ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2024/6/28
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2024 ᠣᠨ ᠤ 6 ᠰᠠᠷ᠎ᠠ ᠶᠢᠨ 28 ᠤ ᠡᠳᠦᠷ ᠤᠨ 08 ᠴᠠᠭ 00 ᠮᠢᠨᠦ᠋ᠲ ᠲᠤ ᠬᠠᠮᠲᠤᠷᠠᠨ ᠲᠠᠷᠢᠶᠠᠨ ᠭᠠᠵᠠᠷ ᠤᠨ ᠦᠶᠡᠷ ᠤᠰᠤᠲᠤᠯ ᠤᠨ ᠴᠠᠭ ᠠᠭᠤᠷ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠨᠡᠶᠢᠲᠡᠯᠡᠪᠡ᠃      ᠥᠨᠳᠥᠷ ᠣᠭᠲᠠᠷᠭᠤᠢ ᠶᠢᠨ ᠪᠣᠭᠤᠨᠢ ᠣᠶᠢᠯ ᠤᠨ ᠨᠥᠯᠥᠭᠡ ᠠᠴᠠ ᠪᠣᠯᠵᠤ᠂ ᠵᠢᠱᠢᠯᠲᠡ ᠪᠠᠷ 6 ᠰᠠᠷ᠎ᠠ ᠶᠢᠨ 28 ᠤ ᠡᠳᠦᠷ ᠠᠴᠠ 7 ᠰᠠᠷ᠎ᠠ ᠶᠢᠨ 2 ᠤᠨ ᠡᠳᠦᠷ ᠪᠣᠯᠲᠠᠯ᠎ᠠ᠂ ᠪᠥᠬᠦ ᠣᠷᠣᠨ ᠳᠤ ᠪᠠᠷᠠᠭᠤᠨ ᠠᠴᠠ ᠵᠡᠭᠦᠨᠰᠢ ᠨᠢᠭᠡ ᠤᠳᠠᠭᠠᠨ ᠤ ᠪᠣᠷᠣᠭᠠᠨ ᠣᠷᠣᠬᠤ ᠴᠠᠭ ᠠᠭᠤᠷ ᠢᠯᠡᠷᠡᠵᠦ᠂ ᠳᠤᠮᠳᠠ ᠬᠡᠰᠡᠭ ᠤᠨ ᠵᠡᠭᠦᠨ ᠪᠡᠶ᠎ᠡ᠂ ᠵᠡᠭᠦᠨ ᠬᠡᠰᠡᠭ ᠤᠨ ᠶᠡᠬᠡᠩᠬᠢ ᠭᠠᠵᠠᠷ ᠣᠷᠣᠨ ᠳᠤ ᠳᠤᠮᠳᠠ ᠠᠴᠠ ᠶᠡᠭᠡ ᠪᠣᠷᠣᠭᠠᠨ ᠣᠷᠣᠵᠤ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠪᠤᠶᠤ ᠶᠡᠭᠡ ᠰᠢᠷᠦᠭᠦᠨ ᠪᠣᠷᠣᠭᠠᠨ ᠣᠷᠣᠬᠤ ᠪᠥᠭᠡᠳ ᠬᠦᠴᠦᠲᠡᠢ ᠰᠣᠯᠢᠭ ᠤᠷᠤᠰᠬᠠᠯ ᠤᠨ ᠴᠠᠭ ᠠᠭᠤᠷ ᠳᠠᠭᠠᠯᠳᠤᠬᠤ ᠪᠣᠯᠣᠨ᠎ᠠ᠃ ᠣᠶᠤᠨᠲᠤ ᠰᠦᠯᠵᠢᠶ᠎ᠡ ᠶᠢᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ 6 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠵᠡᠭᠦᠨ ᠬᠡᠰᠡᠭ ᠤᠨ ᠡᠮᠦᠨᠡᠭᠦᠷᠬᠢ ᠲᠠᠷᠢᠶᠠᠯᠠᠬᠤ ᠣᠷᠣᠨ ᠳᠤ ᠲᠠᠷᠢᠶᠠᠨ ᠭᠠᠵᠠᠷ ᠤᠨ ᠦᠶᠡᠷ ᠤᠰᠤᠲᠤᠯ ᠤᠨ ᠲᠦᠭᠰᠢᠭᠦᠷᠢ ᠲᠠᠢ ᠪᠠᠶᠢᠵᠤ᠂ ᠳᠤᠮᠳᠠ ᠵᠡᠷᠭᠡ ᠶᠢᠨ ᠲᠦᠭᠰᠢᠭᠦᠷᠢ ᠪᠠᠷ ᠭᠤᠣᠯ ᠪᠣᠯᠭᠠᠵᠤ᠂ ᠭᠤᠣᠯᠳᠠᠭᠤ ᠬᠢᠩᠭᠠᠨ ᠠᠶᠢᠮᠠᠭ ᠪᠣᠯᠣᠨ ᠲᠦᠩᠯᠢᠶᠣᠣ ᠬᠤᠲᠠ ᠶᠢᠨ ᠳᠤᠮᠳᠠ ᠬᠡᠰᠡᠭ ᠤᠨ ᠬᠤᠶᠢᠲᠤ ᠲᠠᠯ᠎ᠠ ᠶᠢᠨ ᠭᠠᠵᠠᠷ ᠣᠷᠣᠨ ᠳᠤ ᠲᠥᠪᠯᠡᠷᠡᠵᠦ ᠪᠣᠶ ︵ᠳᠠᠭᠠᠯᠳᠤᠭᠤᠯᠤᠭᠰᠠᠨ ᠵᠢᠷᠤᠭ︶᠃ ᠣᠳᠣᠬᠠᠨ ᠳᠤ᠂ ᠮᠠᠨ ᠤ ᠣᠷᠣᠨ ᠤ ᠵᠡᠭᠦᠨ ᠬᠡᠰᠡᠭ ᠤᠨ ᠶᠡᠬᠡᠩᠬᠢ ᠭᠠᠵᠠᠷ ᠣᠷᠣᠨ ᠤ ᠡᠷᠳᠡᠨᠢ ᠰᠢᠰᠢ ᠦᠶᠡᠯᠡᠬᠦ ᠬᠤᠭᠤᠴᠠᠭᠠᠨ ᠳᠤ ᠣᠷᠣᠵᠤ᠂ ᠰᠢᠷ᠎ᠠ ᠪᠤᠷᠴᠠᠭ ᠰᠠᠯᠠᠭᠠᠯᠠᠬᠤ ᠬᠤᠭᠤᠴᠠᠭᠠᠨ ᠳᠤ ᠣᠷᠣᠵᠤ᠂ ᠲᠥᠮᠥᠰᠥ ᠰᠠᠯᠠᠭᠠᠯᠠᠬᠤ ᠠᠴᠠ ᠪᠠᠭ ᠴᠡᠴᠡᠭ ᠳᠡᠯᠭᠡᠷᠡᠬᠦ ᠬᠤᠭᠤᠴᠠᠭᠠᠨ ᠳᠤ ᠣᠷᠣᠰᠢᠵᠤ᠂ ᠲᠣᠰ ᠡᠭᠡᠯᠵᠢ ᠶᠢᠨ ᠬᠤᠷ᠎ᠠ ᠲᠤᠨᠤᠳᠠᠰᠤ ᠶᠡᠭᠡ ᠣᠷᠣᠨ ᠬᠢᠭᠡᠳ ᠡᠮᠦᠨᠡᠬᠢ ᠬᠤᠭᠤᠴᠠᠭᠠᠨ ᠤ ᠬᠤᠷ᠎ᠠ ᠲᠤᠨᠤᠳᠠᠰᠤ ᠶᠢᠨ ᠬᠡᠪᠴᠢᠶ᠎ᠡ ᠳᠡᠭᠡᠳᠦ ᠬᠡᠮᠵᠢᠶ᠎ᠡ ᠪᠠᠷ ᠳᠠᠪᠬᠤᠴᠠᠵᠤ᠂ ᠬᠤᠲᠣᠭᠤᠷ ᠳᠣᠣᠷ᠎ᠠ ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠠᠮᠠᠷᠬᠠᠨ ᠬᠡᠲᠦ ᠴᠢᠭᠢᠭᠲᠦᠭᠦᠯᠵᠦ᠂ ᠲᠠᠷᠢᠮᠠᠯ ᠤᠨ ᠦᠨᠳᠦᠰᠦ ᠶᠢᠨ ᠰᠢᠰᠲ᠋ᠧᠮ ᠢ ᠬᠦᠴᠢᠯᠲᠥ᠋ᠷᠥᠭᠴᠢ ᠳᠤᠲᠠᠭᠳᠠᠭᠤᠯᠵᠤ᠂ ᠳᠡᠭᠡᠷ᠎ᠡ ᠳᠤᠷᠠᠳᠤᠭᠰᠠᠨ ᠲᠠᠷᠢᠶᠠᠯᠠᠬᠤ ᠣᠷᠣᠨ ᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠶᠢᠨ ᠲᠠᠷᠢᠶᠠᠨ ᠳᠠᠬᠢ ᠲᠠᠷᠢᠮᠠᠯ ᠤᠨ ᠥᠰᠦᠯᠲᠡ ᠪᠤᠶᠢᠵᠢᠯᠲᠠ ᠳᠤ ᠠᠰᠢᠭ ᠦᠭᠡᠢ ᠨᠥᠯᠥᠭᠡ ᠦᠵᠡᠭᠦᠯᠬᠦ ᠪᠣᠯᠣᠨ᠎ᠠ᠃      ᠬᠤᠷᠢᠭᠯᠠᠬᠤ ᠠᠷᠭ᠎ᠠ ᠪᠣᠳᠣᠯᠭ᠎ᠠ᠄      ᠨᠢᠭᠡ ᠳᠤ ᠴᠠᠭ ᠲᠤᠬᠠᠢ ᠳᠤᠨᠢ ᠤᠰᠤᠲᠤᠯ ᠢ ᠵᠠᠯᠠᠨ ᠴᠢᠬᠢᠭ ᠢ ᠰᠠᠷᠨᠢᠭᠤᠯᠵᠤ᠂ ᠳᠣᠣᠷ᠎ᠠ ᠬᠤᠲᠣᠭᠤᠷ ᠠᠮᠠᠷᠬᠠᠨ ᠤᠰᠤᠲᠤᠬᠤ ᠭᠠᠵᠠᠷ ᠲᠤ ᠴᠠᠭ ᠲᠤᠬᠠᠢ ᠳᠤᠨᠢ ᠤᠰᠤ ᠵᠠᠯᠠᠬᠤ ᠰᠤᠪᠠᠭ ᠪᠠ ᠤᠰᠤ ᠬᠤᠷᠠᠬᠤ ᠨᠦᠬᠡ ᠮᠠᠯᠲᠠᠬᠤ᠂ ᠭᠤᠤ ᠰᠤᠪᠠᠭ ᠢ ᠨᠡᠪᠲᠡᠷᠡᠭᠦᠯᠬᠦ ᠪᠠ ᠮᠠᠰᠢᠨ ᠢᠶᠠᠷ ᠵᠠᠪᠳᠤᠨ ᠵᠠᠯᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠤᠰᠤ ᠶᠢ ᠵᠠᠪᠳᠤᠨ ᠭᠠᠳᠠᠭᠰᠢᠯᠠᠭᠤᠯᠵᠤ᠂ ᠤᠰᠤ ᠶᠢ ᠠᠷᠢᠯᠭᠠᠨ ᠤᠰᠤᠲᠤᠯ ᠢ ᠳᠣᠷᠣᠭᠰᠢᠯᠠᠭᠤᠯᠵᠤ᠂ ᠴᠢᠬᠢᠭ ᠢ ᠳᠠᠷᠤᠨ ᠰᠠᠷᠨᠢᠭᠤᠯᠵᠤ᠂ ᠦᠨᠳᠦᠰᠦᠨ ᠤ ᠰᠢᠰᠲ᠋ᠧᠮ ᠪᠠ ᠤᠷᠭᠤᠮᠠᠯ ᠤᠨ ᠳᠠᠬᠢᠨ ᠤᠷᠭᠤᠯᠲᠠ ᠶᠢ ᠠᠬᠢᠭᠤᠯᠵᠤ᠂ ᠤᠰᠤ ᠬᠤᠷᠠᠭᠰᠠᠨ ᠠᠴᠠ ᠪᠣᠯᠵᠤ ᠡᠷᠲᠡ ᠮᠠᠭᠤᠳᠠᠬᠤ᠂ ᠴᠢᠬᠢ ᠦᠬᠦᠬᠦ ᠵᠡᠷᠭᠡ ᠦᠵᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃      ᠬᠤᠶᠠᠷ ᠲᠤ ᠤᠰᠤᠲᠤᠭᠰᠠᠨ ᠭᠠᠵᠠᠷ ᠤᠨ ᠢᠯᠵᠢᠷᠡᠭᠰᠡᠨ ᠮᠠᠭᠤ ᠨᠠᠪᠴᠢ ᠶᠢ ᠴᠠᠭ ᠲᠤᠬᠠᠢ ᠳᠤᠨᠢ ᠴᠡᠪᠡᠷᠯᠡᠨ ᠠᠷᠢᠯᠭᠠᠵᠤ᠂ ᠤᠰᠤ ᠲᠠᠲᠠᠷᠠᠭᠤᠯᠤᠭᠰᠠᠨ ᠤ ᠳᠠᠷᠠᠭ᠎ᠠ ᠤᠷᠭᠤᠮᠠᠯ ᠢ ᠴᠠᠭ ᠲᠤᠬᠠᠢ ᠳᠤᠨᠢ ᠲᠡᠭᠰᠢᠯᠡᠨ᠎ᠡ︔ ᠤᠰᠤ ᠲᠠᠲᠠᠷᠠᠭᠤᠯᠤᠭᠰᠠᠨ ᠤ ᠳᠠᠷᠠᠭ᠎ᠠ ᠮᠠᠰᠢ ᠲᠦᠷᠭᠡᠨ ᠢᠶᠠᠷ ᠭᠦᠢᠴᠡᠳ ᠬᠡᠮᠵᠢᠶᠡᠨ ᠤ ᠪᠣᠷᠳᠣᠭᠤᠷ ᠣᠷᠣᠭᠤᠯᠵᠤ᠂ ᠦᠨᠳᠦᠰᠦ ᠶᠢ ᠨᠢ ᠲᠡᠵᠢᠭᠡᠵᠦ ᠨᠠᠪᠴᠢ ᠶᠢ ᠨᠢ ᠬᠠᠮᠠᠭᠠᠯᠠᠨ᠎ᠠ︔ ᠨᠡᠯᠢᠶᠡᠳ ᠬᠦᠨᠳᠦ ᠭᠠᠮᠰᠢᠭᠳᠠᠭᠰᠠᠨ ᠭᠠᠵᠠᠷ ᠲᠤ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠵᠡᠷᠭᠡ ᠪᠣᠷᠳᠣᠭᠤᠷ ᠪᠠ ᠰᠥᠷᠬᠦ ᠶᠢ ᠡᠰᠡᠷᠭᠦᠴᠡᠬᠦ ᠨᠠᠶᠢᠷᠠᠯᠭ᠎ᠠ ᠶᠢ ᠰᠦᠷᠴᠢᠨ ᠣᠷᠣᠭᠤᠯᠬᠤ ᠪᠠᠷ ᠳᠠᠮᠵᠢᠭᠤᠯᠤᠨ᠂ ᠪᠣᠷᠳᠣᠭᠤᠷ ᠤᠰᠤ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠵᠦ᠂ ᠲᠠᠷᠢᠮᠠᠯ ᠤᠨ ᠰᠡᠷᠭᠦᠭᠡᠯᠲᠡ ᠶᠢᠨ ᠥᠰᠦᠯᠲᠡ ᠶᠢ ᠲᠦᠷᠭᠡᠬᠡᠨ ᠠᠬᠢᠭᠤᠯᠬᠤ ᠬᠡᠷᠡᠭᠲᠡᠢ᠃      ᠭᠤᠷᠪᠠ ᠳᠤ ᠤᠰᠤᠲᠤᠯ ᠠᠴᠠ ᠪᠣᠯᠵᠤ ᠬᠤᠷᠢᠶᠠᠯᠲᠠ ᠠᠯᠳᠠᠭᠰᠠᠨ ᠭᠠᠵᠠᠷ ᠲᠤ ᠭᠠᠮᠰᠢᠭ ᠠᠴᠠ ᠠᠪᠤᠷᠠᠬᠤ ᠦᠷ᠎ᠡ ᠶᠢ ᠡᠷᠲᠡᠬᠡᠨ ᠪᠡᠯᠡᠳᠬᠡᠵᠦ᠂ ᠦᠷᠡᠵᠢᠯ ᠤᠨ ᠣᠬᠤᠷ ᠬᠤᠭᠤᠴᠠᠭᠠᠨ ᠤ ᠲᠠᠷᠢᠮᠠᠯ ᠪᠠ ᠲᠡᠵᠢᠭᠡᠯ ᠡᠪᠡᠰᠦ ᠵᠡᠷᠭᠡ ᠶᠢ ᠴᠠᠭ ᠲᠤᠬᠠᠢ ᠳᠤᠨᠢ ᠨᠥᠬᠦᠪᠦᠷᠢᠯᠡᠨ ᠥᠭᠡᠷᠡᠴᠢᠯᠡᠨ ᠲᠠᠷᠢᠵᠤ᠂ ᠦᠢᠯᠡᠳᠪᠦᠷᠢᠯᠡᠯ ᠢᠶᠠᠨ ᠲᠦᠷᠭᠡᠬᠡᠨ ᠰᠡᠷᠭᠦᠭᠡᠵᠦ᠂ ᠭᠠᠮᠰᠢᠭ ᠤᠨ ᠬᠤᠬᠢᠷᠠᠯ ᠢ ᠪᠠᠭᠠᠰᠬᠠᠨ᠎ᠠ᠃
1.png
2.png
      ᠳᠠᠭᠠᠯᠳᠤᠭᠤᠯᠤᠯ ᠵᠢᠷᠤᠭ 6 ᠰᠠᠷ᠎ᠠ ᠶᠢᠨ 29 ᠤ ᠡᠳᠦᠷ ᠠᠴᠠ 30 ᠤ ᠡᠳᠦᠷ ᠪᠤᠯᠳᠠᠯᠠᠬᠢ ᠥᠪᠥᠷ ᠮᠣᠩᠭᠤᠯ ᠣᠷᠣᠨ ᠤ ᠲᠠᠷᠢᠶᠠᠨ ᠭᠠᠵᠠᠷ ᠤᠨ ᠦᠶᠡᠷ ᠤᠰᠤᠲᠤᠯ ᠤᠨ ᠴᠠᠭ ᠠᠭᠤᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号