ᠨᠤᠲᠤᠭ ᠪᠡᠯᠴᠢᠭᠡᠷ ᠤᠨ ᠮᠢᠩ ᠡᠷᠪᠡᠬᠡᠢ ᠶᠢᠨ ᠣᠷᠣᠨ ᠪᠦᠰᠡ ᠶᠢᠨ ᠴᠢᠨᠠᠷᠲᠠᠢ ︵ᠥᠪᠥᠷ ᠮᠣᠩᠭᠤᠯ︶ ᠪᠣᠬᠢᠷᠲᠤᠯ ᠦᠭᠡᠢ ᠦᠷᠭᠦᠯᠵᠢᠯᠡᠨ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠤᠬᠠᠢ ᠶᠢᠨ ᠲᠠᠯᠠᠪᠤᠷ ᠤᠨ ᠦᠵᠡᠭᠦᠯᠭᠡ ᠶᠢᠨ ᠠᠵᠢᠯᠯᠠᠭ᠎ᠠ ᠰᠢᠯᠤᠭᠤᠨ ᠬᠥᠬᠡ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/28
      6 ᠰᠠᠷ᠎ᠠ ᠶᠢᠨ 26 ᠤ ᠡᠳᠦᠷ᠂ ᠲᠥᠷᠥᠯ ᠵᠦᠢᠯ ᠤᠨ ᠰᠤᠳᠤᠯᠭᠠᠨ ᠤ ᠦᠷ᠎ᠡ ᠪᠦᠲᠦᠭᠡᠯ ᠵᠢᠴᠢ ᠦᠷ᠎ᠡ ᠪᠦᠲᠦᠮᠵᠢ ᠶᠢ ᠳᠡᠯᠭᠡᠨ ᠦᠵᠡᠭᠦᠯᠬᠦ ᠶᠢᠨ ᠲᠥᠯᠥᠭᠡ᠂ ᠨᠤᠲᠤᠭ ᠪᠡᠯᠴᠢᠭᠡᠷ ᠤᠨ ᠮᠢᠩ ᠡᠷᠪᠡᠬᠡᠢ ᠶᠢᠨ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠢ ᠤᠬᠠᠭᠤᠯᠤᠨ ᠳᠡᠯᠭᠡᠷᠡᠭᠦᠯᠵᠦ᠂ ᠨᠤᠲᠤᠭ ᠪᠡᠯᠴᠢᠭᠡᠷ ᠤᠨ ᠮᠢᠩ ᠡᠷᠪᠡᠬᠡᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠮᠡᠷᠭᠡᠵᠢᠯ ᠤᠨ ᠬᠡᠷᠡᠭᠯᠡᠯᠲᠡ ᠶᠢᠨ ᠠᠬᠢᠴᠠ ᠶᠢ ᠰᠣᠯᠢᠯᠴᠠᠨ ᠰᠦᠪᠡᠭᠴᠢᠯᠡᠬᠦ  ᠶᠢᠨ ᠲᠦᠯᠦᠭᠡ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ ᠤᠨ ᠡᠷᠭᠢᠯᠡᠭᠰᠡᠨ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠥᠷᠥᠯ ᠵᠦᠢᠯ ᠤᠨ ︽ᠨᠤᠲᠤᠭ ᠪᠡᠯᠴᠢᠭᠡᠷ ᠤᠨ ᠮᠢᠩ ᠡᠷᠪᠡᠬᠡᠢ ᠶᠢᠨ ᠭᠠᠮᠰᠢᠭ ᠤᠨ ᠬᠤᠪᠢᠷᠠᠯᠲᠠ ᠶᠢᠨ ᠲᠣᠭᠲᠠᠴᠠ ᠬᠢᠭᠡᠳ ᠦᠷᠭᠦᠯᠵᠢᠯᠡᠨ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠰᠤᠳᠤᠯᠭᠠᠨ︾ ᠤ ᠪᠦᠯᠬᠦᠮ ᠨᠢ ᠮᠠᠨ ᠤ ᠣᠷᠣᠨ ᠤ ᠰᠢᠯᠤᠭᠤᠨ ᠬᠥᠬᠡ ᠬᠤᠰᠢᠭᠤᠨ ᠳᠤ ᠨᠤᠲᠤᠭ ᠪᠡᠯᠴᠢᠭᠡᠷ ᠤᠨ ᠮᠢᠩ ᠡᠷᠪᠡᠬᠡᠢ ᠶᠢᠨ ᠣᠷᠣᠨ ᠪᠦᠰᠡ ᠶᠢᠨ ᠴᠢᠨᠠᠷᠲᠠᠢ ︵ᠥᠪᠥᠷ ᠮᠣᠩᠭᠤᠯ︶ ᠶᠢᠨ ᠪᠣᠬᠢᠷᠲᠤᠯ ᠦᠭᠡᠢ ᠦᠷᠭᠦᠯᠵᠢᠯᠡᠨ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ ᠤᠨ ᠲᠥᠷᠥᠯ ᠵᠦᠢᠯ ᠤᠨ ᠲᠡᠷᠢᠬᠦᠨ ᠰᠠᠭᠤᠳᠠᠯ ᠤᠨ ᠰᠤᠳᠤᠯᠤᠭᠴᠢ ᠵᠢᠶᠠᠩ ᠰᠢᠩ ᠹᠦ᠋ ᠴᠢᠬᠤᠯᠠ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠤᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠭᠠᠵᠠᠷ ᠤᠨ ᠳᠡᠳ᠋ ᠳᠠᠷᠤᠭ᠎ᠠ ᠤᠷᠢᠯᠭ᠎ᠠ ᠪᠠᠷ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ ᠭᠠᠵᠠᠷ᠂ ᠨᠠᠨᠵᠢᠩ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠯᠢᠶᠣᠤᠨᠢᠩ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠢᠴᠢ ᠬᠠᠷᠠᠮᠥ᠋ᠷᠡᠨ ᠮᠤᠵᠢ ᠶᠢᠨ ᠤᠷᠭᠤᠮᠠᠯ ᠤᠨ ᠪᠠᠶᠢᠴᠠᠭᠠᠯᠲᠠ ᠤᠷᠭᠤᠮᠠᠯ ᠤᠨ ᠬᠠᠮᠠᠭᠠᠯᠠᠯᠲᠠ ᠶᠢᠨ ᠥᠷᠲᠡᠭᠡ ᠵᠡᠷᠭᠡ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠵᠢᠴᠢ ᠮᠤᠵᠢ ᠣᠷᠣᠨ ᠤ ᠤᠷᠭᠤᠮᠠᠯ ᠤᠨ ᠬᠠᠮᠠᠭᠠᠯᠠᠯᠲᠠ ᠶᠢᠨ ᠰᠢᠰᠲ᠋ᠧᠮ ᠤᠨ ᠲᠤᠰᠬᠠᠢ ᠮᠡᠷᠭᠡᠵᠢᠯᠲᠡᠨ᠂ ᠡᠷᠳᠡᠮᠲᠡᠨ ᠵᠢᠴᠢ ᠲᠤᠬᠠᠢ ᠶᠢᠨ ᠭᠠᠵᠠᠷ ᠤᠨ ᠲᠠᠷᠢᠮᠠᠯ ᠤᠨ ᠲᠣᠮᠣ ᠡᠷᠦᠬᠡ ᠵᠡᠷᠭᠡ 70 ᠭᠠᠷᠤᠢ ᠬᠥᠮᠥᠨ ᠣᠷᠣᠯᠴᠠᠵᠠᠢ᠃
59.1.png
      ᠲᠥᠷᠥᠯ ᠵᠦᠢᠯ ᠳᠤ ᠬᠠᠷᠢᠶᠠᠯᠠᠭᠳᠠᠬᠤ 5 ᠰᠡᠳᠦᠪ ᠤᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠰᠤᠳᠤᠯᠭᠠᠨ ᠤ ᠠᠵᠢᠯᠲᠠᠨ ᠲᠣᠰ ᠲᠣᠰ ᠲᠥᠷᠥᠯ ᠵᠦᠢᠯ ᠤᠨ ᠰᠤᠳᠤᠯᠭᠠᠨ ᠤ ᠠᠬᠢᠴᠠ ᠵᠢᠴᠢ ᠲᠠᠷᠠᠭᠠᠴᠢ ᠶᠢᠨ ᠠᠯᠬᠤᠮ ᠤᠨ ᠲᠥᠯᠥᠪᠯᠡᠭᠡ ᠪᠠᠨ ᠬᠠᠷᠢᠭᠤ ᠮᠡᠳᠡᠭᠦᠯᠵᠦ᠂ ᠲᠥᠷᠥᠯ ᠵᠦᠢᠯ ᠤᠨ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠠᠴᠠ ᠲᠥᠷᠥᠯ ᠵᠦᠢᠯ ᠤᠨ ᠰᠤᠳᠤᠯᠭᠠᠨ ᠤ ᠦᠷ᠎ᠡ ᠪᠦᠲᠦᠮᠵᠢ ᠳᠤ ᠦᠨᠡᠯᠡᠯᠲᠡ ᠬᠢᠭᠰᠡᠨ ᠪᠥᠭᠡᠳ ᠲᠥᠷᠥᠯ ᠵᠦᠢᠯ ᠤᠨ ᠰᠤᠳᠤᠯᠭᠠᠨ ᠤ ᠰᠠᠨᠠᠯ ᠪᠠ ᠰᠠᠨᠠᠭᠤᠯᠭ᠎ᠠ ᠪᠠᠨ ᠳᠤᠷᠠᠳᠤᠭᠰᠠᠨ ᠪᠠᠶᠢᠨ᠎ᠠ᠃
59.2.png
      ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠪᠣᠯᠣᠨ ᠲᠥᠯᠥᠭᠡᠯᠡᠭᠴᠢᠳ ᠬᠠᠮᠲᠤᠪᠠᠷ ᠲᠦᠷᠦᠯ ᠵᠦᠢᠯ ᠳᠤ ᠣᠷᠣᠯᠴᠠᠭᠰᠠᠨ ᠨᠢᠭᠡᠴᠡ ᠶᠢᠨ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠤᠨ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠳᠤ ᠪᠠᠶᠢᠭᠤᠯᠤᠭᠰᠠᠨ ᠪᠡᠯᠴᠢᠭᠡᠷ ᠤᠨ ᠮᠢᠩ ᠡᠷᠪᠡᠬᠡᠢ ᠶᠢᠨ ᠣᠷᠣᠨ ᠪᠦᠰᠡ ᠶᠢᠨ ᠴᠢᠨᠠᠷᠲᠠᠢ ︵ᠥᠪᠥᠷ ᠮᠣᠩᠭᠤᠯ︶ ᠪᠣᠬᠢᠷᠲᠤᠯ ᠦᠭᠡᠢ ᠦᠷᠭᠦᠯᠵᠢᠯᠡᠨ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠵᠢᠱᠢᠶ᠎ᠡ ᠦᠵᠡᠭᠦᠯᠬᠦ ᠣᠷᠣᠨ ᠢ ᠲᠣᠭᠤᠷᠢᠨ ᠦᠵᠡᠪᠡ᠃ ᠵᠢᠱᠢᠶ᠎ᠡ ᠦᠵᠡᠭᠦᠯᠬᠦ ᠣᠷᠣᠨ ᠨᠢ ᠲᠠᠷᠢᠶᠠᠯᠠᠩ ᠤᠨ ᠠᠷᠭ᠎ᠠ ᠬᠡᠮᠵᠢᠶ᠎ᠡ᠂ ᠠᠮᠢ ᠠᠬᠤᠢ ᠶᠢᠨ ᠲᠣᠬᠢᠷᠠᠭᠤᠯᠤᠯ ᠡᠵᠡᠮᠳᠡᠯ᠂ ᠹᠢᠽᠢᠺ ᠬᠢᠮᠢ ᠶᠢᠨ ᠠᠷᠭᠠᠳᠠᠨ ᠡᠵᠡᠮᠳᠡᠬᠦ᠂ ︽ᠠᠭᠠᠷ ︱ ᠭᠠᠵᠠᠷ︾ ᠢ ᠨᠢᠭᠡ ᠴᠣᠭᠴᠠᠵᠢᠭᠤᠯᠤᠨ ᠬᠤᠷᠢᠭᠯᠠᠬᠤ᠂ ᠠᠮᠢᠳᠤ ᠪᠣᠳᠠᠰ ᠢᠶᠠᠷ ᠰᠡᠷᠭᠡᠶᠢᠯᠡᠨ ᠵᠠᠰᠠᠬᠤ ᠪᠠ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠳᠠᠬᠢ 11 ᠵᠦᠢᠯ ᠤᠨ ᠨᠤᠲᠤᠭ ᠪᠡᠯᠴᠢᠭᠡᠷ ᠤᠨ ᠮᠢᠩ ᠡᠷᠪᠡᠬᠡᠢ ᠶᠢᠨ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠬᠡᠷᠡᠭᠯᠡᠭᠡᠨ ᠤ ᠦᠷ᠎ᠡ ᠪᠦᠲᠦᠮᠵᠢ ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠨᠤᠲᠤᠭ ᠪᠡᠯᠴᠢᠭᠡᠷ ᠤᠨ ᠮᠢᠩ ᠡᠷᠪᠡᠬᠡᠢ ᠶᠢᠨ ᠭᠠᠮᠰᠢᠭ ᠤᠨ ᠬᠤᠪᠢᠷᠠᠯᠲᠠ ᠶᠢᠨ ᠲᠣᠭᠲᠠᠴᠠ ᠬᠢᠭᠡᠳ ᠦᠷᠭᠦᠯᠵᠢᠯᠡᠬᠦ ᠪᠣᠬᠢᠷᠲᠤᠯ ᠦᠭᠡᠢ ᠦᠷᠭᠦᠯᠵᠢᠯᠡᠬᠦ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠰᠤᠳᠤᠯᠭᠠᠨ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ ᠳᠤ ᠴᠢᠬᠤᠯᠠ ᠲᠠᠪᠴᠠᠩ ᠬᠠᠩᠭᠠᠭᠰᠠᠨ ᠪᠠᠶᠢᠨ᠎ᠠ᠃
59.3.png
      ᠲᠣᠭᠤᠷᠢᠨ ᠦᠵᠡᠬᠦ ᠲᠤᠬᠠᠢ ᠶᠢᠨ ᠲᠠᠯᠠᠪᠤᠷ ᠲᠤ᠂ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠪᠣᠯᠣᠨ ᠲᠥᠯᠥᠭᠡᠯᠡᠭᠴᠢᠳ ᠡᠪᠡᠰᠦᠲᠦ ᠭᠠᠵᠠᠷ ᠤᠨ ᠮᠢᠩ ᠡᠷᠪᠡᠬᠡᠢ  ᠶᠢ ᠳ᠋ᠧᠩ ᠤᠨ ᠭᠡᠷᠡᠯ ᠢᠶᠠᠷ ᠥᠳᠥᠭᠡᠨ ᠴᠤᠭᠯᠠᠭᠤᠯᠬᠤ ᠲᠥᠬᠦᠭᠡᠷᠦᠮᠵᠢ᠂ ᠢᠳᠡᠭᠡᠨ ᠤ ᠥᠳᠥᠭᠡᠭᠴᠢ ᠡᠮ ᠤᠨ ᠨᠠᠶᠢᠷᠠᠯᠭ᠎ᠠ ᠶᠢ ᠰᠤᠳᠤᠯᠤᠨ ᠦᠢᠯᠡᠳᠬᠦ ᠵᠢᠴᠢ ᠥᠨᠳᠥᠷ ᠦᠷ᠎ᠡ ᠠᠰᠢᠭ ᠲᠠᠢ ᠡᠮ ᠤᠨ ᠨᠠᠶᠢᠷᠠᠯᠭ᠎ᠠ ᠶᠢ ᠰᠢᠭᠰᠢᠨ ᠰᠣᠩᠭᠤᠬᠤ ᠵᠡᠷᠭᠡ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠰᠤᠳᠤᠯᠭᠠᠨ ᠤ ᠦᠷ᠎ᠡ ᠪᠦᠲᠦᠭᠡᠯ ᠵᠢᠴᠢ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠤ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠠᠢ᠃
59.4.png
      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠠᠴᠠ ᠰᠢᠨᠵᠢᠯᠡᠬᠦ ᠤᠬᠠᠭᠠᠨ ᠤ ᠰᠤᠳᠤᠯᠭᠠᠨ ᠤ ᠵᠢᠭᠠᠨ ᠰᠤᠷᠭᠠᠯᠲᠠ ᠶᠢᠨ ᠨᠢᠭᠡᠴᠡ ᠪᠣᠯᠣᠨ ᠬᠤᠯᠪᠣᠭᠳᠠᠯ ᠪᠦᠬᠦᠢ ᠮᠤᠵᠢ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠤᠲᠤᠭ ᠪᠡᠯᠴᠢᠭᠡᠷ ᠤᠨ ᠮᠢᠩ ᠡᠷᠪᠡᠬᠡᠢ ᠶᠢᠨ ᠪᠣᠬᠢᠷᠲᠤᠯ ᠦᠭᠡᠢ ᠦᠷᠭᠦᠯᠵᠢᠯᠡᠨ ᠰᠡᠷᠭᠡᠶᠢᠯᠡᠨ ᠡᠵᠡᠮᠳᠡᠬᠦ ᠮᠡᠷᠭᠡᠵᠢᠯ ᠢ ᠶᠡᠬᠡᠪᠡᠷ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠠᠳᠠᠯᠢ ᠪᠤᠰᠤ ᠠᠮᠢ ᠠᠬᠤᠢ ᠶᠢᠨ ᠣᠷᠣᠨ ᠪᠦᠰᠡ ᠶᠢᠨ ᠮᠡᠷᠭᠡᠵᠢᠯ ᠤᠨ ᠵᠠᠭᠪᠤᠷ ᠢ ᠬᠤᠷᠠᠮᠳᠤᠭᠤᠯᠤᠨ᠂ ᠬᠢᠮᠢ ᠶᠢᠨ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠨ᠂ ᠮᠡᠷᠭᠡᠵᠢᠯ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠪᠡᠯᠴᠢᠭᠡᠷ ᠤᠨ ᠮᠢᠩ ᠡᠷᠪᠡᠬᠡᠢ ᠶᠢᠨ ᠦᠷᠭᠦᠯᠵᠢᠯᠡᠨ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃
59.5.png
 
ᠢᠷᠡᠯᠲᠡ᠄ ᠥᠪᠥᠷ ᠮᠣᠩᠭᠤᠯ ᠤᠨ ​ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号