ᠺᠧ ᠣᠪᠣᠭᠲᠤ ᠠᠩᠬᠠᠨ ᠤ ᠬᠠᠪᠴᠢ ᠰᠠᠮ ᠬᠤᠷᠣᠬᠠᠢ ᠶᠢᠨ ᠦᠷᠡᠵᠢᠯᠲᠡ ᠮᠠᠰᠢ ᠰᠠᠶᠢᠨ ᠪᠠᠶᠢᠵᠤ ᠡᠯᠪᠡᠭ ᠬᠤᠷᠢᠶᠠᠯᠲᠠ ᠣᠯᠬᠤ ᠡᠷᠡᠮᠡᠯᠵᠡᠯ ᠲᠠᠢ ᠪᠠᠶᠢᠨ᠎ᠠ
ᠨᠡᠶᠢᠲᠡᠯᠡᠭᠰᠡᠨ ᠴᠠᠭ᠄
2024/6/27
      ᠣᠶᠢᠷ᠎ᠠ ᠶᠢᠨ ᠵᠢᠯ ᠠᠴᠠ ᠨᠠᠰᠢ ᠮᠠᠨ ᠤ ᠤᠯᠤᠰ ᠤᠨ ᠵᠢᠵᠢᠭ ᠰᠠᠮ ᠬᠤᠷᠣᠬᠠᠢ ᠶᠢᠨ ᠠᠵᠤ ᠦᠢᠯᠡᠰ ᠥᠷᠨᠢᠨ ᠬᠥᠭᠵᠢᠵᠦ᠂ ᠲᠡᠵᠢᠭᠡᠨ ᠦᠷᠡᠵᠢᠭᠦᠯᠬᠦ ᠪᠠ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠲᠠᠰᠤᠷᠠᠯᠲᠠ ᠦᠭᠡᠢ ᠰᠢᠪᠲᠤᠯᠤᠯᠲᠠ  ᠲᠠᠢ ᠪᠠᠶᠢᠵᠤ᠂ ᠲᠡᠵᠢᠭᠡᠨ ᠦᠷᠡᠵᠢᠭᠦᠯᠬᠦ ᠲᠠᠯᠠᠪᠠᠶ ᠪᠠ ᠭᠠᠷᠤᠯᠲᠠ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠵᠤ᠂ ᠬᠡᠷᠡᠭᠯᠡᠭᠡᠨ ᠤ ᠬᠡᠷᠡᠭᠴᠡᠭᠡ ᠦᠷᠭᠦᠯᠵᠢᠯᠡᠨ ᠪᠠᠳᠠᠷᠠᠵᠤ᠂ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠭᠰᠡᠨ ᠪᠠᠶᠢᠨ᠎ᠠ᠃ ᠵᠢᠵᠢᠭ ᠰᠠᠮ ᠬᠤᠷᠣᠬᠠᠢ ᠶᠢᠨ ᠠᠵᠤ ᠦᠢᠯᠡᠰ ᠨᠢ ᠨᠢᠭᠡᠨᠲᠡ ᠮᠠᠨ ᠤ ᠤᠯᠤᠰ ᠤᠨ ᠵᠢᠭᠠᠰᠤᠨ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠪᠠᠷ ᠬᠠᠮᠤᠭ ᠤᠨ ᠪᠦᠷᠢᠨ ᠪᠦᠲᠦᠨ᠂ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠢᠶᠠᠷ ᠬᠠᠮᠤᠭ ᠤᠨ ᠥᠨᠳᠥᠷ ᠠᠵᠤ ᠦᠢᠯᠡᠰ ᠤᠨ ᠨᠢᠭᠡ ᠪᠣᠯᠵᠤ᠂ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠬᠤ᠂ ᠵᠢᠭᠠᠰᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃      ᠺᠧ ᠣᠪᠣᠭᠲᠤ ᠶᠢᠨ ᠠᠩᠬᠠᠨ ᠤ ᠬᠠᠪᠴᠢ ᠰᠠᠮ ᠬᠤᠷᠣᠬᠠᠢ ︵ᠶᠡᠷᠦᠳᠡᠭᠡᠨ ᠵᠢᠵᠢᠭ ᠰᠠᠮ ᠬᠤᠷᠣᠬᠠᠢ ᠭᠡᠳᠡᠭ︶ ᠪᠣᠯ ᠨᠢᠭᠡ ᠵᠦᠢᠯ ᠤᠨ ᠥᠭᠡᠬᠦ ᠪᠠᠭ᠎ᠠ᠂ ᠰᠥᠰᠥᠨ ᠤ ᠴᠢᠯᠠᠭᠤᠯᠢᠭ ᠠᠯᠺᠣᠣᠯ ᠪᠠᠭ᠎ᠠ᠂ ᠤᠭᠤᠷᠠᠭ ᠥᠨᠳᠥᠷ ᠰᠢᠮ᠎ᠡ ᠲᠡᠵᠢᠭᠡᠯᠲᠦ ᠢᠳᠡᠭᠡᠨ ᠪᠣᠯᠣᠨ᠎ᠠ᠃ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠵᠢᠵᠢᠭ ᠰᠠᠮ ᠬᠤᠷᠣᠬᠠᠢ ᠶᠢᠨ ᠪᠤᠯᠴᠢᠩ ᠳᠤ ᠡᠷᠬᠡᠪᠰᠢ ᠰᠢᠪᠲᠦᠷᠲᠦ ᠬᠦᠴᠢᠯ ᠤᠨ ᠢᠯᠡᠳᠬᠡᠭᠴᠢ ᠲᠤᠭ᠎ᠠ ︵82.54︶ ᠪᠠᠶᠢᠬᠤ ᠬᠡᠷᠡᠭᠲᠡᠢ᠂ ᠡᠨᠡ ᠨᠢ ᠪᠤᠰᠤᠳ ᠴᠡᠩᠭᠡᠭ ᠤᠰᠤᠨ ᠤ ᠰᠠᠮ ᠬᠤᠷᠣᠬᠠᠢ ᠶᠢᠨ ᠲᠥᠷᠥᠯ ᠠᠴᠠ ᠨᠠᠩ ᠥᠨᠳᠥᠷ ᠰᠢᠮ᠎ᠡ ᠲᠡᠵᠢᠭᠡᠯ ᠤᠨ ᠦᠨ᠎ᠡ ᠥᠷᠲᠡᠭ ᠲᠠᠢ ᠪᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠵᠤ᠂ ᠵᠢᠵᠢᠭ ᠰᠠᠮ ᠬᠤᠷᠣᠬᠠᠢ ᠶᠢᠨ ᠠᠵᠤ ᠦᠢᠯᠡᠳᠪᠦᠷᠢ ᠶᠢᠨ ᠦᠨ᠎ᠡ ᠥᠷᠲᠡᠭ ᠢ ᠲᠠᠰᠤᠷᠠᠯᠲᠠ ᠦᠭᠡᠢ ᠭᠦᠨᠵᠡᠭᠡᠢ ᠨᠡᠭᠡᠭᠡᠨ ᠬᠥᠭᠵᠢᠭᠦᠯᠵᠡᠢ᠃ ᠰᠤᠳᠤᠯᠭᠠᠨ ᠠᠴᠠ ᠦᠵᠡᠪᠡᠯ᠂ ᠵᠢᠵᠢᠭ ᠰᠠᠮ ᠬᠤᠷᠣᠬᠠᠢ ᠶᠢᠨ ᠬᠤᠶᠠᠭ ᠠᠴᠠ ᠭᠠᠷᠭᠠᠨ ᠠᠪᠤᠭᠰᠠᠨ ᠰᠠᠮ ᠬᠤᠷᠣᠬᠠᠢ ᠶᠢᠨ ᠬᠥᠬᠡ ᠡᠳ᠋᠂ ᠰᠠᠮ ᠬᠤᠷᠣᠬᠠᠢ ᠶᠢᠨ ᠤᠯᠠᠭᠠᠨ ᠡᠳ᠋᠂ ᠬᠤᠶᠠᠭᠲᠤ ᠡᠳ᠋᠂ ᠬᠢᠲ᠋ᠢᠨ ᠡᠳ᠋ ᠵᠢᠴᠢ ᠲᠡᠭᠦᠨ ᠤ ᠬᠤᠪᠢᠯᠪᠤᠷᠢ ᠡᠳ᠋ ᠨᠢ ᠢᠳᠡᠭᠡᠨ᠂ ᠡᠮ ᠡᠮᠨᠡᠯᠭᠡ᠂ ᠤᠮᠳᠠᠭᠠᠨ᠂ ᠲᠠᠷᠢᠶᠠᠯᠠᠩ ᠪᠠ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠲᠠᠯ᠎ᠠ ᠪᠠᠷ ᠥᠷᠭᠡᠨ ᠢᠶᠠᠷ ᠬᠡᠷᠡᠭᠯᠡᠭᠳᠡᠵᠦ ᠪᠠᠶᠢᠨ᠎ᠠ᠃      ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠪᠦᠲᠦᠴᠡ ᠶᠢ ᠰᠢᠯᠢᠳᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠡᠬᠢ ᠪᠠᠶᠠᠯᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠎ᠠ᠃ ᠡᠨᠡ ᠵᠢᠯ᠂ ᠮᠠᠨ ᠤ ᠣᠷᠣᠨ ᠵᠢᠵᠢᠭ ᠰᠠᠮ ᠬᠤᠷᠣᠬᠠᠢ ᠪᠠ ᠵᠤᠯᠵᠠᠭ᠎ᠠ ᠮᠣᠳᠣ ᠶᠢ ᠣᠷᠣᠭᠤᠯᠤᠨ ᠠᠪᠴᠢᠷᠠᠵᠤ᠂ ᠬᠥᠬᠡᠬᠤᠲᠠ᠂ ᠤᠯᠠᠭᠠᠨᠬᠠᠳᠠ ᠬᠤᠲᠠ᠂ ᠬᠥᠯᠥᠨ ᠪᠤᠶᠢᠷ ᠬᠤᠲᠠ ᠳᠤ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠪᠡ᠃ 80 ᠭᠠᠷᠤᠢ ᠡᠳᠦᠷ ᠤᠨ ᠨᠠᠭᠤᠷ ᠴᠥᠭᠦᠷᠥᠮ ᠳᠤ ᠲᠡᠵᠢᠭᠡᠨ ᠦᠷᠡᠵᠢᠭᠦᠯᠬᠦ ᠪᠠᠷ ᠳᠡᠮᠵᠢᠨ᠂ ᠣᠳᠣᠬᠠᠨ ᠳᠤ ᠵᠢᠵᠢᠭ ᠰᠠᠮ ᠬᠤᠷᠣᠬᠠᠢ ᠶᠢᠨ ᠤᠷᠭᠤᠴᠠ ᠨᠢ ᠮᠠᠰᠢ ᠰᠠᠶᠢᠨ᠂ ᠪᠡᠶ᠎ᠡ ᠶᠢᠨ ᠥᠩᠭᠡ ᠨᠢ ᠴᠡᠪᠡᠷ᠂ ᠪᠡᠶ᠎ᠡ ᠶᠢᠨ ᠬᠡᠯᠪᠡᠷᠢ ᠨᠢ ᠲᠡᠭᠦᠯᠳᠡᠷ᠂ ᠠᠮᠢᠵᠢᠷᠠᠯ ᠤᠨ ᠬᠦᠴᠦᠨ ᠢᠶᠠᠷ ᠨᠡᠯᠢᠶᠡᠳ ᠴᠢᠩᠭ᠎ᠠ᠂ ᠡᠷᠡᠭᠦᠯ ᠴᠢᠭᠢᠷᠠᠭ ᠤᠨ ᠪᠠᠶᠢᠳᠠᠯ ᠨᠢ ᠮᠠᠰᠢ ᠰᠠᠶᠢᠨ ᠪᠠᠶᠢᠨ᠎ᠠ᠃ ᠰᠠᠮ ᠤᠨ ᠴᠢᠬᠢ ᠶᠢᠨ ᠳᠤᠮᠳᠠᠴᠢ ᠪᠦᠬᠦ ᠣᠷᠳᠣ ᠨᠢ 6.96 ᠰᠠᠨᠲ᠋ᠢᠮᠧᠲᠷ\ ᠰᠡᠭᠦᠯ᠂ ᠳᠤᠮᠳᠠᠴᠢ ᠪᠡᠶ᠎ᠡ ᠶᠢᠨ ᠬᠦᠨᠳᠦ ᠨᠢ 7.57 ᠭᠷᠡᠮ\ ᠰᠡᠭᠦᠯ᠃ ᠵᠢᠱᠢᠯᠲᠡ ᠪᠠᠷ 7 ᠰᠠᠷ᠎ᠠ ᠶᠢᠨ ᠬᠤᠷᠢᠳ ᠢᠶᠠᠷ ᠵᠠᠬ᠎ᠠ ᠳᠡᠯᠭᠡᠭᠦᠷ ᠲᠤ ᠭᠠᠷᠭᠠᠬᠤ ᠬᠡᠮᠵᠢᠶᠡᠨ ᠳᠤ ᠬᠦᠷᠦᠨ᠎ᠡ᠃
1.png
2.png
      ᠲᠠᠷᠠᠭᠠᠴᠢ ᠶᠢᠨ ᠠᠯᠬᠤᠮ ᠳᠤ᠂ ᠮᠠᠨ ᠤ ᠭᠠᠵᠠᠷ ᠤᠨ ᠮᠡᠷᠭᠡᠵᠢᠯ ᠤᠨ ᠠᠵᠢᠯᠲᠠᠳ ᠵᠢᠵᠢᠭ ᠰᠠᠮ ᠬᠤᠷᠣᠬᠠᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠤᠰᠤᠨ ᠤ ᠴᠢᠨᠠᠷ ᠢ ᠲᠣᠬᠢᠷᠠᠭᠤᠯᠤᠨ ᠡᠵᠡᠮᠳᠡᠬᠦ᠂ ᠰᠠᠮ ᠬᠤᠷᠣᠬᠠᠢ ᠶᠢᠨ ᠴᠢᠬᠢ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠵᠢᠵᠢᠭ ᠰᠠᠮ ᠬᠤᠷᠣᠬᠠᠢ ᠶᠢ ᠲᠡᠵᠢᠭᠡᠨ ᠦᠷᠡᠵᠢᠭᠦᠯᠬᠦ ᠮᠡᠷᠭᠡᠵᠢᠯ ᠪᠠ ᠲᠡᠵᠢᠭᠡᠨ ᠦᠷᠡᠵᠢᠭᠦᠯᠬᠦ ᠵᠠᠭᠪᠤᠷ ᠤᠨ ᠰᠤᠳᠤᠯᠭᠠᠨ ᠢ ᠢᠳᠡᠪᠬᠢᠲᠡᠢ ᠥᠷᠨᠢᠭᠦᠯᠵᠦ᠂ ᠵᠢᠵᠢᠭ ᠰᠠᠮ ᠬᠤᠷᠣᠬᠠᠢ ᠶᠢ ᠲᠡᠵᠢᠭᠡᠨ ᠦᠷᠡᠵᠢᠭᠦᠯᠬᠦ ᠬᠡᠪᠴᠢᠶᠡᠵᠢᠯᠲᠡ᠂ ᠠᠵᠤ ᠦᠶᠢᠯᠡᠰᠵᠢᠯᠲᠡ ᠶᠢᠨ ᠠᠬᠢᠴᠠ ᠶᠢ ᠲᠦᠯᠬᠢᠨ ᠠᠬᠢᠭᠤᠯᠵᠤ᠂ ᠵᠢᠭᠠᠰᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号