᠬᠦ ᠮᠠᠰᠢᠨ ᠤ ᠰᠤᠳᠤᠯᠤᠨ ᠨᠡᠭᠡᠭᠡᠬᠦ ᠬᠢᠷᠢ ᠬᠡᠮᠵᠢᠶ᠎ᠡ᠂ ᠦᠢᠯᠡᠳᠪᠦᠷᠢᠯᠡᠬᠦ ᠴᠢᠳᠠᠪᠤᠷᠢ ᠨᠢ ᠰᠢᠨ᠎ᠡ ᠨᠢᠭᠡᠨ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃ ᠡᠭᠦᠨ ᠤ ᠬᠠᠮᠲᠤ᠂ 30 ᠣᠷᠣᠨ ᠤ ᠳᠣᠲᠣᠷᠠᠬᠢ ᠳᠠᠪᠠᠭᠤᠯᠢᠭ ᠲᠠᠷᠢᠶᠠᠯᠠᠩ ᠤᠨ ᠮᠠᠰᠢᠨ ᠤ ᠨᠠᠷᠠᠲᠤ ᠲᠡᠮᠳᠡᠭᠲᠦ ︽ᠲᠠᠷᠢᠶᠠᠯᠠᠩ ᠤᠨ ᠠᠬᠢᠭᠤᠯᠤᠭᠴᠢ︾᠂ ︽ᠲᠠᠷᠢᠶᠠᠯᠠᠩ ᠤᠨ ᠮᠠᠰᠢᠨ ᠤ ᠰᠦᠯᠵᠢᠶᠡᠨ ᠤ ᠣᠳᠣᠨ︾᠂ ︽ᠲᠠᠷᠢᠶᠠᠯᠠᠩ ᠤᠨ ᠮᠠᠰᠢᠨ ᠤ ᠨᠤᠲᠤᠭ ᠤᠨ ᠲᠤᠰᠬᠠᠢ ᠮᠡᠷᠭᠡᠵᠢᠯᠲᠡᠨ︾ ᠤ ᠲᠥᠯᠥᠭᠡᠯᠡᠭᠴᠢ ᠶᠢ ᠰᠣᠩᠭᠤᠨ ᠤᠷᠢᠭᠰᠠᠨ ᠪᠥᠭᠡᠳ ᠦᠨᠡᠮᠯᠡᠯ ᠣᠯᠭᠤᠪᠠ᠃ 
5.png
       ᠲᠣᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠡᠷᠭᠢᠯᠡᠵᠡᠶ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠠᠵᠤ ᠦᠢᠯᠡᠳᠪᠦᠷᠢ ᠶᠢᠨ ᠨᠡᠶᠢᠭᠡᠮᠯᠢᠭ᠂ ᠲᠠᠷᠢᠶᠠᠯᠠᠩ ᠤᠨ ᠮᠠᠰᠢᠨ ᠤ ᠨᠡᠶᠢᠭᠡᠮᠯᠢᠭ᠂ ᠥᠪᠥᠷ ᠮᠣᠩᠭᠤᠯ ᠤᠨ ᠲᠡᠵᠢᠭᠡᠯ ᠪᠣᠷᠳᠣᠭᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠣᠯᠤᠨ ᠲᠤᠰᠬᠠᠢ ᠮᠡᠷᠭᠡᠵᠢᠯᠲᠡᠨ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠪᠠ ᠬᠡᠷᠡᠭᠵᠢᠭᠦᠯᠬᠦ ᠭᠤᠣᠯ ᠴᠣᠭᠴᠠ ᠶᠢᠨ ᠲᠥᠯᠥᠭᠡᠯᠡᠭᠴᠢ ᠨᠡᠶᠢᠲᠡ 400 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号