ᠶᠠᠮᠠᠷᠪᠠ ᠨᠢᠭᠡ ᠵᠦᠢᠯ ᠤᠨ ᠪᠣᠷᠳᠣᠭᠤᠷ ᠨᠢ ᠴᠥᠮ ᠲᠠᠷᠢᠮᠠᠯ ᠤᠨ ᠦᠨᠳᠦᠰᠦᠨ ᠰᠢᠰᠲ᠋ᠧᠮ ᠳᠤ ᠮᠠᠭᠤ ᠨᠥᠯᠥᠭᠡ | ᠦᠵᠡᠭᠦᠯᠵᠦ ᠮᠡᠳᠡᠨ᠎ᠡ ᠭᠡᠵᠦ ᠬᠡᠯᠡᠵᠦ ᠪᠣᠯᠣᠨ᠎ᠠ᠂ ᠡᠨᠡ ᠨᠢ ᠭᠤᠣᠯᠳᠠᠭᠤ ᠬᠡᠳᠦᠢ ᠣᠷᠣᠭᠤᠯᠤᠭᠰᠠᠨ ᠭᠡᠮᠵᠢᠶ᠎ᠡ ᠠᠴᠠ | ᠦᠵᠡᠳᠡᠭ᠃ ᠶᠡᠭᠡ ᠬᠡᠮᠵᠢᠶᠡᠨ ᠤ ᠪᠣᠷᠳᠣᠭᠤᠷ ᠲᠠᠷᠢᠮᠠᠯ ᠤᠨ ᠦᠨᠳᠦᠰᠦᠨ ᠬᠡᠰᠡᠭ ᠲᠤ ᠲᠥᠪᠯᠡᠷᠡᠵᠦ᠂ ᠪᠣᠷᠳᠣᠭᠤᠷ ᠲᠠᠢ | ᠣᠶᠢᠷᠠᠲᠤᠭᠰᠠᠨ ᠦᠨᠳᠦᠰᠦᠨ ᠳᠤ ᠤᠰᠤ ᠳᠤᠲᠠᠭᠳᠠᠭᠤᠯᠳᠠᠭ ᠪᠣᠯᠬᠤᠷ ᠲᠠᠷᠢᠮᠠᠯ ᠤᠨ ᠦᠨᠳᠦᠰᠦ ᠶᠢᠨ ᠰᠢᠰᠲ᠋ᠧᠮ ᠳᠤ | ᠮᠠᠭᠤ ᠨᠥᠯᠥᠭᠡ ᠦᠵᠡᠭᠦᠯᠬᠦ ᠪᠣᠯᠣᠨ᠎ᠠ᠃ | ᠰᠢᠭᠡᠰᠦᠯᠢᠭ ᠡᠳ᠋ ᠢ ᠬᠥᠷᠥᠰᠥᠨ ᠳᠤ ᠣᠷᠤᠭᠤᠯᠤᠭᠰᠠᠨ ᠤ ᠳᠠᠷᠠᠭ᠎ᠠ ᠦᠨᠳᠦᠰᠦ ᠶᠢ ᠨᠢ ᠰᠢᠲᠠᠭᠠᠬᠤ ᠦᠵᠡᠭᠳᠡᠯ | ᠭᠠᠷᠬᠤ ᠠᠴᠠ ᠵᠠᠶᠢᠯᠠᠰᠬᠢᠵᠦ᠂ ᠬᠥᠷᠥᠰᠥ ᠰᠢᠷᠣᠢ ᠨᠢ ᠭᠦᠢᠴᠡᠳ ᠬᠡᠮᠵᠢᠶᠡᠨ ᠤ ᠤᠰᠤ ᠠᠭᠤᠯᠬᠤ ︵ᠶᠡᠷᠦ ᠳᠤ ᠪᠠᠨ | 70%-80% ᠣᠷᠴᠢᠮ︶ ᠪᠠᠳᠤᠯᠠᠬᠤ ᠬᠡᠷᠡᠭᠲᠡᠢ᠂ ᠡᠰᠡ ᠲᠡᠭᠡᠪᠡᠯ ᠰᠢᠭᠡᠰᠦᠯᠢᠭ ᠡᠳ᠋ ᠤᠨ ᠤᠰᠤ ᠵᠠᠳᠠᠷᠠᠬᠤ | ᠬᠤᠷᠳᠤᠴᠠ ᠶᠢ ᠨᠥᠯᠥᠭᠡᠯᠡᠵᠦ᠂ ᠪᠣᠷᠳᠣᠭᠤᠷ ᠤᠨ ᠦᠢᠯᠡᠳᠦᠯ ᠢ ᠪᠠᠳᠠᠷᠠᠭᠤᠯᠬᠤ ᠶᠢ ᠨᠥᠯᠥᠭᠡᠯᠡᠬᠦ ᠪᠣᠯᠣᠨ᠎ᠠ᠃ ᠬᠡᠷᠪᠡ | ᠬᠥᠷᠥᠰᠥ ᠰᠢᠷᠣᠢ ᠨᠢ ᠨᠡᠯᠢᠶᠡᠳ ᠭᠠᠩ ᠬᠠᠭᠤᠷᠠᠢ ᠪᠠᠶᠢᠪᠠᠯ᠂ ᠰᠢᠭᠡᠰᠦᠯᠢᠭ ᠡᠳ᠋ ᠣᠷᠣᠭᠤᠯᠤᠭᠰᠠᠨ ᠤ ᠳᠠᠷᠠᠭ᠎ᠠ | ᠬᠥᠷᠥᠰᠥ ᠰᠢᠷᠣᠢ ᠶᠢ ᠵᠣᠬᠢᠰᠲᠠᠢ ᠤᠰᠤᠯᠠᠵᠤ᠂ ᠪᠣᠷᠳᠣᠭᠤᠷ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠰᠢᠭᠡᠰᠦᠯᠢᠭ | ᠡᠳ᠋ ᠲᠠᠬᠢ ᠠᠽᠣᠲ ᠡᠳ᠋ ᠨᠢ ᠠᠮᠠᠷᠬᠠᠨ ᠠᠭᠤᠷᠰᠢᠨ ᠳᠡᠭᠳᠡᠬᠦ ᠤᠴᠢᠷ ᠠᠴᠠ ᠰᠢᠭᠡᠰᠦᠯᠢᠭ ᠡᠳ᠋ ᠢ ᠬᠡᠷᠡᠭᠯᠡᠭᠰᠡᠨ ᠤ | ᠳᠠᠷᠠᠭ᠎ᠠ ᠭᠤᠤ ᠮᠠᠯᠲᠠᠨ ᠰᠢᠷᠣᠢ ᠪᠦᠷᠬᠦᠪᠡᠯ ᠵᠤᠬᠢᠨ᠎ᠠ᠃ ᠰᠢᠭᠡᠰᠦᠯᠢᠭ ᠡᠳ᠋ ᠨᠢ ᠵᠥᠪᠬᠡᠨ ᠠᠽᠣᠲ ᠡᠳ᠋ ︵ᠴᠡᠪᠡᠷ | ᠠᠽᠣᠲ ᠠᠭᠤᠯᠤᠭᠳᠠᠵᠤ ᠪᠠᠶᠢᠭ᠎ᠠ ᠨᠢ ᠶᠡᠷᠦ ᠳᠤ ᠪᠠᠨ 46%︶ ᠠᠭᠤᠯᠤᠭᠳᠠᠳᠠᠭ ᠪᠤᠯᠬᠤᠷ ᠹᠣᠰᠹᠣᠷ ᠬᠦᠴᠢᠯ ᠤᠨ | ᠺᠠᠯᠼ᠂ ᠾᠯᠣᠷᠲᠤ ᠺᠠᠯᠢ ᠪᠤᠶᠤ ᠬᠦᠬᠦᠷ ᠬᠦᠴᠢᠯ ᠤᠨ ᠺᠠᠯᠢ᠂ ᠡᠰᠡᠬᠦᠯ᠎ᠡ ᠢᠯᠵᠠᠷᠠᠨ ᠪᠣᠯᠪᠠᠰᠤᠷᠠᠭᠤᠯᠬᠤ ᠮᠠᠯ | ᠵᠢᠭᠦᠷᠲᠡᠨ ᠤ ᠢᠯᠭᠠᠳᠠᠰᠤᠨ ᠪᠣᠷᠳᠣᠭᠤᠷ ᠲᠠᠢ ᠵᠣᠬᠢᠰᠲᠠᠢ ᠬᠤᠯᠢᠯᠳᠠᠭᠤᠯᠤᠨ ᠬᠡᠷᠡᠭᠯᠡᠵᠦ ᠪᠣᠯᠳᠠᠭ᠃ | ᠰᠢᠭᠡᠰᠦᠯᠢᠭ ᠡᠳ᠋ ᠢ ᠬᠠᠭᠤᠷᠠᠢ ᠪᠠᠷ ᠬᠡᠷᠡᠭᠯᠡᠪᠡᠯ ᠦᠨᠳᠦᠰᠦ ᠶᠢ ᠰᠢᠲᠠᠭᠠᠬᠤ ᠠᠰᠠᠭᠤᠳᠠᠯ ᠳᠤ ᠴᠢᠭᠯᠡᠭᠦᠯᠦᠨ᠂ | ᠲᠡᠭᠦᠨ ᠤ ᠠᠭᠤᠯᠵᠤ ᠪᠠᠶᠢᠭ᠎ᠠ ᠠᠽᠣᠲ ᠤᠨ ᠡᠯᠧᠮᠧᠨ᠋ᠲ ᠨᠢ ᠤᠷᠭᠤᠮᠠᠯ ᠤᠨ ᠤᠰᠤ ᠶᠢ ᠠᠯᠳᠠᠭᠤᠯᠳᠠᠭ ᠪᠣᠯᠬᠤᠷ | ᠬᠡᠷᠡᠭᠯᠡᠬᠦ ᠳᠡᠭᠡᠨ ᠤᠰᠤᠯᠠᠬᠤ ᠲᠠᠢ ᠤᠶᠠᠯᠳᠤᠭᠤᠯᠪᠠᠯ ᠬᠠᠮᠤᠭ ᠰᠠᠶᠢᠨ ᠪᠠᠶᠢᠵᠤ᠂ ᠪᠠᠰᠠ ᠦᠨᠳᠦᠰᠦᠨ ᠠᠴᠠ ᠬᠤᠶᠠᠷ | ᠭᠤᠷᠪᠠᠨ ᠢᠮᠠᠬᠤ ᠬᠤᠯᠠ ᠭᠠᠵᠠᠷ ᠲᠤ ᠪᠣᠷᠳᠣᠭᠤᠷ ᠤᠷᠤᠭᠤᠯᠬᠤ ᠬᠡᠷᠡᠭᠲᠡᠢ︔ ᠬᠡᠷᠪᠡ ᠵᠠᠪᠠᠯ ᠬᠠᠭᠤᠷᠠᠢ ᠪᠠᠷ | ᠣᠷᠤᠭᠤᠯᠬᠤ ᠴᠢᠬᠤᠯᠠᠳᠠᠢ ᠪᠤᠯ ᠬᠠᠮᠤᠭ ᠰᠠᠶᠢᠨ ᠨᠢ ᠦᠳᠡ ᠶᠢᠨ ᠬᠤᠶᠢᠨ᠎ᠠ ᠪᠣᠷᠳᠣᠭᠤᠷ ᠣᠷᠣᠭᠤᠯᠬᠤ ᠶᠢ ᠰᠤᠩᠭᠤᠬᠤ | ᠬᠡᠷᠡᠭᠲᠡᠢ᠂ ᠢᠩᠭᠢᠪᠡᠯ ᠰᠥᠨᠢ ᠶᠢᠨ ᠰᠢᠭᠦᠳᠡᠷᠢ ᠳᠤ ᠰᠢᠭᠡᠰᠦᠯᠢᠭ ᠡᠳ᠋ ᠠᠭᠤᠰᠴᠤ᠂ ᠬᠥᠷᠥᠰᠥ ᠰᠢᠷᠣᠢ ᠳᠤ | ᠰᠢᠩᠭᠡᠭᠳᠡᠳᠡᠭ᠃ |