1000 ᠲᠦᠮᠡᠨ ᠮᠦ ᠠᠴᠠ ᠳᠡᠭᠡᠭᠰᠢ︕ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠵᠦ ᠡᠯᠪᠡᠭ ᠬᠤᠷᠢᠶᠠᠯᠲᠠ ᠤᠯᠬᠤ ᠮᠡᠷᠭᠡᠵᠢᠯ  ᠤᠨ ︽ᠰᠢᠨ᠎ᠡ ᠠᠨᠢᠰᠤ︾ 
ᠨᠡᠶᠢᠲᠡᠯᠡᠭᠰᠡᠨ ᠴᠠᠭ᠄
2024/6/28
      ᠣᠳᠣᠬᠠᠨ ᠳᠤ ᠪᠥᠬᠦ ᠣᠷᠣᠨ ᠤ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠲᠠᠯᠠᠪᠠᠶ 1000 ᠲᠦᠮᠡᠨ ᠮᠦ ᠶᠢ ᠳᠠᠪᠠᠵᠤ᠂ 11 ᠠᠶᠢᠮᠠᠭ ᠬᠤᠲᠠ ᠶᠢᠨ 50 ᠭᠠᠷᠤᠢ ᠬᠤᠰᠢᠭᠤ ᠰᠢᠶᠠᠨ ᠳᠤ ᠬᠤᠯᠪᠣᠭᠳᠠᠵᠤ᠂ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠬᠤᠰᠢᠭᠤ ᠰᠢᠶᠠᠨ ᠳᠤ ᠪᠦᠬᠦᠨ ᠢ ᠬᠠᠮᠤᠷᠬᠤ ᠶᠢ ᠪᠡᠶᠡᠯᠡᠭᠦᠯᠪᠡ᠃ 
60.1.jpg
       ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠲᠤᠳᠬᠠᠬᠤ ᠶᠢᠨ ᠲᠥᠯᠥᠭᠡ᠂ 2023 ᠣᠨ ᠠᠴᠠ ᠨᠠᠰᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠤᠨ ᠤ ᠲᠢᠩᠬᠢᠮ ︽ᠮᠡᠷᠭᠡᠵᠢᠯ ᠢ ᠳᠡᠯᠭᠡᠷᠡᠭᠦᠯᠵᠦ᠂ ᠤᠨᠠᠯᠲᠠ ᠶᠢ ᠲᠡᠭᠡᠭᠰᠢᠯᠡᠭᠦᠯᠬᠦ︾  ᠪᠠᠷ ᠭᠤᠣᠯᠳᠠᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠯᠢ ᠱᠤᠤ ᠺᠦᠨ ᠰᠤᠳᠤᠯᠤᠭᠴᠢ ᠶᠢᠨ ᠪᠦᠯᠬᠦᠮ ᠲᠠᠢ ᠬᠠᠮᠲᠤᠷᠠᠨ ᠪᠦᠬᠦ ᠣᠷᠣᠨ ᠳᠤ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ ᠢ ᠭᠤᠣᠯᠳᠠᠯᠭ᠎ᠠ ᠲᠠᠢ ᠵᠢᠱᠢᠶ᠎ᠡ ᠦᠵᠡᠭᠦᠯᠵᠦ ᠳᠡᠯᠭᠡᠷᠡᠭᠦᠯᠵᠡᠢ᠃ ᠡᠨᠡ ᠵᠢᠯ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠵᠡᠷᠭᠡ ᠲᠥᠷᠥᠯ ᠵᠦᠢᠯ ᠳᠤ ᠲᠦᠰᠢᠭᠯᠡᠨ᠂ ᠪᠥᠬᠦ ᠣᠷᠣᠨ ᠢᠶᠠᠷ ᠢᠶᠠᠨ ᠲᠣᠰ ᠮᠡᠷᠭᠡᠵᠢᠯ ᠤᠨ ᠲᠣᠭᠤᠷᠢᠨ ᠳᠤ ᠨᠡᠶᠢᠲᠡ 100 ᠭᠠᠷᠤᠢ ᠭᠤᠣᠯ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ 600 ᠭᠠᠷᠤᠢ ᠵᠦᠢᠯ ᠤᠳᠠᠭ᠎ᠠ ᠥᠷᠨᠢᠭᠦᠯᠪᠡ᠃ ᠵᠢᠱᠢᠶ᠎ᠡ ᠦᠵᠡᠭᠦᠯᠬᠦ ᠣᠷᠣᠨ ᠨᠢ ᠲᠠᠪᠴᠠᠩ ᠪᠠᠶᠢᠭᠤᠯᠬᠤ᠂ ᠮᠡᠷᠭᠡᠵᠢᠯ ᠢ ᠬᠤᠷᠠᠮᠳᠤᠭᠤᠯᠬᠤ᠂ ᠰᠢᠯᠢᠳᠡᠭ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠳ ᠲᠤ ᠦᠵᠡᠭᠦᠯᠦᠨ᠂ ᠲᠠᠷᠢᠶᠠᠴᠢᠳ ᠢ ᠳᠠᠭᠠᠭᠤᠯᠤᠨ ᠠᠵᠢᠯᠯᠠᠵᠤ᠂ ᠮᠡᠷᠭᠡᠵᠢᠯ ᠤᠨ ᠬᠠᠮᠤᠷᠬᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠵᠦ᠂ ᠮᠡᠷᠭᠡᠵᠢᠯ ᠤᠨ ᠪᠣᠳᠠᠲᠠᠶᠢᠵᠢᠬᠤ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ︽ᠢᠳᠡ ᠬᠦᠴᠦ ᠲᠠᠢ︾᠂ ᠲᠠᠷᠢᠶᠠᠯᠠᠩ ᠤᠨ ᠬᠤᠷᠢᠶᠠᠯᠲᠠ ᠶᠢᠨ ︽ᠡᠷᠡᠮᠡᠯᠵᠡᠯ ᠲᠠᠢ︾ ᠪᠠᠶᠢᠬᠤ ᠶᠢ ᠪᠠᠲᠤᠯᠠᠨ᠎ᠠ᠃      ᠡᠷᠳᠡᠨᠢ ᠰᠢᠰᠢ ᠪᠣᠯ ᠮᠠᠨ ᠤ ᠣᠷᠣᠨ ᠤ ᠬᠠᠮᠤᠭ ᠤᠨ ᠲᠣᠮᠣ ᠠᠮᠤ ᠪᠤᠳᠠᠭᠠᠨ ᠤ ᠲᠠᠷᠢᠮᠠᠯ ᠪᠣᠯᠬᠤ ᠪᠥᠭᠡᠳ ᠪᠠᠰᠠ ᠴᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢᠨ ᠵᠠᠩᠭᠢᠯᠠᠭ᠎ᠠ ᠪᠠ ᠭᠤᠣᠯᠳᠠᠯᠭ᠎ᠠ ᠪᠣᠯᠣᠨ᠎ᠠ᠃ ᠡᠷᠳᠡᠨᠢ ᠰᠢᠰᠢ ᠶᠢ ᠨᠢᠭᠲᠠ ᠲᠠᠷᠢᠬᠤ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠵᠦ ᠥᠨᠳᠥᠷ ᠤᠨᠠᠯᠲᠠ ᠶᠢᠨ ᠮᠡᠷᠭᠡᠵᠢᠯ ᠳᠤ ᠳᠤᠰᠤᠯᠭᠠᠨ ᠤᠰᠤᠯᠠᠬᠤ ᠮᠡᠷᠭᠡᠵᠢᠯ ᠤᠨ ᠤᠰᠤ ᠪᠣᠷᠳᠣᠭᠤᠷ ᠢ ᠲᠣᠬᠢᠷᠠᠭᠤᠯᠤᠨ ᠡᠵᠡᠮᠳᠡᠬᠦ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠵᠦᠢ ᠵᠣᠬᠢᠰᠲᠠᠢ ᠪᠠᠷ ᠨᠢᠭᠲᠠ ᠲᠠᠷᠢᠬᠤ ᠪᠠᠷ ᠤᠨᠠᠯᠲᠠ ᠶᠢ ᠨᠡᠮᠡᠭᠳᠡᠭᠦᠯᠬᠦ ᠶᠢᠨ ᠭᠤᠣᠯᠳᠠᠯᠭ᠎ᠠ ᠪᠣᠯᠭᠠᠵᠤ᠂ ᠤᠰᠤ ᠪᠣᠷᠳᠣᠭᠤᠷ ᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠪᠠᠷ ᠤᠨᠠᠯᠲᠠ ᠶᠢ ᠨᠡᠮᠡᠭᠳᠡᠭᠦᠯᠬᠦ ᠶᠢᠨ ᠪᠠᠲᠤᠯᠠᠭ᠎ᠠ ᠪᠣᠯᠭᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠯᠡᠨ ᠲᠠᠯᠠᠪᠠᠢ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 2023 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠪᠣᠯᠣᠨ ᠯᠢ ᠱᠣᠣ ᠺᠦᠨ ᠰᠤᠳᠤᠯᠤᠭᠴᠢ ᠶᠢᠨ ᠪᠦᠯᠬᠦᠮ ᠤᠨ ᠬᠢᠨ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠲᠠᠢ ᠮᠡᠷᠭᠡᠵᠢᠯ ᠳᠡᠯᠭᠡᠷᠡᠭᠦᠯᠬᠦ ᠶᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠲᠤᠬᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ︽ᠲᠤᠰᠬᠠᠢ ᠮᠡᠷᠭᠡᠵᠢᠯᠲᠡᠨ + ᠲᠠᠷᠢᠶᠠᠯᠠᠩ ᠤᠨ ᠮᠡᠷᠭᠡᠵᠢᠯ ᠤᠨ ᠠᠵᠢᠯᠲᠠᠨ + ᠵᠢᠱᠢᠶ᠎ᠡ ᠦᠵᠡᠭᠦᠯᠬᠦ ᠰᠠᠭᠤᠷᠢᠨ ᠭᠠᠵᠠᠷ + ᠨᠥᠯᠥᠭᠡᠯᠡᠨ ᠳᠠᠶᠢᠴᠢᠯᠠᠬᠤ ᠡᠷᠦᠬᠡ︾ ᠪᠠᠷ ᠳᠠᠮᠵᠢᠭᠤᠯᠤᠨ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠣᠷᠣᠨ ᠤ ᠡᠷᠳᠡᠨᠢ ᠰᠢᠰᠢ ᠳᠠᠷᠢᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠤᠬᠠᠢ ᠶᠢᠨ ᠵᠢᠯ ᠳᠤ ᠥᠨᠳᠥᠷ ᠤᠨᠠᠯᠲᠠ ᠶᠢᠨ ᠨᠡᠶᠢᠲᠡᠯᠢᠭ ᠵᠢᠱᠢᠶ᠎ᠡ ᠲᠠᠰᠤᠷᠠᠯᠲᠠ ᠦᠭᠡᠢ ᠢᠯᠡᠷᠡᠨ ᠭᠠᠷᠴᠤ᠂ ᠬᠠᠮᠤᠭ ᠤᠨ ᠥᠨᠳᠥᠷ ᠤᠨᠠᠯᠲᠠ ᠨᠢ 1439.4 ᠺᠢᠯᠣᠭ᠍ᠷᠠᠮ / ᠮᠦ ᠳᠤ ᠬᠦᠷᠴᠦ᠂ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠬᠤᠸᠠ ᠲᠤᠭᠤᠯ ᠪᠠᠯᠭᠠᠰᠤᠨ ᠤ ᠡᠮᠦᠨ᠎ᠡ ᠵᠢᠷᠦᠬᠡ ᠭᠠᠴᠠᠭ᠎ᠠ ᠳᠤ ᠪᠠᠶᠢᠬᠤ ᠶᠢᠨ ᠬᠠᠮᠲᠤ ᠮᠢᠩᠭᠠᠨ ᠮᠦ ᠶᠢᠨ ᠬᠠᠮᠤᠭ ᠤᠨ ᠥᠨᠳᠥᠷ ᠤᠨᠠᠯᠲᠠ ᠨᠢ 1163.4 ᠺᠢᠯᠣᠭ᠍ᠷᠠᠮ / ᠮᠦ ᠳᠤ ᠬᠦᠷᠴᠦ᠂ ᠲᠦᠮᠡᠨ ᠮᠦ ᠶᠢᠨ ᠬᠠᠮᠤᠭ ᠤᠨ ᠥᠨᠳᠥᠷ ᠤᠨᠠᠯᠲᠠ ᠨᠢ 1183.47 ᠺᠢᠯᠣᠭ᠍ᠷᠠᠮ ᠳᠤ ᠬᠦᠷᠴᠦ᠂ ᠡᠨᠡ ᠨᠢ ᠥᠪᠥᠷ ᠮᠣᠩᠭᠤᠯ ᠤᠨ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠲᠡᠮᠳᠡᠭᠯᠡᠯ ᠪᠠ ᠵᠡᠭᠦᠨ ᠬᠤᠶᠢᠲᠤ ᠶᠢᠨ ᠬᠠᠪᠤᠷ ᠤᠨ ᠡᠷᠳᠡᠨᠢ ᠰᠢᠰᠢ ᠶᠢᠨ ᠣᠷᠣᠨ ᠤ ᠲᠠᠯᠠᠪᠠᠶ ᠨᠢᠭᠡᠴᠢ ᠶᠢᠨ ᠤᠨᠠᠯᠲᠠ ᠶᠢᠨ ᠲᠡᠮᠳᠡᠭᠯᠡᠯ ᠢ ᠳᠠᠬᠢᠨᠲᠠ ᠰᠢᠨᠡᠳᠬᠡᠪᠡ᠃ 
60.2.jpg
       ᠰᠢᠨᠵᠢᠯᠡᠬᠦ ᠤᠬᠠᠭᠠᠨ ᠮᠡᠷᠭᠡᠵᠢᠯ ᠢ ᠨᠠᠶᠢᠳᠠᠪᠤᠷᠢᠵᠢᠭᠤᠯᠵᠤ᠂ ᠳᠡᠯᠭᠡᠷᠡᠭᠦᠯᠬᠦ ᠪᠠᠷ ᠬᠦᠴᠦᠯᠡᠨ᠎ᠡ︕ ᠲᠠᠷᠢᠶᠠᠴᠢᠳ ᠨᠢᠭᠡ ᠵᠦᠢᠯ ᠤᠨ ᠰᠢᠨ᠎ᠡ ᠮᠡᠷᠭᠡᠵᠢᠯ ᠢ ᠬᠦᠯᠢᠶᠡᠨ ᠠᠪᠬᠤ ᠳᠤ ︽ᠰᠣᠨᠣᠰᠬᠤ︾ ᠠᠴᠠ ︽ᠦᠵᠡᠬᠦ︾ ᠳᠤ ᠬᠦᠷᠬᠦ ᠪᠠᠷ ᠪᠠᠷᠠᠬᠤ ᠦᠭᠡᠢ᠂ ᠨᠡᠩ ᠴᠤ ︽ᠲᠡᠷᠡ ᠲᠠᠷᠢᠵᠤ ᠴᠢᠳᠠᠬᠤ︾ ᠠᠴᠠ ︽ᠪᠢ ᠬᠡᠷᠡᠭᠯᠡᠵᠦ ᠴᠢᠳᠠᠬᠤ︾ ᠳᠤ ᠬᠦᠷᠬᠦ ᠶᠠᠪᠤᠴᠠ ᠶᠢ ᠬᠡᠷᠡᠭᠰᠡᠳᠡᠭ᠃ ᠪᠥᠬᠦ ᠣᠷᠣᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠠᠯᠠᠭ᠎ᠠ ᠮᠥᠴᠢᠷ ᠤᠳ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠰᠠᠭᠤᠷᠢᠯᠠᠨ᠂ ᠮᠡᠷᠭᠡᠵᠢᠯ ᠤᠨ ᠵᠢᠯᠣᠭᠤᠳᠤᠯᠭ᠎ᠠ ᠦᠢᠯᠡᠴᠢᠯᠡᠭᠡᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠣᠯᠠᠨ ᠶᠠᠩᠵᠤ ᠶᠢᠨ ᠲᠠᠪᠴᠠᠩ ᠢ ᠠᠰᠢᠭᠯᠠᠨ᠂ ᠮᠡᠷᠭᠡᠵᠢᠯ ᠤᠨ ᠪᠣᠯᠪᠠᠰᠤᠷᠠᠭᠤᠯᠤᠯ ᠪᠠ ᠵᠢᠯᠣᠭᠤᠳᠤᠯᠭ᠎ᠠ ᠦᠢᠯᠡᠴᠢᠯᠡᠭᠡ ᠶᠢ ᠰᠠᠶᠢᠲᠤᠷ ᠥᠷᠨᠢᠭᠦᠯᠵᠦ᠂ ᠮᠡᠷᠭᠡᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ 2024 ᠣᠨ ᠳᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠪᠥᠬᠦ ᠣᠷᠣᠨ ᠤ 10 ᠠᠶᠢᠮᠠᠭ ᠬᠤᠲᠠ ᠳᠤ ᠴᠡᠭ ᠠᠴᠠ ᠴᠡᠭ ᠲᠤ ᠵᠣᠯᠭᠠᠭᠤᠯᠤᠨ 101 ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ ᠤᠨ ᠬᠡᠷᠡᠭᠯᠡᠯᠲᠡ ᠶᠢᠨ ᠰᠢᠨ᠎ᠡ ᠭᠤᠣᠯ ᠴᠣᠭᠴᠠ ᠳᠤ ᠦᠢᠯᠡᠴᠢᠯᠡᠭᠦᠯᠪᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠦᠢᠯᠡᠴᠢᠯᠡᠭᠡ 10 ᠪᠣᠶ᠃ ᠭᠤᠣᠯ ᠴᠣᠭᠴᠠ ᠨᠢᠭᠡᠪᠦᠷᠢ ᠠᠴᠠ 1 ᠮᠡᠷᠭᠡᠵᠢᠯ ᠤᠨ ᠵᠢᠭᠠᠨ ᠵᠢᠯᠣᠭᠤᠳᠤᠭᠴᠢ ᠶᠢ ᠲᠣᠭᠲᠠᠭᠠᠵᠤ᠂ ᠭᠠᠵᠠᠷ ᠲᠡᠭᠰᠢᠯᠡᠬᠦ ᠠᠴᠠ ᠡᠬᠢᠯᠡᠨ ᠪᠦᠬᠦ ᠶᠠᠪᠤᠴᠠ ᠳᠤ ᠮᠥᠷᠳᠡᠨ ᠦᠢᠯᠡᠴᠢᠯᠡᠵᠦ᠂ ᠦᠷ᠎ᠡ ᠲᠠᠷᠢᠬᠤ᠂ ᠴᠢᠬᠢ ᠭᠠᠷᠭᠠᠬᠤ᠂ ᠬᠢᠮᠢ ᠶᠢᠨ ᠡᠵᠡᠮᠰᠢᠯ ᠵᠡᠷᠭᠡ ᠵᠠᠩᠭᠢᠯᠠᠭ᠎ᠠ ᠶᠢᠨ ᠭᠤᠭᠴᠤᠭ᠎ᠠ ᠠᠴᠠ ᠲᠠᠷᠢᠶᠠᠨ ᠭᠠᠵᠠᠷ ᠤᠨ ᠵᠢᠯᠣᠭᠤᠳᠤᠯᠭ᠎ᠠ ᠬᠦᠷᠲᠡᠯ᠎ᠡ᠂ ᠤᠳᠤ ᠪᠣᠯᠲᠠᠯ᠎ᠠ᠂ ᠮᠡᠷᠭᠡᠵᠢᠯ ᠤᠨ ᠵᠢᠯᠣᠭᠤᠳᠤᠯᠭ᠎ᠠ ᠶᠢ ᠨᠡᠶᠢᠳᠡ 600 ᠭᠠᠷᠤᠢ ᠬᠥᠮᠥᠨ ᠤᠳᠠᠭ᠎ᠠ ᠥᠷᠨᠢᠭᠦᠯᠵᠦ᠂ ᠭᠤᠣᠯ ᠴᠣᠭᠴᠠ ᠶᠢᠨ ᠦᠢᠯᠡᠳᠪᠦᠷᠢᠯᠡᠯ ᠤᠨ ᠠᠰᠠᠭᠤᠳᠠᠯ ᠢ 900 ᠭᠠᠷᠤᠢ ᠵᠦᠢᠯ ᠳᠤ ᠬᠠᠮᠵᠢᠨ ᠰᠢᠢᠳᠪᠦᠷᠢᠯᠡᠪᠡ᠃ ᠪᠥᠬᠦ ᠣᠷᠣᠨ ᠤ ᠡᠯ᠎ᠡ ᠱᠠᠲᠤᠨ ᠤ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ ᠤᠳ ᠥᠨᠳᠥᠷ ᠤᠨᠠᠯᠲᠠ ᠶᠢᠨ ᠮᠡᠷᠭᠡᠵᠢᠯ ᠢ ᠨᠢᠭᠲᠠ ᠳᠠᠷᠢᠬᠤ ᠲᠣᠭᠤᠷᠢᠨ ᠳᠤ ᠨᠡᠶᠢᠲᠡ 3000 ᠭᠠᠷᠤᠢ ᠬᠥᠮᠥᠨ ᠤᠳᠠᠭ᠎ᠠ ᠮᠡᠷᠭᠡᠵᠢᠯ ᠤᠨ ᠵᠢᠯᠣᠭᠤᠳᠤᠯᠭ᠎ᠠ ᠥᠷᠨᠢᠭᠦᠯᠵᠦ᠂ ᠮᠡᠷᠭᠡᠵᠢᠯ ᠤᠨ ᠵᠢᠯᠣᠭᠤᠳᠤᠯᠭ᠎ᠠ ᠨᠢ ᠲᠠᠷᠢᠶᠠᠴᠢᠨ ᠡᠷᠦᠬᠡ ᠪᠠ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ 2.5 ᠲᠦᠮᠡ ᠭᠠᠷᠤᠢ ᠬᠥᠮᠥᠨ ᠤᠳᠠᠭ᠎ᠠ ᠬᠠᠮᠤᠷᠪᠠ︔ ᠪᠣᠯᠪᠠᠰᠤᠷᠠᠭᠤᠯᠤᠯ ᠦᠵᠡᠭᠦᠯᠭᠡ  ᠶᠢ ᠨᠡᠶᠢᠲᠡ 550 ᠭᠠᠷᠤᠢ ᠤᠳᠠᠭ᠎ᠠ ᠥᠷᠨᠢᠭᠦᠯᠵᠦ᠂ ᠮᠡᠷᠭᠡᠵᠢᠯ ᠤᠨ ᠠᠵᠢᠯᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠡᠷᠦᠬᠡ ᠶᠢ ᠨᠡᠶᠢᠲᠡ 3.5 ᠲᠦᠮᠡ ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠠᠢ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠤᠨ ᠤ ᠲᠢᠩᠬᠢᠮ ᠠᠴᠠ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠢ ᠦᠷᠭᠦᠯᠵᠢᠯᠡᠨ ᠰᠢᠨᠵᠢᠯᠡᠬᠦ ᠤᠬᠠᠭᠠᠨᠴᠢ ᠪᠠᠷ᠂ ᠵᠢᠷᠤᠮᠵᠢᠯ ᠲᠠᠢ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠮᠡᠷᠭᠡᠵᠢᠯ ᠢ ᠪᠣᠳᠠᠲᠠᠶᠢᠵᠢᠭᠤᠯᠬᠤ ᠨᠣᠷᠮ᠎ᠠ ᠪᠠ ᠬᠠᠮᠤᠷᠬᠤ ᠬᠡᠪᠴᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ︔ ᠭᠤᠣᠯ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠭ ᠢ ᠬᠤᠯᠪᠣᠨ ᠱᠤᠭᠤᠮ ᠪᠣᠯᠭᠠᠵᠤ᠂ ᠬᠤᠯᠪᠣᠯᠳᠤᠭᠤᠯᠤᠨ ᠨᠡᠶᠢᠳᠡᠮ ᠢ ᠪᠦᠷᠢᠯᠳᠦᠭᠦᠯᠵᠦ᠂ ᠲᠤᠰᠬᠠᠢ ᠮᠡᠷᠭᠡᠵᠢᠯᠲᠡᠨ ᠤ ᠭᠠᠷᠤᠯᠲᠠ ᠶᠢ ᠲᠠᠷᠢᠶᠠᠴᠢᠨ ᠤ ᠭᠠᠷᠤᠯᠲᠠ ᠶᠢᠨ ᠬᠡᠮᠵᠢᠶ᠎ᠡ ᠪᠣᠯᠭᠠᠨ ᠬᠤᠪᠢᠷᠠᠭᠤᠯᠵᠤ᠂ ᠨᠡᠶᠢᠲᠡᠯᠢᠭ ᠭᠠᠷᠤᠯᠲᠠ ᠶᠢ ᠲᠠᠷᠢᠶᠠᠨ ᠭᠠᠵᠠᠷ ᠤᠨ ᠭᠠᠷᠤᠯᠲᠠ ᠶᠢᠨ ᠬᠡᠮᠵᠢᠶ᠎ᠡ ᠪᠣᠯᠭᠠᠨ ᠬᠤᠪᠢᠷᠠᠭᠤᠯᠵᠤ᠂ ᠡᠷᠳᠡᠨᠢ ᠰᠢᠰᠢ ᠶᠢᠨ ᠭᠠᠷᠤᠯᠲᠠ ᠶᠢ ᠶᠡᠭᠡ ᠬᠡᠪᠴᠢᠶ᠎ᠡ ᠪᠠᠷ ᠲᠡᠩᠴᠡᠭᠦᠷᠢᠲᠡᠢ ᠨᠡᠮᠡᠭᠳᠡᠭᠦᠯᠬᠦ ᠶᠢ ᠬᠥᠲᠥᠯᠥᠨ ᠳᠠᠭᠠᠭᠤᠯᠵᠤ ᠲᠠᠶᠢᠴᠢᠯᠠᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号