ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ︱ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/28
      2024 ᠣᠨ ᠤ 6 ᠰᠠᠷ᠎ᠠ ᠪᠣᠯ ᠪᠦᠬᠦ ᠤᠯᠤᠰ ᠤᠨ 23 ᠳ᠋ᠤᠭᠠᠷ ︽ᠠᠶᠤᠯᠭᠦᠢ ᠦᠢᠯᠡᠳᠪᠦᠷᠢᠯᠡᠯ ᠤᠨᠰᠠᠷ᠎ᠠ︾ ᠪᠣᠯᠣᠨ᠎ᠠ᠂ ᠭᠤᠣᠯ ᠰᠡᠳᠦᠪ ᠨᠢ ︽ᠬᠥᠮᠥᠨ ᠪᠣᠯᠭᠠᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠣᠯᠭᠠᠨ ᠪᠠᠴᠢᠮ ᠪᠠᠶᠢᠳᠠᠯ ᠢ ᠠᠷᠭᠠᠴᠠᠨ᠎ᠠ ︱ ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠦᠶ᠎ᠡ︾᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠤᠨ ᠤ ᠲᠢᠩᠬᠢᠮ ᠤᠨ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠳᠤ 2024 ᠣᠨ ᠤ ︿ᠠᠶᠤᠯᠭᠦᠢ ᠦᠢᠯᠡᠳᠪᠦᠷᠢᠯᠡᠯ ᠤᠨ ᠰᠠᠷ᠎ᠠ﹀ ᠶᠢᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ 6 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠰᠡᠳᠦᠪᠲᠦ ᠲᠠᠶᠢᠯᠤᠮᠵᠢ ᠡᠷᠭᠢᠯᠡᠵᠦ᠂ ᠪᠥᠬᠦ ᠠᠵᠢᠯᠲᠠᠳ ᠣᠷᠣᠯᠴᠠᠵᠠᠢ᠃      ᠲᠣᠰ ᠤᠳᠠᠭᠠᠨ ᠤ ᠪᠣᠯᠪᠠᠰᠤᠷᠠᠭᠤᠯᠤᠯ ᠳᠤ ᠥᠪᠥᠷ ᠮᠣᠩᠭᠤᠯ ᠤᠨ ᠵᠠᠰᠠᠭ ᠵᠠᠬᠢᠷᠭᠠᠨ ᠤ ᠠᠮᠤᠷ ᠲᠦᠪᠰᠢᠨ ᠤ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠶᠢᠨ ᠲᠥᠪ ᠤᠨ ᠡᠷᠬᠢᠯᠡᠭᠴᠢ ᠴᠢᠨ ᠢ ᠵᠢᠶᠦ᠋ᠨ ᠢ ᠤᠷᠢᠵᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠰᠤᠷᠤᠯᠴᠠᠵᠠᠢ᠃ ᠴᠢᠨ ᠪᠠᠭᠰᠢ ᠪᠣᠳᠠᠲᠤ ᠠᠮᠢᠳᠤᠷᠠᠯ ᠤᠨ ᠳᠤᠮᠳᠠ ᠡᠭᠦᠰᠦᠭᠰᠡᠨ ᠦᠨᠡᠨ ᠪᠣᠳᠠᠲᠤ ᠬᠡᠷᠡᠭ ᠤᠨ ᠵᠢᠱᠢᠶ᠎ᠡ ᠪᠠᠷ ᠡᠰᠢ ᠲᠠᠲᠠᠵᠤ᠂ ᠬᠥᠮᠥᠨ ᠢ ᠰᠣᠴᠢᠭᠠᠮ᠎ᠠ ᠭᠠᠯ ᠭᠠᠷᠤᠭᠰᠠᠨ ᠲᠤᠬᠠᠢ ᠶᠢᠨ ᠭᠠᠵᠠᠷ ᠤᠨ ᠵᠢᠷᠤᠭ ᠪᠣᠯᠣᠨ ᠣᠬᠤᠷ ᠸᠢᠳᠢᠤ᠋ ᠪᠠᠷ ᠭᠠᠯ ᠭᠠᠷᠤᠭᠰᠠᠨ ᠠᠶᠤᠯ ᠤᠨ ᠬᠥᠨᠥᠭᠡᠯᠳᠦ ᠴᠢᠨᠠᠷ ᠢ ᠠᠮᠢᠳᠤᠯᠢᠭ ᠳᠦᠷᠰᠦᠯᠢᠭ ᠶᠠᠷᠢᠵᠤ᠂ ᠪᠠᠰᠠ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ᠂ ᠤᠨᠲᠠᠷᠠᠭᠠᠨ ᠠᠪᠤᠷᠠᠬᠤ ᠵᠢᠴᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠰᠣᠩᠭᠤᠯᠲᠠ ᠶᠢᠨ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠭᠰᠡᠨ ᠪᠠᠶᠢᠨ᠎ᠠ᠃      ᠲᠣᠰ ᠤᠳᠠᠭᠠᠨ ᠤ ᠲᠠᠶᠢᠯᠤᠮᠵᠢ ᠪᠠᠷ ᠳᠡᠮᠵᠢᠨ᠂ ᠬᠤᠷᠠᠯ ᠳᠤ ᠣᠷᠣᠯᠴᠠᠭᠰᠠᠳ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠠ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠡᠵᠡᠮᠰᠢᠵᠦ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠪᠡ᠃      ᠡᠭᠦᠨ ᠠᠴᠠ ᠭᠠᠳᠠᠨ᠎ᠠ᠂ ᠪᠠᠰᠠ ︽ᠪᠥᠬᠦ ᠤᠯᠤᠰ ᠤᠨ ︿ᠠᠶᠤᠯᠭᠦᠢ ᠦᠢᠯᠡᠳᠪᠦᠷᠢᠯᠡᠯ ᠤᠨ ᠰᠠᠷ᠎ᠠ﹀ ᠶᠢᠨ ᠭᠤᠣᠯ ᠰᠡᠳᠦᠪᠲᠦ ᠤᠬᠠᠭᠤᠯᠭ᠎ᠠ ᠶᠢᠨ ᠹᠢᠯᠢᠮ ︱ ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠦᠶ᠎ᠡ︾ ︽ᠠᠶᠤᠯᠭᠦᠢ ᠦᠢᠯᠡᠳᠪᠦᠷᠢᠯᠡᠯ ᠤᠨ ᠪᠢᠴᠢᠯ ᠺᠢᠨᠣ᠋ 3.6 ᠮᠢᠯᠢᠮᠧᠲᠷ︾ ᠢ ᠵᠣᠬᠢᠶᠠᠨ ᠪᠠᠶᠢᠭᠤᠯᠤᠨ ᠦᠵᠡᠪᠡ᠃
61.1.png
 
61.2.jpg
 
 
ᠢᠷᠡᠯᠲᠡ᠄ ᠦᠪᠦᠷ ᠮᠣᠩᠭᠤᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号