ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠮᠡᠷᠭᠡᠵᠢᠯ ᠤᠨ ᠪᠣᠯᠪᠠᠰᠤᠷᠠᠭᠤᠯᠤᠯ ᠵᠢᠴᠢ ᠨᠠᠮᠤᠭ ᠤᠨ ᠬᠡᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠠᠵᠢᠯᠯᠠᠭ᠎ᠠ ᠤᠷᠤᠭᠰᠢᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 26 - 27 ᠤ ᠡᠳᠦᠷ ᠪᠣᠯᠲᠠᠯ᠎ᠠ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠮᠡᠷᠭᠡᠵᠢᠯ ᠤᠨ ᠪᠣᠯᠪᠠᠰᠤᠷᠠᠭᠤᠯᠤᠯ ᠵᠢᠴᠢ ᠨᠠᠮᠤᠭ ᠤᠨ ᠬᠡᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠶᠢᠨ ᠲᠠᠯᠠᠪᠤᠷ ᠤᠨ ᠲᠣᠭᠤᠷᠢᠨ ᠦᠵᠡᠬᠦ ᠠᠵᠢᠯᠯᠠᠭ᠎ᠠ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠤᠷᠤᠭᠰᠢᠲᠠᠢ ᠶᠠᠪᠤᠭᠳᠠᠵᠤ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠥᠬᠦᠳ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠰᠠᠯᠠᠭ᠎ᠠ᠂ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠤᠨ ᠬᠠᠷᠢᠭᠤᠴᠠᠯᠭᠠᠲᠠᠨ ᠨᠦᠬᠦᠳ ᠪᠣᠯᠤᠨ ᠬᠠᠮᠢᠶ᠎ᠠ ᠪᠦᠬᠦᠢ ᠮᠡᠷᠭᠡᠵᠢᠯᠲᠡᠨ 80 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠪᠠ᠃ 
图片1.png
       ᠪᠣᠯᠪᠠᠰᠤᠷᠠᠭᠤᠯᠤᠯ ᠤᠨ ᠠᠩᠭᠢ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤ᠂ ᠠᠯᠳᠠᠷ ᠰᠤᠮᠤ᠂ ᠴᠠᠷᠠᠰᠤᠨ ᠪᠠᠯᠭᠠᠰᠤ᠂ ᠡᠷᠬᠡᠲᠦ ᠪᠠᠯᠭᠠᠰᠤᠨ ᠤ ᠪᠦᠬᠦ ᠠᠮᠢᠳᠤ ᠪᠣᠳᠠᠰ ᠤᠨ ᠵᠠᠳᠠᠷᠠᠮᠠᠬᠠᠢ ᠰᠦᠯᠢᠶᠥᠦ ᠪᠦᠷᠬᠦᠪᠴᠢ ᠶᠢ ᠰᠢᠯᠭᠠᠨ ᠪᠠᠶᠢᠴᠠᠭᠠᠵᠤ ᠦᠨᠡᠯᠡᠬᠦ᠂ ᠡᠰᠢ ᠰᠦᠷᠡᠯ ᠤᠨ ᠲᠡᠵᠢᠭᠡᠯ ᠪᠣᠷᠳᠤᠭ᠎ᠠ ᠶᠢ ᠠᠰᠢᠭᠯᠠᠬᠤ᠂ ᠭᠠᠳᠠᠨ᠎ᠠ ᠠᠴᠠ ᠣᠷᠣᠵᠤ ᠢᠷᠡᠭᠰᠡᠨ ᠤᠷᠭᠤᠮᠠᠯ ᠤᠨ ᠽᠢ ᠧ ᠯᠤᠩ ᠺᠦᠢ ᠶᠢ ᠰᠡᠷᠭᠡᠶᠢᠯᠡᠨ ᠡᠵᠡᠮᠳᠡᠬᠦ᠂ ᠲᠣᠮᠣ ᠬᠡᠯᠪᠡᠷᠢ ᠶᠢᠨ ᠨᠠᠮᠤᠭ ᠤᠨ ᠬᠡᠢ ᠶᠢᠨ ᠢᠨᠵᠧᠨᠧᠷᠢᠩ ᠤᠨ ᠠᠵᠢᠯᠯᠠᠭᠠᠨ ᠤ ᠬᠠᠮᠠᠭᠠᠯᠠᠯᠲᠠ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠲᠤᠬᠠᠢ ᠶᠢᠨ ᠲᠠᠯᠠᠪᠤᠷ ᠢ ᠲᠣᠭᠤᠷᠢᠨ ᠦᠵᠡᠪᠡ᠃  ᠪᠠᠰᠠ ᠥᠪᠥᠷ ᠮᠣᠩᠭᠤᠯ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ ᠤᠨ ᠬᠢᠩᠭᠠᠨ ᠤ ᠬᠤᠪᠢᠶᠠᠷᠢ ᠬᠦᠷᠢᠶᠡᠯᠡᠩ ᠤᠨ ᠳᠡᠭᠡᠳᠦ ᠵᠡᠷᠭᠡ ᠶᠢᠨ ᠢᠨᠵᠧᠨᠧᠷ ᠳ᠋ᠦ᠋ ᠴᠦᠨ ᠵᠢᠤᠸᠠᠨ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠰᠢᠤᠸᠠᠢ ᠱᠤ᠋ ᠶᠤᠸᠠᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠶᠡᠷᠦᠩᠬᠡᠢ ᠥᠷᠲᠡᠭᠡ ᠶᠢᠨ ᠳᠡᠳ᠋ ᠰᠤᠳᠤᠯᠤᠭᠴᠢ ᠦ᠋ ᠽᠧ ᠶᠢᠩ ᠢ ᠤᠷᠢᠵᠤ᠂ ᠨᠠᠮᠤᠭ ᠤᠨ ᠬᠡᠢ ᠶᠢᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠭᠤᠣᠯᠳᠠᠯᠭ᠎ᠠ᠂ ᠡᠰᠢ ᠰᠦᠷᠡᠯ ᠤᠨ ᠲᠡᠵᠢᠭᠡᠯ ᠪᠣᠷᠳᠤᠭ᠎ᠠ ᠶᠢ ᠥᠨᠳᠥᠷ ᠦᠷ᠎ᠡ ᠪᠦᠲᠦᠮᠵᠢᠲᠠᠢ ᠠᠰᠢᠭᠯᠠᠬᠤ ᠮᠡᠷᠭᠡᠵᠢᠯ᠂ ᠪᠣᠬᠢᠷᠲᠤᠭᠰᠠᠨ ᠲᠠᠷᠢᠶᠠᠨ ᠭᠠᠵᠠᠷ ᠢ ᠠᠶᠤᠯᠭᠦᠢ ᠠᠰᠢᠭᠯᠠᠬᠤ ᠬᠠᠮᠢᠶᠠᠷᠤᠯᠲᠠ ᠵᠡᠷᠭᠡ ᠠᠵᠢᠯ ᠢ ᠲᠤᠰᠬᠠᠶᠢᠯᠠᠨ ᠪᠣᠯᠪᠠᠰᠤᠷᠠᠭᠤᠯᠤᠯ ᠬᠢᠯᠭᠡᠵᠠᠢ᠃ ᠤᠯᠠᠭᠠᠨᠬᠠᠳᠠ ᠬᠤᠳᠠ᠂ ᠬᠢᠩᠭᠠᠨ ᠠᠶᠢᠮᠠᠭ ᠪᠠ ᠪᠠᠶᠠᠨᠨᠠᠭᠤᠷ ᠬᠤᠳᠠ ᠶᠢᠨ ᠬᠢᠨ ᠨᠠᠮᠤᠭ ᠤᠨ ᠬᠡᠢ ᠶᠢᠨ ᠠᠶᠤᠯᠭᠦᠢ ᠦᠢᠯᠡᠳᠪᠦᠷᠢᠯᠡᠯ᠂ ᠡᠰᠢ ᠰᠦᠷᠡᠯ ᠢ ᠪᠤᠷᠳᠤᠭᠤᠷᠵᠢᠭᠤᠯᠤᠨ ᠠᠰᠢᠭᠯᠠᠬᠤ᠂ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠵᠡᠷᠭᠡ ᠲᠠᠯ᠎ᠠ ᠶᠢᠨ ᠨᠡᠶᠢᠲᠡᠯᠢᠭ ᠲᠤᠷᠰᠢᠯᠭ᠎ᠠ ᠶᠢ ᠲᠤᠰ ᠲᠤᠰ ᠲᠠᠨᠢᠯᠴᠠᠭᠤᠯᠪᠠ᠃ 
图片2.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠠᠷᠢᠭᠤᠴᠠᠯᠭᠠᠲᠠᠨ ᠪᠣᠯᠪᠠᠰᠤᠷᠠᠭᠤᠯᠤᠯ ᠤᠨ ᠠᠭᠤᠯᠭ᠎ᠠ ᠲᠠᠢ ᠪᠠᠨ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠦᠷ᠎ᠡ ᠪᠦᠲᠦᠮᠵᠢ ᠪᠠ ᠠᠰᠠᠭᠤᠳᠠᠯ ᠢ ᠳ᠋ᠦᠩᠨᠡᠨ ᠵᠠᠳᠠᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠦᠨ᠂ ᠰᠦᠯᠢᠶᠥᠦ ᠪᠦᠷᠬᠦᠪᠴᠢ ᠡᠰᠢ ᠰᠦᠷᠡᠯ ᠵᠡᠷᠭᠡ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ᠂ ᠠᠮᠢ ᠠᠬᠤᠢ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ ᠠᠬᠢᠭᠤᠯᠬᠤ᠂ ᠵᠠᠩᠭᠢᠯᠠᠭ᠎ᠠ ᠶᠢᠨ ᠬᠤᠭᠤᠴᠠᠭᠠᠨ ᠤ ᠠᠵᠢᠯ ᠢ ᠵᠣᠯᠭᠠᠭᠤᠯᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃ ᠳᠣᠣᠷ᠎ᠠ ᠬᠠᠭᠠᠰ ᠵᠢᠯ ᠤᠨ ᠠᠵᠢᠯ ᠤᠨ ᠰᠡᠳᠬᠢᠴᠡ᠂ ᠠᠵᠢᠯ ᠤᠨ ᠬᠠᠷᠠᠯᠲᠠ᠂ ᠠᠵᠢᠯ ᠤᠨ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠤᠨ ᠬᠢᠨ ᠢ ᠵᠢᠯᠣᠭᠤᠳᠤᠨ ᠪᠦᠬᠦ ᠵᠢᠯ ᠤᠨ ᠡᠯ᠎ᠡ ᠵᠦᠢᠯ ᠤᠨ ᠡᠭᠦᠷᠭᠡ ᠶᠢ ᠴᠠᠭ ᠲᠤᠬᠠᠢ ᠳᠤᠨᠢ ᠴᠢᠨᠠᠷ ᠢ ᠪᠠᠲᠤᠯᠠᠨ ᠪᠡᠶᠡᠯᠡᠭᠦᠯᠬᠦ ᠭᠡᠷᠡᠭᠳᠡᠢ ᠭᠡᠵᠦ ᠱᠠᠭᠠᠷᠳᠠᠪᠠ᠃ 
图片3.png
 
图片4.png
       ᠪᠣᠯᠪᠠᠰᠤᠷᠠᠭᠤᠯᠤᠯ ᠤᠨ ᠠᠩᠭᠢ ᠠᠴᠠ᠂ ᠨᠠᠮᠤᠭ ᠤᠨ ᠬᠡᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠠᠬᠢᠭᠤᠯᠵᠤ᠂ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠶᠢᠨ ᠪᠠᠶᠢᠳᠠᠯ ᠲᠠᠢ ᠤᠶᠠᠯᠳᠤᠭᠤᠯᠵᠤ᠂ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ᠂ ᠬᠠᠷᠢᠶ᠎ᠠ ᠭᠠᠵᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠪᠣᠯᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠥᠪᠡᠷ ᠢᠶᠠᠨ ᠵᠤᠬᠢᠶᠠᠨ ᠪᠠᠶᠢᠭᠤᠯᠤᠨ ᠪᠠᠶᠢᠴᠠᠭᠠᠵᠤ ᠥᠪᠡᠷ ᠢᠶᠠᠨ ᠥᠭᠡᠷᠡᠴᠢᠯᠡᠬᠦ ᠶᠢ ᠴᠢᠩᠭᠠᠳᠬᠠᠵᠤ᠂ ᠬᠠᠶᠠᠭᠳᠠᠮᠠᠯ ᠨᠠᠮᠤᠭ ᠤᠨ ᠬᠡᠢ ᠶᠢᠨ ᠲᠥᠬᠦᠭᠡᠷᠦᠮᠵᠢ ᠶᠢ ᠠᠮᠤᠷ ᠲᠦᠪᠰᠢᠨ ᠢᠶᠠᠷ ᠰᠢᠢᠳᠪᠦᠷᠢᠯᠡᠵᠦ᠂ ᠪᠦᠬᠦᠯᠢ ᠴᠣᠭᠴᠠ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号