ᠬᠠᠮ ᠢᠳᠡᠭᠡᠨ ᠤ ᠦᠵᠡᠯᠲᠡ ᠶᠢ ᠪᠤᠢ ᠪᠣᠯᠭᠠᠵᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠮᠤᠢ
ᠨᠡᠶᠢᠲᠡᠯᠡᠭᠰᠡᠨ ᠴᠠᠭ᠄
2024/6/28
图片1.png
       ᠰᠣᠷᠪᠤᠯᠵᠢᠯᠠᠭᠰᠠᠨ ᠬᠦᠨᠳᠦᠲᠦ ᠵᠣᠴᠢᠨ᠄ ᠬᠦᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠬᠤᠩ ᠯᠦᠩ ᠂ ᠠᠮᠤ ᠪᠤᠳᠠᠭᠠᠨ ᠤ ᠲᠥᠯᠦᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠰᠠᠯᠠᠭᠠᠨ ᠤ ᠳᠠᠷᠤᠭ᠎ᠠ ᠭᠤᠤ ᠶᠠᠩ ᠂ ᠠᠮᠤ ᠪᠤᠳᠠᠭᠠᠨ ᠤ ᠲᠣᠬᠢᠷᠠᠭᠤᠯᠤᠯ ᠡᠵᠡᠮᠳᠡᠯ ᠤᠨ ᠰᠠᠯᠠᠭᠠᠨ ᠤ ᠳᠠᠷᠤᠭ᠎ᠠ ᠢᠦᠢ ᠲᠤᠤ ᠂ ᠠᠮᠤ ᠪᠤᠳᠠᠭ᠎ᠠ ᠨᠥᠭᠡᠴᠡᠯᠡᠬᠦ ᠰᠠᠯᠠᠭᠠᠨ ᠤ ᠳᠡᠳ᠋ ᠳᠠᠷᠤᠭ᠎ᠠ ᠶᠦᠨ ᠡᠾᠦ᠋ᠢ ᠹᠧᠨ ᠃      ᠰᠣᠷᠪᠤᠯᠵᠢᠯᠠᠭᠰᠠᠨ ᠴᠠᠭ ᠄ 2024 - 06 - 28      ᠰᠦᠯᠵᠢᠶᠡᠨ ᠳᠤ ᠭᠠᠷᠤᠭᠰᠠᠨ ᠨᠢᠭᠡᠴᠡ ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ      ᠬᠥᠲᠥᠯᠥᠭᠴᠢ ᠄ ᠠᠮᠤ ᠪᠤᠳᠠᠭᠠᠨ ᠤ ᠠᠮᠤᠷ ᠲᠦᠪᠰᠢᠨ ᠪᠣᠯ ︽ ᠤᠯᠤᠰ ᠤᠨ ᠶᠡᠭᠡ ᠶᠠᠪᠤᠳᠠᠯ ︾ ᠮᠥᠨ ᠂ ᠠᠮᠤ ᠪᠤᠳᠠᠭ᠎ᠠ ᠪᠣᠯ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠪᠠ ᠤᠯᠤᠰ ᠤᠨ ᠠᠵᠤ ᠠᠬᠤᠢ ᠶᠢᠨ ᠠᠮᠤᠷ ᠲᠦᠪᠰᠢᠨ ᠳᠤ ᠬᠤᠯᠪᠣᠭᠳᠠᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠮᠥᠨ ᠪᠥᠭᠡᠳ ᠪᠠᠰᠠ ᠴᠤ ᠠᠷᠠᠳ ᠣᠯᠠᠨ ᠤ ᠬᠠᠮᠤᠭ ᠤᠨ ᠦᠨᠳᠦᠰᠦᠨ ᠠᠮᠢᠳᠤᠷᠠᠯ ᠤᠨ ᠮᠠᠲ᠋ᠧᠷᠢᠶᠠᠯ ᠮᠥᠨ ᠂ ᠨᠡᠶᠢᠭᠡᠮ ᠤᠨ ᠡᠶ᠎ᠡ ᠵᠣᠬᠢᠴᠠᠩᠭᠤᠢ ᠂ ᠤᠯᠤᠰ ᠲᠥᠷᠥ ᠶᠢᠨ ᠲᠣᠭᠲᠠᠭᠤᠨ ᠂ ᠠᠵᠤ ᠠᠬᠤᠢ ᠶᠢᠨ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠶᠤᠮ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ ᠳᠤᠷᠠᠳᠤᠭᠰᠠᠨ  ᠨᠢ᠂ ᠬᠠᠮ ᠢᠳᠡᠭᠡᠨ ᠤ ᠦᠵᠡᠯᠲᠡ ᠶᠢ ᠪᠤᠢ ᠪᠣᠯᠭᠠᠵᠤ᠂ ᠲᠥᠬᠦᠭᠡᠷᠦᠮᠵᠢᠲᠦ ᠲᠠᠷᠢᠶᠠᠯᠠᠩ ᠢ ᠬᠦᠭᠵᠢᠭᠦᠯᠵᠦ ᠂ ᠢᠳᠡᠭᠡᠨ ᠤ ᠤᠯᠠᠨ ᠡᠰᠢᠲᠦ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ ᠃ ᠡᠨᠡ ᠨᠢ ᠰᠢᠨ᠎ᠡ ᠴᠠᠭ ᠦᠶ᠎ᠡ ᠳᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ ᠂ ᠠᠷᠠᠳ ᠣᠯᠠᠨ ᠤ ᠡᠳᠦᠷ ᠢᠷᠡᠬᠦᠶ᠎ᠡ ᠣᠯᠠᠨ ᠡᠰᠢᠵᠢᠵᠦ ᠪᠠᠶᠢᠭ᠎ᠠ ᠢᠳᠡᠭᠡᠨ ᠤ ᠬᠡᠷᠡᠭᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠳᠤ ᠲᠤᠶᠢᠯ ᠤᠨ ᠴᠢᠬᠤᠯᠠ ᠦᠢᠯᠡᠳᠦᠯᠭᠡ ᠶᠢᠨ ᠵᠢᠯᠤᠭᠤᠳᠬᠤ ᠠᠴᠢ ᠬᠤᠯᠪᠣᠭᠳᠠᠯ ᠲᠠᠢ ᠶᠤᠮ ᠂ ᠠᠮᠤ ᠪᠤᠳᠠᠭᠠᠨ ᠤ ᠠᠮᠤᠷ ᠲᠦᠪᠰᠢᠨ ᠢ ᠢᠮᠠᠭᠲᠠ ᠨᠡᠶᠢᠭᠡᠮ ᠤᠨ ᠡᠯ᠎ᠡ ᠡᠲᠡᠭᠡᠳ ᠤᠨ  ᠬᠢᠨ ᠤ ᠨᠡᠶᠢᠳᠡᠮ ᠠᠩᠬᠠᠷᠴᠤ ᠪᠠᠶᠢᠭ᠎ᠠ ᠴᠢᠬᠤᠯᠠ ᠶᠡᠭᠡ ᠰᠡᠳᠦᠪ ᠪᠣᠯᠣᠭᠰᠠᠭᠠᠷ ᠢᠷᠡᠵᠡᠶ ᠃      ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ︶ ᠨᠢ ᠠᠮᠤ ᠪᠤᠳᠠᠭᠠᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠂ ᠬᠥᠬᠡᠬᠤᠲᠠ ᠶᠢᠨ ᠠᠮᠤ ᠪᠤᠳᠠᠭᠠᠨ ᠤ ᠠᠮᠤᠷ ᠲᠦᠪᠰᠢᠨ ᠤ ᠶᠡᠷᠦᠩᠬᠡᠢ ᠪᠠᠶᠢᠳᠠᠯ ᠨᠢ ᠶᠠᠮᠠᠷ ᠪᠣᠶ ︖      ᠬᠦᠨᠳᠦᠲᠦ ᠵᠣᠴᠢᠨ ︱ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠬᠤᠩ ᠯᠦᠩ᠄ ᠬᠦᠲᠦᠯᠦᠭᠴᠢ᠂ ᠰᠣᠨᠤᠰᠤᠭᠴᠢᠳ ᠳᠠᠶᠠᠭᠠᠷ ᠢᠶᠠᠨ ᠰᠠᠶᠢᠨ ᠪᠠᠶᠢᠨ᠎ᠠ ᠤᠤ︕ ᠡᠨᠡ ᠡᠳᠦᠷ ᠲᠣᠩ ᠢᠷᠠᠭᠤ ᠠᠯᠳᠠᠷᠲᠠᠢ ᠪᠠᠷ ᠫᠷᠣᠭ᠍ᠷᠠᠮ ᠳᠤ ᠵᠣᠴᠢᠯᠠᠵᠤ ᠣᠯᠠᠨ ᠲᠠᠢ ᠪᠠᠨ ᠶᠠᠷᠢᠯᠴᠠᠬᠤ ᠪᠠᠷ ᠪᠠᠶᠢᠨ᠎ᠠ ᠃ ᠶᠠᠭᠤᠨ ᠤ ᠡᠮᠦᠨ᠎ᠡ ᠪᠢ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠮᠦᠨ᠎ᠡ ᠠᠴᠠ ᠣᠷᠣᠨ ᠤ ᠲᠥᠪ ᠤᠨ ᠠᠮᠤ ᠪᠤᠳᠠᠭ᠎ᠠ ᠨᠥᠭᠡᠴᠡᠯᠡᠬᠦ ᠠᠵᠢᠯ ᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠪᠣᠯᠣᠨ ᠥᠷᠭᠡᠨ ᠣᠯᠠᠨ ᠨᠠᠶᠢᠵᠠ ᠨᠥᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠭᠡᠵᠦ ᠪᠠᠶᠢᠨ᠎ᠠ︕ ᠠᠮᠤ ᠪᠤᠳᠠᠭᠠᠨ ᠤ ᠠᠮᠤᠷ ᠲᠦᠪᠰᠢᠨ ᠪᠣᠯ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠬᠤ ᠪᠦᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠰᠠᠭᠤᠳᠠᠯ ᠮᠥᠨ ᠂ ᠤᠯᠤᠰ ᠤᠨ ᠠᠮᠤᠷ ᠲᠦᠪᠰᠢᠨ ᠤ ᠴᠢᠬᠤᠯᠠ ᠰᠠᠭᠤᠷᠢ ᠮᠥᠨ ᠃ 2023 ᠣᠨ ᠤ 12 ᠰᠠᠷ᠎ᠠ ᠶᠢᠨ 29 ᠤ ᠡᠳᠦᠷ ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯᠳᠤᠭᠠᠨ ᠠᠴᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠤᠯᠢ ᠶᠢ ᠪᠠᠲᠤᠯᠠᠭᠰᠠᠨ ᠪᠥᠭᠡᠳ ᠡᠨᠡ ᠵᠢᠯ ᠤᠨ 6 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ ᠃ ᠪᠦᠷᠢᠨ ᠲᠡᠭᠦᠯᠳᠡᠷ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠳᠦᠷᠢᠮ ᠤᠨ ᠰᠢᠰᠲ᠋ᠧᠮᠵᠢ ᠶᠢ ᠲᠠᠰᠤᠷᠠᠯᠳᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠬᠦᠴᠦᠲᠡᠢ ᠬᠠᠤᠯᠢᠵᠢᠯ ᠤᠨ ᠪᠠᠲᠤᠯᠠᠭ᠎ᠠ ᠬᠠᠩᠭᠠᠪᠠ ᠃ ᠮᠠᠨ  ᠤ ᠣᠷᠣᠨ ᠪᠣᠯ ᠤᠯᠤᠰ ᠤᠨ ᠴᠢᠬᠤᠯᠠ ︽ ᠠᠮᠤ ᠪᠤᠳᠠᠭᠠᠨ ᠤ ᠬᠥᠮᠥᠷᠭᠡ ︾ ᠪᠣᠯᠬᠤ ᠪᠥᠭᠡᠳ ᠪᠦᠬᠦ ᠤᠯᠤᠰ ᠤᠨ ᠲᠠᠷᠢᠶᠠᠨ ᠭᠠᠵᠠᠷ ᠤᠨ ᠪᠠᠲᠤᠯᠠᠭ᠎ᠠ ᠨᠢ ᠳ᠋ᠦᠩᠰᠢᠭᠤᠷ ᠮᠦ ᠠᠴᠠ ᠬᠡᠲᠦᠷᠡᠭᠰᠡᠨ 4 ᠮᠤᠵᠢ ᠣᠷᠣᠨ ᠤ ᠨᠢᠭᠡ ᠪᠣᠯᠬᠤ ᠪᠥᠭᠡᠳ ᠮᠥᠨᠴᠦ ᠪᠦᠬᠦ ᠤᠯᠤᠰ ᠤᠨ ᠠᠮᠤ ᠪᠤᠳᠠᠭᠠᠨ ᠤ 13 ᠭᠤᠣᠯ ᠭᠠᠷᠤᠯᠲᠠ ᠶᠢᠨ ᠣᠷᠣᠨ ᠪᠣᠯᠣᠨ ᠠᠮᠤ ᠪᠤᠳᠠᠭ᠎ᠠ ᠶᠢ ᠴᠡᠪᠡᠷ ᠰᠢᠯᠵᠢᠭᠦᠯᠦᠨ ᠭᠠᠷᠭᠠᠬᠤ 5 ᠮᠤᠵᠢ ᠣᠷᠣᠨ ᠤ ᠨᠢᠭᠡ ᠪᠣᠯᠣᠨ᠎ᠠ ᠃ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠣᠨ᠎ᠠ ᠂ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ ᠂ ᠬᠥᠬᠡᠬᠤᠲᠠ ᠶᠠᠭ ︽ ᠠᠮᠤ ᠪᠤᠳᠠᠭᠠᠨ ᠤ ᠬᠥᠮᠥᠷᠭᠡ ︾ ᠳᠤ ᠠᠮᠤ ᠪᠤᠳᠠᠭ᠎ᠠ ᠢᠯᠡᠭᠦᠦ ᠰᠠᠪᠠᠯᠠᠵᠤ ᠂ ᠠᠮᠤ ᠪᠤᠳᠠᠭ᠎ᠠ ᠰᠠᠶᠢᠨ ᠰᠠᠪᠠᠯᠠᠬᠤ ᠪᠠᠷ ᠴᠢᠷᠮᠠᠶᠢᠵᠤ ᠪᠠᠶᠢᠨ᠎ᠠ ᠃ ᠣᠳᠣᠬᠠᠨ ᠳᠤ ᠂ ᠬᠥᠬᠡᠬᠤᠲᠠ ᠶᠢᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠨᠡᠯᠢᠶᠡᠳ ᠰᠠᠶᠢᠨ ᠪᠠᠶᠢᠵᠤ ᠂ 2023 ᠣᠨ ᠳᠤ ᠠᠮᠤ ᠪᠤᠳᠠᠭᠠᠨ ᠤ ᠶᠡᠷᠦᠩᠬᠡᠢ ᠤᠨᠠᠯᠲᠠ 189 ᠲᠦᠮᠡᠨ ᠲᠣᠨ ᠳᠤ ᠬᠦᠷᠴᠦ ᠂ ︽ ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠵᠤ ᠂ ᠠᠮᠤ ᠪᠤᠳᠠᠭᠠᠨ ᠤ ᠨᠥᠭᠡᠴᠡ ᠭᠦᠢᠴᠡᠳ ᠂ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠵᠤ ᠂ ᠠᠮᠤ ᠪᠤᠳᠠᠭᠠᠨ ᠤ ᠬᠠᠷᠢᠴᠠᠯᠠᠰᠢᠭᠦᠢ ᠠᠮᠤᠷ ᠲᠦᠪᠰᠢᠨ ᠢ ᠪᠡᠶᠡᠯᠡᠭᠦᠯᠵᠦ ᠂ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠢᠳᠡ ᠬᠦᠴᠦᠨ ᠢ ᠴᠢᠩᠭᠠᠷᠠᠭᠤᠯᠤᠭᠰᠠᠨ ᠪᠠᠶᠢᠨ᠎ᠠ ᠃      ᠬᠥᠲᠥᠯᠥᠭᠴᠢ ᠄ ᠣᠶᠢᠷ᠎ᠠ ᠶᠢᠨ ᠵᠢᠯ ᠳᠤ ᠂ ᠬᠥᠬᠡᠬᠤᠲᠠ ᠶᠢᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠢᠯᠡᠳᠲᠡ ᠳᠡᠭᠡᠭᠰᠢᠯᠡᠵᠦ ᠂ ᠲᠠᠷᠠᠭᠠᠴᠢ ᠶᠢᠨ ᠠᠯᠬᠤᠮ ᠤᠨ ᠠᠮᠤ ᠪᠤᠳᠠᠭᠠᠨ ᠤ ᠠᠵᠢᠯ ᠳᠤ ᠶᠠᠮᠠᠷ ᠰᠢᠨ᠎ᠡ ᠰᠡᠳᠬᠢᠴᠡ ᠪᠠᠶᠢᠬᠤ ᠪᠣᠶ ︖      ᠬᠦᠨᠳᠦᠲᠦ ᠵᠣᠴᠢᠨ ︱ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢᠦ ᠬᠤᠩ ᠯᠦᠩ ᠄ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠢ ᠮᠦᠨ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ ᠃ ᠪᠦᠬᠦ ᠬᠤᠳᠠ ᠶᠢᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠮᠤ ᠪᠤᠳᠠᠭ᠎ᠠ ᠨᠥᠭᠡᠴᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ︽ ᠲᠦᠷᠪᠡᠨ ᠨᠢᠭᠡ ︾ ᠶᠢ ᠬᠦᠴᠦᠯᠡᠨ ᠴᠣᠭᠴᠠᠯᠠᠵᠤ ᠂ ᠨᠡᠩ ᠥᠨᠳᠥᠷ ᠲᠡᠰ ᠳᠠᠪᠬᠤᠷᠭ᠎ᠠ ᠂ ᠨᠡᠩ ᠴᠢᠨᠠᠷ ᠰᠠᠶᠢᠲᠠᠢ ᠂ ᠨᠡᠩ ᠦᠷ᠎ᠡ ᠪᠦᠲᠦᠮᠵᠢᠲᠡᠢ ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ ᠲᠦᠷᠭᠡᠨ ᠪᠠᠶᠢᠭᠤᠯᠪᠠ᠃ ᠨᠢᠭᠡ ᠳᠤ ᠨᠢᠭᠡ ᠪᠦᠯᠦᠭ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠪᠠ᠂ ᠡᠨᠡ ᠵᠢᠯ ᠂ ᠪᠢᠳᠡ ᠠᠮᠤ ᠪᠤᠳᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠂ ᠳᠡᠯᠡᠬᠡᠢ ᠶᠢᠨ ᠠᠮᠤ ᠪᠤᠳᠠᠭᠠᠨ ᠤ ᠡᠳᠦᠷᠯᠢᠭ ᠪᠠ ᠠᠮᠤ ᠪᠤᠳᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠵᠡᠷᠭᠡ ᠴᠢᠬᠤᠯᠠ ᠶᠡᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠪᠠᠷ ᠳᠠᠮᠵᠢᠭᠤᠯᠤᠨ ᠂ ᠢᠯᠠᠩᠭᠤᠶ᠎ᠠ ᠡᠨᠡ ᠵᠢᠯ ᠤᠨ 5 ᠰᠠᠷ᠎ᠠ ᠶᠢᠨ 31 ᠤ ᠡᠳᠦᠷ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠨᠢ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠴᠢᠯᠠᠨ ᠡᠷᠭᠢᠯᠡᠭᠰᠡᠨ ᠪᠥᠬᠦ ᠣᠷᠣᠨ ᠤ ᠠᠮᠤ ᠪᠤᠳᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠲᠠᠢ ᠬᠠᠮᠲᠤᠷᠠᠨ ᠂ ᠲᠤᠬᠠᠢ ᠶᠢᠨ ᠲᠠᠯᠠᠪᠤᠷ ᠲᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ ᠂ ᠲᠦᠮᠡᠳ ᠵᠡᠭᠦᠨ ᠬᠤᠰᠢᠭᠤᠨ ᠤ ᠲᠠᠪᠤᠰᠠᠶᠢᠨ ᠰᠢᠶᠠᠩ ᠤᠨ ᠺᠧ ᠴᠢᠨ ᠲᠣᠰᠬᠤᠨ ᠤ ᠲᠠᠷᠢᠶᠠᠴᠢᠨ ᠡᠷᠦᠬᠡ ᠳᠤ 200 ᠭᠠᠷᠤᠢ ᠠᠮᠤ ᠪᠤᠳᠠᠭ᠎ᠠ ᠨᠥᠭᠡᠴᠡᠯᠡᠬᠦ ᠪᠠᠭᠠᠵᠢ ᠬᠠᠨᠳᠢᠪᠯᠡᠵᠤ ᠂ ᠠᠮᠤ ᠪᠤᠳᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠂ ᠠᠮᠤ ᠪᠤᠳᠠᠭᠠᠨ ᠤ ᠬᠤᠬᠢᠷᠠᠯ ᠢ ᠪᠠᠭᠠᠰᠬᠠᠬᠤ ᠵᠡᠷᠭᠡ ᠤᠬᠠᠭᠤᠯᠭ᠎ᠠ ᠶᠢᠨ ᠳᠡᠪᠲᠡᠷ ᠢ 600 ᠭᠠᠷᠤᠢ ᠬᠤᠪᠢ ᠲᠠᠷᠬᠠᠭᠠᠵᠤ ᠂ ᠲᠤᠬᠠᠢ ᠶᠢᠨ ᠲᠠᠯᠠᠪᠤᠷ ᠲᠤ ᠣᠷᠣᠯᠴᠠᠭᠰᠠᠨ ᠬᠥᠮᠥᠨ ᠤ ᠲᠤᠭ᠎ᠠ 200 ᠭᠠᠷᠤᠢ ᠬᠥᠮᠥᠨ ᠳᠤ ᠬᠦᠷᠴᠦ ᠂ ᠪᠥᠬᠦ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢᠨ ᠤᠬᠠᠭᠤᠯᠤᠨ ᠲᠠᠨᠢᠯᠴᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠳᠤ ᠠᠩᠬᠠᠷᠤᠯ ᠢᠶᠠᠨ ᠲᠥᠪᠯᠡᠷᠡᠭᠦᠯᠵᠦ ᠂ ᠠᠮᠤ ᠪᠤᠳᠠᠭ᠎ᠠ ᠠᠷᠪᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ ᠃ ᠬᠤᠶᠠᠷ ᠲᠤ ᠤᠯᠤᠰ ᠤᠨ ᠲᠠᠰ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠪᠠ ᠂ ᠪᠢᠳᠡ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠬᠤᠯᠪᠤᠭᠠᠯᠠᠨ ᠱᠠᠨᠳᠦ᠋ᠩ ᠤᠨ ᠬᠤᠳᠠᠯᠳᠤᠭᠠᠨ ᠤ ᠶᠠᠪᠤᠳᠠᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠰᠢᠨᠵᠢᠯᠡᠨ ᠪᠠᠶᠢᠴᠠᠭᠠᠵᠤ ᠰᠤᠷᠤᠯᠴᠠᠵᠤ ᠂ ᠲᠡᠭᠦᠨ ᠤ ᠪᠠᠶᠢᠭᠤᠯᠤᠯᠲᠠ ᠶᠢᠨ ᠲᠤᠷᠰᠢᠯᠭ᠎ᠠ ᠶᠢ ᠨᠠᠷᠢᠨ ᠣᠶᠢᠯᠠᠭᠠᠬᠤ ᠶᠢᠨ ᠬᠠᠮᠲᠤ ᠬᠠᠮᠲᠤᠷᠠᠯᠴᠠᠬᠤ ᠰᠠᠨᠠᠮᠵᠢ ᠲᠠᠢ ᠪᠣᠯᠵᠤ ᠂ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠡᠭᠦᠳᠦᠨ ᠪᠠᠶᠢᠭᠤᠯᠬᠤ ᠵᠠᠭᠪᠤᠷ ᠢᠶᠠᠷ ᠤᠯᠤᠰ ᠤᠨ ᠲᠠᠰ ᠤᠨ ᠠᠮᠤ ᠪᠤᠳᠠᠭ᠎ᠠ ᠨᠥᠭᠡᠴᠡᠯᠡᠬᠦ ᠬᠥᠮᠦᠵᠢᠯ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠭᠤᠶᠤᠴᠢᠯᠠᠨ ᠮᠡᠳᠡᠭᠦᠯᠪᠡ ᠃ ᠣᠳᠣᠬᠠᠨ ᠳᠤ ᠂ ᠤᠯᠤᠰ ᠤᠨ ᠲᠠᠰ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢᠶᠠᠷ ᠭᠤᠶᠤᠴᠢᠯᠠᠨ ᠮᠡᠳᠡᠭᠦᠯᠬᠦ ᠪᠦᠬᠦᠯᠢ ᠴᠣᠭᠴᠠ ᠶᠢᠨ ᠠᠵᠢᠯ ᠤᠨ ᠲᠥᠰᠥᠯ ᠢ ᠲᠡᠭᠦᠯᠳᠡᠷᠵᠢᠭᠦᠯᠬᠦ ᠶᠢᠨ ᠬᠠᠮᠲᠤ ᠪᠥᠬᠦ ᠣᠷᠣᠨ ᠤ ᠠᠮᠤ ᠪᠤᠳᠠᠭᠠᠨ ᠤ ᠠᠵᠢᠯ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠭᠢᠯᠡᠬᠦ ᠶᠢ ᠰᠦᠪᠡᠭᠴᠢᠯᠡᠨ ᠡᠷᠭᠢᠯᠡᠵᠦ ᠂ ᠰᠢᠯᠢᠳᠡᠭ ᠱᠠᠩᠨᠠᠯ ᠬᠦᠷᠲᠡᠭᠰᠡᠳ ᠢ ᠰᠣᠩᠭᠤᠨ ᠭᠠᠷᠭᠠᠵᠤ 2025 ᠣᠨ ᠤ ᠪᠥᠬᠦ ᠤᠯᠤᠰ ᠤᠨ ᠠᠮᠤ ᠪᠤᠳᠠᠭᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠪᠡᠯᠡᠳᠬᠡᠵᠦ ᠪᠠᠶᠢᠨ᠎ᠠ ᠃ ᠭᠤᠷᠪᠠ ᠳᠤ ᠨᠢᠭᠡ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠂ ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠨᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ ᠂ ᠰᠢᠨ᠎ᠡ ᠬᠤᠲᠠ ᠲᠣᠭᠤᠷᠢᠭ ᠤᠨ ᠦᠨᠡᠯᠡᠨ ᠵᠢᠱᠢᠬᠦ ᠺᠣᠮᠫᠠᠨᠢ ᠶᠢ ᠵᠣᠬᠢᠴᠠᠭᠤᠯᠵᠤ ᠂ ︽ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ︾ ᠪᠦᠬᠦᠯᠢ ᠴᠣᠭᠴᠠ ᠶᠢᠨ ᠲᠥᠷᠥᠯ ᠵᠦᠢᠯ ᠢ ᠦᠨᠡᠯᠡᠨ ᠵᠢᠱᠢᠬᠦ ᠠᠵᠢᠯ ᠢ ᠪᠡᠶᠡᠯᠡᠭᠦᠯᠵᠦ ᠂ ᠦᠨᠡᠯᠡᠨ ᠵᠢᠱᠢᠭᠰᠡᠨ ᠦᠷ᠎ᠡ ᠳ᠋ᠦᠩ ᠢ ᠨᠢᠭᠡᠨᠲᠡ ᠬᠤᠲᠠ ᠶᠢᠨ ᠵᠠᠰᠠᠭ ᠤᠨ ᠣᠷᠳᠣᠨ ᠳᠤ ᠲᠤᠰᠢᠶᠠᠪᠠ ᠃ ᠳᠥᠷᠪᠡ ᠳᠤ ᠪᠥᠬᠦ ᠣᠷᠣᠨ ᠤ ᠠᠩᠬᠠᠳᠠᠭᠴᠢ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠪᠠ᠂ ᠣᠳᠣᠬᠠᠨ ᠳᠤ ᠂ ᠬᠥᠬᠡᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠤ ᠠᠬᠤᠶᠢᠯᠠᠯ ᠨᠡᠶᠢᠲᠡ 180 ᠪᠠᠶᠢᠵᠤ ᠂ ᠡᠭᠦᠨ ᠳᠤ ᠂ 1 ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠥᠪ ᠂ 138 ᠬᠠᠩᠭᠠᠯᠭ᠎ᠠ ᠶᠢᠨ ᠲᠣᠣᠷ ᠴᠡᠭ ᠂ 18 ᠡᠳ᠋ᠰᠢᠭᠦᠯᠬᠦ ᠠᠵᠤ ᠠᠬᠤᠶᠢᠯᠠᠯ ᠂ 12 ᠬᠠᠳᠠᠭᠠᠯᠠᠨ ᠲᠡᠭᠡᠭᠡᠪᠦᠷᠢᠯᠡᠬᠦ ᠠᠵᠤ ᠠᠬᠤᠶᠢᠯᠠᠯ᠂ 11 ᠲᠣᠬᠢᠷᠠᠭᠤᠯᠤᠨ ᠬᠦᠷᠭᠡᠬᠦ ᠲᠥᠪ ᠪᠣᠶ ᠃ ᠣᠲᠣ ᠶᠢᠨ ᠪᠠᠶᠢᠭ᠎ᠠ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠰᠠᠭᠤᠷᠢ ᠶᠢ ᠭᠦᠢᠴᠡᠳ ᠴᠢᠩᠭᠠᠳᠬᠠᠨ ᠰᠠᠶᠢᠲᠤᠷ ᠬᠡᠷᠡᠭᠯᠡᠵᠦ ᠂ ᠤᠮᠠᠷᠠᠲᠤ ᠬᠢᠯᠢ ᠳᠤ ᠦᠢᠯᠡᠴᠢᠯᠡᠬᠦ ᠣᠷᠣᠨ ᠪᠦᠰᠡ ᠶᠢᠨ ᠴᠢᠨᠠᠷᠲᠠᠢ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠥᠪ ᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ ᠂ ᠪᠥᠬᠦ ᠣᠷᠣᠨ ᠤ ᠠᠩᠬᠠᠳᠠᠭᠴᠢ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠪᠠ᠃      ᠬᠦᠨᠳᠦᠲᠦ ᠵᠣᠴᠢᠨ ︱ ᠠᠮᠤ ᠪᠤᠳᠠᠭ᠎ᠠ ᠲᠣᠬᠢᠷᠠᠭᠤᠯᠤᠨ ᠡᠵᠡᠮᠳᠡᠬᠦ ᠰᠠᠯᠠᠭᠠᠨ ᠤ ᠳᠠᠷᠤᠭ᠎ᠠ ᠢᠦᠢ ᠲᠤᠤ ᠄ 2023 ᠣᠨ ᠳᠤ ᠬᠦᠬᠡᠬᠤᠲᠠ ᠶᠢᠨ ᠠᠮᠤ ᠪᠤᠳᠠᠭ᠎ᠠ ᠲᠠᠷᠢᠬᠤ ᠲᠠᠯᠠᠪᠠᠢ 565.09 ᠲᠦᠮᠡᠨ ᠮᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.47 ᠲᠦᠮᠡᠨ ᠮᠦ ᠨᠡᠮᠡᠭᠳᠡᠵᠦ᠂ ᠡᠷᠳᠡᠨᠢ ᠰᠢᠰᠢ ᠲᠠᠷᠢᠬᠤ ᠲᠠᠯᠠᠪᠠᠢ 375.02 ᠲᠦᠮᠡᠨ ᠮᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.05 ᠲᠦᠮᠡᠨ ᠮᠦ ᠨᠡᠮᠡᠭᠳᠡᠵᠡᠢ ᠃ 2023 ᠣᠨ ᠳᠤ ᠬᠦᠬᠡᠬᠤᠲᠠ ᠶᠢᠨ ᠠᠮᠤ ᠪᠤᠳᠠᠭᠠᠨ ᠤ ᠶᠡᠷᠦᠩᠬᠡᠢ ᠬᠤᠷᠢᠶᠠᠯᠲᠠ 189 ᠲᠦᠮᠡᠨ ᠲᠣᠨ ᠳᠤ ᠬᠦᠷᠴᠦ ᠂ ᠨᠡᠶᠢᠲᠡ176.09 ᠲᠦᠮᠡᠨ ᠲᠣᠨ ᠡᠷᠳᠡᠨᠢ ᠰᠢᠰᠢ ᠬᠤᠳᠠᠯᠳᠤᠨ ᠠᠪᠴᠤ ᠂ ᠨᠢᠳᠤᠨᠤᠨ ᠤ ᠠᠳᠠᠯᠢ ᠬᠤᠭᠤᠴᠠᠭᠠᠨ ᠤ  ᠬᠢ ᠠᠴᠠ 21% ᠪᠠᠷ ᠨᠡᠮᠡᠭᠳᠡᠪᠡ ᠃ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ ᠂ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠬᠠᠮᠠᠭᠠᠯᠠᠬᠤ ᠶᠢᠨ ᠲᠥᠯᠥᠭᠡ ᠂ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠨᠢ ᠤᠯᠤᠰ ᠤᠨ ᠠᠮᠤ ᠪᠤᠳᠠᠭ᠎ᠠ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠂ ᠬᠥᠬᠡᠬᠤᠲᠠ ᠶᠢᠨ ᠨᠠᠮ ᠤᠨ ᠬᠤᠷᠢᠶ᠎ᠠ ᠂ ᠬᠥᠬᠡᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠷᠲᠡᠬᠡᠨ ᠲᠥᠯᠥᠪᠵᠢᠭᠦᠯᠦᠨ ᠪᠠᠶᠢᠷᠢᠯᠠᠭᠤᠯᠵᠤ ᠂ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ ᠃ ᠨᠢᠭᠡ ᠳᠤ ᠨᠠᠮ ᠵᠠᠰᠠᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠨᠠᠷᠢᠨ ᠬᠢᠨᠠᠮᠠᠭᠠᠢ ᠪᠠᠶᠢᠷᠢᠯᠠᠭᠤᠯᠪᠠ ᠃ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ ᠬᠥᠬᠡᠬᠤᠲᠠ ᠶᠢᠨ 2023 ᠣᠨ ᠤ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠲᠥᠰᠥᠯ ︾ ᠢ ᠴᠠᠭ ᠲᠤᠬᠠᠢ ᠳᠤᠨᠢ ᠲᠣᠭᠲᠠᠭᠠᠨ ᠳᠠᠷᠤᠮᠠᠯᠯᠠᠨ ᠲᠠᠷᠬᠠᠭᠠᠵᠤ ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠠᠪᠤᠴᠠ ᠳᠤ ᠢᠯᠡᠷᠡᠭᠰᠡᠨ ᠴᠢᠬᠤᠯᠠ ᠶᠡᠭᠡ ᠠᠰᠠᠭᠤᠳᠠᠯ ᠢ ᠤᠷᠢᠳᠴᠢᠯᠠᠨ ᠮᠠᠭᠠᠳᠯᠠᠬᠤ ᠶᠢᠨ ᠬᠠᠮᠲᠤ ᠰᠢᠢᠳᠪᠦᠷᠢᠯᠡᠬᠦ ᠠᠷᠭ᠎ᠠ ᠵᠠᠮ ᠳᠤᠷᠠᠳᠴᠤ ᠂ ᠡᠯ᠎ᠡ ᠬᠤᠰᠢᠭᠤ ᠰᠢᠶᠠᠨ ᠲᠣᠭᠤᠷᠢᠭ ᠤᠨ ᠠᠮᠤ ᠪᠤᠳᠠᠭ᠎ᠠ ᠂ ᠲᠠᠷᠢᠶᠠᠯᠠᠩ ᠵᠡᠷᠭᠡ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ ᠃ ᠬᠤᠶᠠᠷ ᠲᠤ ︽ ᠳᠥᠷᠪᠡᠨ ᠢᠳᠡᠪᠬᠢᠲᠡᠢ ︾ ᠳᠤ ᠠᠩᠬᠠᠷᠤᠯ ᠢᠶᠠᠨ ᠲᠥᠪᠯᠡᠷᠡᠭᠦᠯᠵᠦ ᠂ ᠣᠯᠠᠨ ᠡᠰᠢᠵᠢᠭᠰᠡᠨ ᠪᠡᠶᠡᠴᠢ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠬᠤᠳᠠᠯᠳᠤᠨ ᠠᠪᠬᠤ ᠠᠵᠢᠯ ᠢ ᠥᠷᠨᠢᠭᠦᠯᠪᠡ ᠃ ᠬᠥᠬᠡᠬᠤᠲᠠ ᠶᠢᠨ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠪᠠ ᠲᠡᠵᠢᠭᠡᠯ ᠪᠣᠷᠳᠤᠭ᠎ᠠ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠭᠤᠣᠯ ᠡᠭᠦᠷᠭᠡ ᠶᠢ ᠡᠭᠦᠷᠭᠡᠯᠡᠬᠦ ᠶᠢ ᠢᠳᠡᠪᠬᠢᠲᠡᠢ ᠳᠡᠮᠵᠢᠵᠦ ᠂ ᠴᠢᠨᠠᠷ ᠰᠠᠶᠢᠲᠠᠢ ᠠᠮᠤ ᠪᠤᠳᠠᠭᠠᠨ ᠤ ᠠᠵᠤ ᠠᠬᠤᠶᠢᠯᠠᠯ ᠤᠨ ᠨᠠᠷᠠᠲᠤ ᠲᠡᠮᠳᠡᠭᠲᠦ ᠶᠢ ᠪᠣᠶᠢᠵᠢᠭᠤᠯᠬᠤ ᠳᠤ ᠬᠦᠴᠦᠨ ᠨᠡᠮᠡᠷᠢᠯᠡᠵᠦ ᠂ ᠦᠢᠯᠡᠳᠬᠦᠨ ᠤ ᠨᠡᠮᠡᠯᠲᠡ ᠥᠷᠲᠡᠭ ᠪᠠ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠪᠡ᠃ ᠤᠯᠤᠰ ᠤᠨ ᠥᠮᠴᠢᠯᠡᠯ ᠤᠨ ᠠᠮᠤ ᠪᠤᠳᠠᠭᠠᠨ ᠤ ᠠᠵᠤ ᠠᠬᠤᠶᠢᠯᠠᠯ ᠢᠯᠠᠩᠭᠤᠶ᠎ᠠ ᠲᠥᠪ ᠤᠨ ᠠᠵᠤ ᠠᠬᠤᠶᠢᠯᠠᠯ ᠢ ᠢᠳᠡᠪᠬᠢᠲᠡᠢ ᠳᠡᠮᠵᠢᠵᠦ ᠂ ᠳᠠᠭᠠᠭᠤᠯᠤᠭᠴᠢ ᠦᠢᠯᠡᠳᠦᠯ ᠢᠶᠠᠨ ᠪᠠᠳᠠᠷᠠᠭᠤᠯᠤᠨ ᠂ ᠲᠤᠰ ᠪᠡᠶ᠎ᠡ ᠶᠢᠨ ᠠᠷᠭ᠎ᠠ ᠵᠠᠮ ᠪᠣᠯᠣᠨ ᠪᠡᠯᠡ ᠮᠥᠩᠭᠦ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ ᠂ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠶᠢ ᠢᠳᠡᠪᠬᠢᠲᠡᠢ ᠪᠠᠷ ᠦᠷᠭᠡᠳᠭᠡᠪᠡ︔ ᠬᠠᠷᠢᠶ᠎ᠠ ᠣᠷᠣᠨ ᠤ ᠳᠣᠲᠣᠷᠠᠬᠢ ᠠᠮᠤ ᠪᠤᠳᠠᠭ᠎ᠠ ᠨᠥᠭᠡᠴᠡᠯᠡᠬᠦ ᠰᠢᠭᠤᠳ ᠬᠠᠷᠢᠶ᠎ᠠ ᠬᠥᠮᠥᠷᠭᠡ ᠂ ᠬᠥᠬᠡᠬᠤᠲᠠ ᠶᠢᠨ ᠠᠮᠤ ᠲᠣᠰᠣ ᠬᠤᠳᠠᠯᠳᠤᠨ ᠠᠪᠴᠤ ᠬᠠᠳᠠᠭᠠᠯᠠᠬᠤ ᠺᠣᠮᠫᠠᠨᠢ ᠶᠢ ᠢᠳᠡᠪᠬᠢᠲᠡᠢ ᠵᠢᠯᠤᠭᠤᠳᠴᠤ ᠪᠠᠶᠢᠭᠠᠳ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠬᠤᠭᠤᠴᠠᠭᠠᠨ ᠳᠤ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠲᠥᠯᠥᠪᠯᠡᠭᠡ ᠶᠣᠰᠣᠭᠠᠷ ᠥᠷᠨᠢᠭᠦᠯᠵᠦ ᠂ ᠡᠭᠡᠯᠵᠢᠯᠡᠭᠦᠯᠬᠦ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠪᠡ︔ ᠠᠮᠤ ᠪᠤᠳᠠᠭᠠᠨ ᠤ ᠠᠷᠠᠯᠵᠢᠶᠠᠨ ᠤ ᠠᠵᠤ ᠠᠬᠤᠶᠢᠯᠠᠯ ᠂ ᠠᠮᠤ ᠪᠤᠳᠠᠭᠠᠨ ᠤ ᠵᠠᠭᠤᠴᠢᠯᠠᠭᠴᠢ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷ ᠲᠤ ᠣᠷᠣᠭᠤᠯᠤᠨ ᠬᠤᠳᠠᠯᠳᠤᠨ ᠠᠪᠤᠭᠤᠯᠪᠠ᠃ ᠭᠤᠷᠪᠠ ᠳᠤ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠢᠴᠢ ᠬᠤᠳᠠᠯᠳᠤᠭᠠᠨ ᠤ ᠪᠠᠩᠬᠢ ᠶᠢᠨ ᠪᠠᠶᠢᠭᠤᠯᠤᠮᠵᠢ ᠶᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠵᠣᠯᠭᠠᠭᠤᠯᠵᠤ ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠤᠳᠠᠯᠳᠤᠨ ᠠᠪᠬᠤ ᠪᠠ ᠡᠭᠡᠯᠵᠢᠯᠡᠭᠦᠯᠬᠦ ᠪᠡᠯᠡ ᠮᠥᠩᠭᠦ ᠶᠢ ᠪᠦᠲᠦᠮᠵᠢᠲᠡᠶ ᠨᠠᠶᠢᠳᠠᠪᠤᠷᠢᠵᠢᠭᠤᠯᠵᠤ ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠪᠠ ᠣᠷᠣᠨ ᠨᠤᠲᠤᠭ ᠤᠨ ᠨᠥᠭᠡᠴᠡᠯᠡᠬᠦ ᠬᠡᠷᠡᠭᠴᠡᠭᠡ ᠶᠢ ᠬᠠᠩᠭᠠᠪᠠ᠃ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠳᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠪᠠᠲᠤᠯᠠᠭ᠎ᠠ ᠬᠠᠩᠭᠠᠪᠠ᠃ ᠳᠥᠷᠪᠡ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ ᠂ ᠲᠥᠪ ᠭᠤᠣᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠪᠠ᠃ ︽ ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠂ ︽ ᠳᠥᠷᠪᠡᠨ ᠦᠭᠡᠢ ᠬᠤᠶᠠᠷ ᠰᠢᠭᠤᠳ ︾ ᠂  ︽ ᠬᠤᠶᠠᠷ ᠢ ᠰᠤᠭᠤᠴᠢᠵᠤ ᠂ ᠨᠢᠭᠡ ᠶᠢ ᠢᠯᠡ ᠪᠣᠯᠭᠠᠬᠤ ︾ ᠂ ︽ ᠰᠣᠯᠪᠢᠴᠠᠨ ᠪᠠᠶᠢᠴᠠᠭᠠᠬᠤ ︾ ᠵᠡᠷᠭᠡ ᠣᠯᠠᠨ ᠵᠦᠢᠯ ᠤᠨ ᠠᠷᠭ᠎ᠠ ᠶᠢ ᠶᠡᠷᠦᠩᠬᠡᠶᠢᠯᠡᠨ ᠬᠡᠷᠡᠭᠯᠡᠵᠦ ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠦᠨ ᠪᠠᠶᠢᠴᠠᠭᠠᠬᠤ ᠶᠢ ᠴᠢᠩᠭᠠᠷᠠᠭᠤᠯᠤᠨ ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ ᠂ ᠲᠠᠷᠢᠶᠠᠴᠢᠳ ᠢᠶᠠᠷ ︽ ᠲᠣᠳᠤᠷᠬᠠᠢ ᠠᠮᠤ ᠪᠤᠳᠠᠭ᠎ᠠ ︾ ᠂ ︽ ᠰᠠᠨᠠᠭ᠎ᠠ ᠠᠮᠤᠷ ᠠᠮᠤ ᠪᠤᠳᠠᠭ᠎ᠠ ︾ ᠬᠤᠳᠠᠯᠳᠤᠭᠤᠯᠤᠭᠰᠠᠨ ᠪᠠᠶᠢᠨ᠎ᠠ᠃      ᠬᠥᠲᠥᠯᠥᠭᠴᠢ ᠄ ᠠᠮᠤ ᠪᠤᠳᠠᠭᠠᠨ ᠤ ᠨᠥᠭᠡᠴᠡ ᠪᠣᠯ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠪᠠ ᠬᠤᠷᠢᠭ᠎ᠠ ᠱᠤᠭᠤᠮ ᠮᠥᠨ ᠂ ᠤᠯᠠᠨ ᠢᠶᠠᠷ ᠢᠶᠠᠨ ᠠᠮᠤ ᠪᠤᠳᠠᠭᠠᠨ ᠤ ᠨᠥᠭᠡᠴᠡ ᠶᠢᠨ ᠪᠠᠶᠢᠳᠠᠯ ᠢ ᠮᠠᠰᠢ ᠠᠩᠬᠠᠷᠴᠤ ᠪᠠᠶᠢᠨ᠎ᠠ ᠂ ᠡᠨᠡ ᠲᠠᠯ᠎ᠠ ᠪᠠᠷ ᠪᠣᠳᠠᠲᠠᠢ ᠠᠵᠢᠯ ᠤᠨ ᠪᠠᠶᠢᠳᠠᠯ ᠶᠠᠮᠠᠷ ᠪᠤᠢ ︖ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ ︖      ᠬᠦᠨᠳᠦᠲᠦ ᠵᠣᠴᠢᠨ ︱ ᠠᠮᠤ ᠪᠤᠳᠠᠭ᠎ᠠ ᠨᠥᠭᠡᠴᠡᠯᠡᠬᠦ ᠰᠠᠯᠠᠭᠠᠨ ᠤ ᠳᠡᠳ᠋ ᠳᠠᠷᠤᠭ᠎ᠠ ᠶᠦᠨ ᠡᠾᠦ᠋ᠢ ᠹᠧᠨ ᠄ ᠣᠶᠢᠷ᠎ᠠ ᠶᠢᠨ ᠵᠢᠯ ᠳᠤ ᠂ ᠬᠦᠬᠡᠬᠤᠲᠠ ᠨᠢ ᠠᠮᠤ ᠪᠤᠳᠠᠭ᠎ᠠ ᠨᠥᠭᠡᠴᠡᠯᠡᠬᠦ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ ᠂ ︽ ᠵᠠᠰᠠᠭ ᠤᠨ ᠣᠷᠳᠣᠨ ᠠᠴᠠ ᠠᠮᠤ ᠪᠤᠳᠠᠭᠠᠨ ᠤ ᠡᠷᠬᠡ ᠶᠢ ᠡᠵᠡᠮᠳᠡᠬᠦ ᠂ ᠰᠠᠯᠠᠭ᠎ᠠ ᠮᠥᠴᠢᠷ ᠤᠳ ᠪᠥᠬᠦ ᠲᠠᠯ᠎ᠠ ᠪᠠᠷ ᠬᠢᠨᠠᠨ ᠬᠠᠮᠢᠶᠠᠷᠬᠤ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠭᠠᠭᠠᠨ ᠬᠠᠳᠠᠭᠠᠯᠠᠵᠤ ᠡᠵᠡᠩᠨᠡᠬᠦ ᠂ ᠵᠥᠷᠢᠶᠡᠲᠦ ᠦᠨ᠎ᠡ ᠬᠠᠩᠰᠢ ᠶᠢ ᠡᠳ᠋ ᠤᠨ ᠵᠠᠰᠠᠭ ᠪᠠᠲᠤᠯᠠᠬᠤ ︾ ᠬᠥᠬᠡᠬᠤᠲᠠ ᠶᠢᠨ ᠠᠮᠤ ᠪᠤᠳᠠᠭᠠᠨ ᠤ ᠨᠥᠭᠡᠴᠡᠯᠡᠯᠲᠡ ᠶᠢᠨ ᠬᠠᠮᠢᠶᠠᠷᠤᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠵᠦ ᠂ ︽ ᠭᠤᠷᠪᠠᠨ ᠡᠷᠬᠡᠪᠰᠢ ︾ ᠪᠠ ︽ ᠨᠢᠭᠡ ᠶᠢ ᠪᠠᠲᠤᠯᠠᠬᠤ ︾ ᠪᠠᠷ ᠭᠤᠣᠯᠳᠠᠯᠭ᠎ᠠ ᠪᠣᠯᠭᠠᠨ ᠂ ᠠᠮᠤ ᠪᠤᠳᠠᠭ᠎ᠠ ᠨᠥᠭᠡᠴᠡᠯᠡᠬᠦ ᠴᠢᠳᠠᠪᠤᠷᠢ ᠶᠢᠨ ᠪᠦᠲᠦᠮᠵᠢᠲᠡᠶ ᠳᠡᠭᠡᠭᠰᠢᠯᠡᠯᠲᠡ ᠶᠢ ᠪᠥᠬᠦ ᠲᠠᠯ᠎ᠠ ᠪᠠᠷ ᠠᠬᠢᠭᠤᠯᠪᠠ ᠃ ︽ ᠭᠤᠷᠪᠠᠨ ᠡᠷᠬᠡᠪᠰᠢ ︾ ᠄ ᠠᠮᠤ ᠪᠤᠳᠠᠭᠠᠨ ᠤ ᠡᠷᠬᠡ ᠶᠢ ᠡᠷᠬᠡᠪᠰᠢ ᠵᠠᠰᠠᠭ ᠤᠨ ᠣᠷᠳᠣᠨ ᠤ ᠭᠠᠷ ᠲᠤ ᠪᠠᠲᠤ ᠡᠵᠡᠮᠳᠡᠵᠦ ᠂ ᠠᠮᠤ ᠪᠤᠳᠠᠭ᠎ᠠ ᠂ ᠡᠳ᠋ ᠤᠨ ᠵᠠᠰᠠᠭ ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠵᠡᠷᠭᠡ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ ᠬᠢᠨᠠᠨ ᠬᠠᠮᠢᠶᠠᠷᠴᠤ ᠂ ᠠᠮᠤ ᠪᠤᠳᠠᠭᠠᠨ ᠤ ᠨᠥᠭᠡᠴᠡ ᠶᠢ ᠡᠷᠬᠡᠪᠰᠢ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠲᠤᠰᠢᠶᠠᠵᠤ ᠠᠵᠢᠯᠯᠠᠭᠤᠯᠤᠨ᠎ᠠ ︔ ︽ ᠨᠢᠭᠡ ᠶᠢ ᠪᠠᠲᠤᠯᠠᠬᠤ ︾ ᠄ ᠡᠭᠡᠯᠵᠢᠯᠡᠭᠦᠯᠬᠦ ᠦᠨ᠎ᠡ ᠶᠢᠨ ᠵᠥᠷᠢᠶ᠎ᠡ ᠶᠢ ᠡᠳ᠋ ᠤᠨ ᠵᠠᠰᠠᠭ ᠤᠨ ᠪᠠᠲᠤᠯᠠᠬᠤ ᠃ ᠡᠭᠦᠨ ᠤ ᠬᠠᠮᠲᠤ ᠳᠣᠣᠷᠠᠬᠢ ᠪᠦᠲᠦᠮᠵᠢᠲᠡᠶ ᠠᠷᠭ᠎ᠠ ᠬᠡᠮᠵᠢᠶ᠎ᠡ ᠶᠢ ᠠᠪᠴᠠᠢ ᠄ ᠨᠢᠭᠡ ᠳᠤ ᠨᠥᠭᠡᠴᠡᠯᠡᠬᠦ ᠬᠡᠪᠴᠢᠶ᠎ᠡ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠃ ᠭᠠᠷᠤᠯᠲᠠ ᠶᠢᠨ ᠣᠷᠣᠨ ᠤ 3 ᠰᠠᠷ᠎ᠠ ᠂ ᠪᠣᠷᠤᠯᠠᠭᠤᠯᠭ᠎ᠠ ᠶᠢᠨ ᠣᠷᠣᠨ ᠤ 6 ᠰᠠᠷ᠎ᠠ ᠶᠢᠨ ᠱᠠᠭᠠᠷᠳᠠᠯᠭ᠎ᠠ ᠶᠣᠰᠣᠭᠠᠷ ᠂ 2021 ᠣᠨ ᠳᠤ ᠬᠥᠬᠡᠬᠤᠲᠠ ᠪᠣᠯᠪᠠᠰᠤᠷᠠᠭᠤᠯᠤᠭᠰᠠᠨ ᠠᠮᠤ ᠲᠣᠰᠣ ᠨᠥᠭᠡᠴᠡᠯᠡᠬᠦ ᠬᠡᠪᠴᠢᠶ᠎ᠡ ᠪᠠᠨ ᠴᠠᠭ ᠲᠤᠨᠢ ᠲᠣᠬᠢᠷᠠᠭᠤᠯᠤᠨ ᠨᠡᠮᠡᠭᠳᠡᠭᠦᠯᠵᠦ ᠂ ᠨᠥᠭᠡᠴᠡᠯᠡᠭᠰᠡᠨ ᠤ ᠳᠠᠷᠠᠭ᠎ᠠ ᠭᠤᠣᠯ ᠬᠤᠲᠠ ᠲᠣᠭᠤᠷᠢᠭ ᠤᠨ ᠬᠥᠮᠥᠨ ᠠᠮᠠ ᠶᠢᠨ 15 ᠡᠳᠦᠷ ᠤᠨ ᠪᠣᠯᠪᠠᠰᠤᠷᠠᠭᠤᠯᠤᠭᠰᠠᠨ ᠠᠮᠤ ᠲᠣᠰᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢᠨ ᠬᠡᠷᠡᠭᠴᠡᠭᠡ ᠶᠢ ᠬᠠᠩᠭᠠᠵᠤ ᠂ ᠡᠭᠦᠨ ᠤ ᠳᠡᠭᠡᠷ᠎ᠡ ᠬᠦᠬᠡᠬᠤᠲᠠ ᠶᠢᠨ ᠪᠣᠯᠪᠠᠰᠤᠷᠠᠭᠤᠯᠤᠭᠰᠠᠨ ᠠᠮᠤ ᠲᠣᠰᠣᠨ ᠤ ᠬᠤᠳᠠᠯᠳᠤᠭᠠᠨ ᠤ ᠬᠥᠮᠥᠷᠭᠡ ᠶᠢᠨ ᠬᠠᠳᠠᠭᠠᠯᠠᠯᠲᠠ ᠶᠢ ᠨᠡᠮᠡᠪᠡᠯ᠂ ᠭᠤᠣᠯ ᠬᠤᠲᠠ ᠲᠣᠭᠤᠷᠢᠭ ᠤᠨ 85 ᠡᠳᠦᠷ ᠠᠴᠠ ᠳᠡᠭᠡᠭᠰᠢᠬᠢ ᠠᠮᠤ ᠲᠣᠰᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠬᠠᠩᠭᠠᠵᠤ ᠪᠣᠯᠣᠨ᠎ᠠ ᠃ ᠬᠤᠶᠠᠷ ᠲᠤ ᠨᠥᠭᠡᠴᠡ ᠡᠭᠡᠯᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠪᠡ᠃ ᠪᠣᠯᠪᠠᠰᠤᠷᠠᠭᠤᠯᠤᠭᠰᠠᠨ ᠠᠮᠤ ᠪᠤᠳᠠᠭᠠᠨ ᠤ ᠶᠠᠰᠤ ᠴᠢᠨᠠᠷ ᠢ ᠪᠠᠲᠤᠯᠠᠬᠤ ᠬᠤᠭᠤᠴᠠᠭ᠎ᠠ ᠨᠢ ᠣᠬᠤᠷ ᠂ ᠡᠷᠭᠢᠯᠲᠡ ᠶᠢᠨ ᠬᠤᠷᠳᠤᠴᠠ ᠨᠢ ᠲᠦᠷᠭᠡᠨ ᠵᠡᠷᠭᠡ ᠣᠨᠴᠠᠯᠢᠭ ᠢ ᠦᠨᠳᠦᠰᠦᠯᠡᠨ ᠂ ᠬᠤᠲᠠ ᠶᠢᠨ ᠱᠠᠲᠤᠨ ᠤ ᠪᠣᠯᠪᠠᠰᠤᠷᠠᠭᠤᠯᠤᠭᠰᠠᠨ ᠨᠥᠭᠡᠴᠡ ᠠᠮᠤ ᠪᠤᠳᠠᠭ᠎ᠠ ᠳᠤ ᠪᠠᠶᠢᠩᠭᠤ ᠶᠢᠨ ᠬᠡᠮᠵᠢᠶ᠎ᠡ ᠶᠢ ᠪᠠᠲᠤᠯᠠᠬᠤ ᠂ ᠡᠭᠡᠯᠵᠢᠯᠡᠨ ᠰᠣᠯᠢᠬᠤ ᠠᠷᠭ᠎ᠠ ᠬᠡᠮᠵᠢᠶ᠎ᠡ ᠠᠪᠴᠤ ᠂ ᠪᠣᠯᠪᠠᠰᠤᠷᠠᠭᠤᠯᠤᠭᠰᠠᠨ ᠠᠮᠤ ᠲᠣᠰᠣ ᠨᠥᠭᠡᠴᠡᠯᠡᠬᠦ ︽ ᠲᠤᠭ᠎ᠠ ᠬᠡᠮᠵᠢᠶ᠎ᠡ ᠦᠨᠡᠨ ᠪᠣᠳᠠᠲᠠᠢ ᠂ ᠶᠠᠰᠤ ᠴᠢᠨᠠᠷ ᠰᠠᠶᠢᠨ ᠂ ᠪᠠᠶᠢᠩᠭᠤ ᠬᠠᠳᠠᠭᠠᠯᠠᠵᠤ ᠪᠠᠶᠢᠩᠭᠤ ᠰᠢᠨᠡᠴᠢᠯᠡᠬᠦ ︾ ᠶᠢ ᠦᠨᠡᠨ ᠬᠦ ᠪᠠᠲᠤᠯᠠᠪᠠ᠃ ᠭᠤᠷᠪᠠ ᠳᠤ ᠨᠥᠭᠡᠴᠡ ᠠᠮᠤ ᠲᠣᠰᠣᠨ ᠤ ᠪᠥᠬᠦ ᠶᠠᠪᠤᠴᠠ ᠶᠢᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ ᠣᠲᠣ ᠶᠢᠨ ᠪᠠᠶᠢᠭ᠎ᠠ ᠠᠮᠤ ᠪᠤᠳᠠᠭᠠᠨ ᠤ ᠬᠥᠮᠥᠷᠭᠡ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠰᠢᠰᠲ᠋ᠧᠮ ᠂ ᠬᠥᠮᠥᠷᠭᠡ ᠠᠴᠠ ᠭᠠᠷᠭᠠᠵᠤ ᠣᠷᠣᠭᠤᠯᠬᠤ ᠣᠶᠤᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ ᠂ ᠠᠮᠤ ᠪᠤᠳᠠᠭᠠᠨ ᠤ ᠪᠠᠶᠢᠳᠠᠯ ᠢ ᠰᠦᠯᠵᠢᠶᠡᠨ ᠳᠡᠭᠡᠷ᠎ᠡ ᠪᠠᠶᠢᠴᠠᠭᠠᠨ ᠰᠢᠯᠭᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ ᠂ ᠡᠭᠦᠨ ᠤ ᠤᠯᠠᠮ ᠠᠴᠠ ᠬᠥᠮᠥᠷᠭᠡ ᠳᠤ ᠨᠥᠭᠡᠴᠡᠯᠡᠬᠦ ᠠᠮᠤ ᠪᠤᠳᠠᠭ᠎ᠠ ᠶᠢ ᠠᠯᠤᠰ ᠠᠴᠠ ᠴᠠᠭ ᠲᠤᠬᠠᠢ ᠳᠤᠨᠢ ᠬᠢᠨᠠᠨ ᠬᠠᠮᠢᠶᠠᠷᠬᠤ ᠶᠢ ᠪᠡᠶᠡᠯᠡᠭᠦᠯᠵᠦ ᠂ ᠪᠣᠯᠪᠠᠰᠤᠷᠠᠭᠤᠯᠤᠭᠰᠠᠨ ᠠᠮᠤ ᠪᠤᠳᠠᠭᠠᠨ ᠤ ᠨᠥᠭᠡᠴᠡ ᠶᠢ ︽ ᠬᠦᠮᠦᠷᠭᠡᠯᠡᠵᠤ ᠳᠡᠶᠢᠯᠬᠦ ᠂ ᠬᠠᠳᠠᠭᠠᠯᠠᠵᠤ ᠳᠡᠶᠢᠯᠬᠦ᠂ ᠲᠣᠬᠢᠷᠠᠭᠤᠯᠵᠤ ᠳᠡᠶᠢᠯᠬᠦ᠂ ᠬᠡᠷᠡᠭᠯᠡᠵᠦ ᠳᠡᠶᠢᠯᠬᠦ ︾ ᠶᠢ ᠦᠨᠡᠨ ᠬᠦ ᠪᠠᠲᠤᠯᠠᠪᠠ᠃      ᠬᠥᠲᠥᠯᠥᠭᠴᠢ ᠄ ᠬᠦᠬᠡᠬᠤᠳᠠ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠥᠷᠨᠢᠭᠦᠯᠦᠭᠰᠡᠨ ᠪᠣᠶ ︖      ᠬᠦᠨᠳᠦᠲᠦ ᠵᠣᠴᠢᠨ ︱ ᠠᠮᠤ ᠪᠤᠳᠠᠭᠠᠨ ᠤ ᠲᠥᠯᠦᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠰᠠᠯᠠᠭᠠᠨ ᠤ ᠳᠠᠷᠤᠭ᠎ᠠ ᠭᠤᠤ ᠶᠠᠩ᠄ ᠨᠢᠭᠡ ᠳᠤ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠪᠡ᠃ ᠬᠦᠬᠡᠬᠤᠲᠠ ᠶᠢᠨ ᠲᠣᠭᠲᠠᠭᠠᠨ ᠳᠠᠷᠤᠮᠠᠯᠯᠠᠨ ᠲᠠᠷᠬᠠᠭᠠᠭᠰᠠᠨ ︽ ︿ ᠠᠷᠪᠠᠨ ᠳᠥᠷᠪᠡᠳᠦᠭᠡᠷ ᠲᠠᠪᠤᠨ ᠵᠢᠯ ﹀ ᠤᠨ ᠬᠤᠭᠤᠴᠠᠭᠠᠨ ᠳᠤ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠢ ᠭᠦᠨᠵᠡᠭᠡᠢ ᠲᠦᠯᠬᠢᠨ ᠠᠬᠢᠭᠤᠯᠬᠤ ᠶᠡᠷᠦᠩᠬᠡᠢ ᠬᠡᠷᠡᠭᠵᠢᠭᠦᠯᠬᠦ ᠲᠥᠰᠥᠯ ︾ ᠤᠨ ᠶᠡᠷᠦᠩᠬᠡᠢ ᠱᠠᠭᠠᠷᠳᠠᠯᠭ᠎ᠠ ᠶᠣᠰᠣᠭᠠᠷ ᠂ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠤᠨ ︽ ᠲᠠᠪᠤᠨ ᠰᠢᠯᠢᠳᠡᠭ ᠬᠤᠯᠪᠤᠭᠠᠯᠠᠨ ᠬᠥᠳᠡᠯᠦᠯᠴᠡᠬᠦ ︾ ᠂ ︽ ᠭᠤᠷᠪᠠᠨ ᠬᠡᠯᠬᠢᠶ᠎ᠡ ᠶᠢ ᠬᠠᠮᠵᠢᠯᠴᠠᠭᠤᠯᠬᠤ ︾ ᠂ ︽ ᠵᠢᠷᠭᠤᠭᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ ︾ ᠶᠢ ᠲᠣᠪᠣᠶᠢᠮ᠎ᠠ ᠰᠠᠶᠢᠲᠤᠷ ᠠᠳᠬᠤᠵᠤ ᠂ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 1376 ᠲᠦᠮᠡᠨ ᠲᠥᠭᠦᠷᠢᠭ ᠣᠯᠵᠤ ᠂ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠭᠤᠣᠯᠳᠠᠯᠭ᠎ᠠ ᠲᠠᠢ ᠳᠡᠮᠵᠢᠵᠦ ᠂ ᠨᠡᠶᠢᠭᠡᠮ ᠤᠨ ᠬᠥᠷᠥᠩᠭᠡ ᠶᠢᠨ ᠨᠡᠶᠢᠲᠡ 4577.69 ᠲᠦᠮᠡᠨ ᠲᠥᠭᠦᠷᠢᠭ ᠢ ᠳᠠᠶᠢᠴᠢᠯᠠᠨ ᠬᠦᠬᠡᠬᠤᠲᠠ ᠶᠢᠨ ᠠᠮᠤ ᠪᠤᠳᠠᠭᠠᠨ ᠤ ᠠᠵᠤ ᠦᠢᠯᠡᠰ ᠤᠨ ᠬᠥᠭᠵᠢᠯᠲᠡ ᠳᠤ ᠣᠷᠣᠯᠴᠠᠭᠤᠯᠪᠠ ᠃ ᠬᠤᠶᠠᠷ ᠲᠤ ᠠᠮᠤ ᠲᠣᠰᠣᠨ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠪᠠ ᠃ ᠴᠢᠨᠠᠷ ᠰᠠᠶᠢᠲᠠᠢ ᠠᠮᠤ ᠲᠣᠰᠣᠨ ᠤ ᠵᠢᠱᠢᠶ᠎ᠡ ᠦᠵᠡᠭᠦᠯᠬᠦ ᠠᠵᠤ ᠠᠬᠤᠶᠢᠯᠠᠯ ᠢ 25 ᠪᠠᠶᠢᠭᠤᠯᠵᠤ ᠂ ︽ᠮᠧᠩ ᠴᠢᠩ ︾ ᠰᠢᠶᠣᠣ ᠰᠢᠶᠠᠩ ᠮᠢ᠂ ︽ ᠦᠴᠦᠸᠠᠨ ᠤ ᠠᠭᠯᠢ ᠪᠤᠭᠤᠳᠠᠢ ︾ ᠂ ︽ ᠮᠧᠩ ᠰᠢᠨ ︾ ᠡᠯᠳᠡᠪ ᠠᠮᠤ ᠵᠡᠷᠭᠡ ᠣᠯᠠᠨ ᠭᠠᠵᠠᠷ ᠣᠷᠣᠨ ᠤ ᠨᠠᠷᠠᠲᠤ ᠲᠡᠮᠳᠡᠭᠲᠦ ᠶᠢ ᠪᠣᠶᠢᠵᠢᠭᠤᠯᠤᠨ ᠂ ᠭᠤᠣᠯᠯᠠᠬᠤ ᠦᠢᠯᠡᠳᠭᠦᠨ ᠢ ᠨᠠᠷᠠᠲᠤ ᠲᠡᠮᠳᠡᠭᠵᠢᠭᠦᠯᠬᠦ ᠶᠢ ᠪᠡᠶᠡᠯᠡᠭᠦᠯᠬᠦ ᠶᠢᠨ ᠬᠠᠮᠲᠤ ᠠᠮᠤ ᠪᠤᠳᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭᠠᠨ ᠤ ᠭᠠᠷᠠᠭ ᠤᠨ ᠳᠡᠯᠭᠡᠨ ᠦᠵᠡᠭᠦᠯᠬᠦ ᠂ ᠳᠡᠯᠭᠡᠨ ᠪᠣᠷᠣᠯᠠᠭᠤᠯᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ ᠂ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠢᠯᠡᠳᠭᠦᠨ ᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ ᠂ ᠴᠢᠨᠠᠷ ᠰᠠᠶᠢᠲᠠᠢ ᠠᠮᠤ ᠲᠣᠰᠣᠨ ᠤ ᠪᠦᠲᠦᠭᠡᠭᠳᠡᠬᠦᠨ ᠤ ᠠᠯᠳᠠᠷᠰᠢᠯ ᠢ ᠥᠷᠭᠡᠳᠬᠡᠨ ᠂ ᠴᠢᠨᠠᠷ ᠰᠠᠶᠢᠲᠠᠢ ᠠᠮᠤ ᠲᠣᠰᠣᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠪᠠ ᠃ ᠭᠤᠷᠪᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠪᠠ᠃ ᠤᠯᠤᠰ ᠤᠨ ᠠᠮᠤ ᠪᠤᠳᠠᠭᠠᠨ ᠤ ᠮᠡᠷᠭᠡᠵᠢᠯ ᠢ ᠰᠢᠯᠵᠢᠭᠦᠯᠬᠦ ᠲᠥᠪ ᠤᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠤᠨ ︽ ᠭᠤᠷᠪᠠ ᠶᠢ ᠵᠣᠯᠭᠠᠭᠤᠯᠬᠤ ︾ ᠠᠵᠢᠯᠯᠠᠭ᠎ᠠ ᠶᠢ ᠦᠷᠨᠢᠭᠦᠯᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠂ ᠬᠦᠬᠡᠬᠤᠲᠠ ᠶᠢᠨ ᠠᠮᠤ ᠲᠣᠰᠣᠨ ᠤ ᠶᠠᠰᠤ ᠴᠢᠨᠠᠷ ᠤᠨ ᠪᠠᠶᠢᠴᠠᠭᠠᠯᠲᠠ ᠶᠢᠨ ᠲᠥᠪ ᠵᠡᠷᠭᠡ ᠲᠠᠪᠴᠠᠩ ᠳᠤ ᠲᠦᠰᠢᠭᠯᠡᠨ ᠂ ᠴᠢᠨᠠᠷ ᠰᠠᠶᠢᠲᠠᠢ ᠠᠮᠤ ᠲᠣᠰᠣᠨ ᠤ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠠᠵᠢᠯ ᠢ ᠢᠳᠡᠪᠬᠢᠲᠡᠢ ᠥᠷᠨᠢᠭᠦᠯᠵᠦ ᠂ ᠠᠮᠤ ᠪᠤᠳᠠᠭᠠᠨ ᠤ ᠤᠨᠠᠯᠲᠠ ᠂ ᠶᠠᠰᠤ ᠴᠢᠨᠠᠷ ᠂ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠪᠠ᠃ ᠳᠥᠷᠪᠡ ᠳᠤ ᠠᠵᠤ ᠦᠢᠯᠡᠰ ᠤᠨ ᠬᠡᠯᠬᠢᠶ᠎ᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠢᠳᠡᠪᠬᠢᠲᠡᠢ ᠠᠬᠢᠭᠤᠯᠪᠠ ᠃ ᠬᠥᠬᠡᠬᠤᠲᠠ ᠴᠢᠨᠠᠷ ᠰᠠᠶᠢᠲᠠᠢ ᠡᠷᠳᠡᠨᠢ ᠰᠢᠰᠢ ᠂ ︽ᠳᠤᠮᠳᠠᠳᠤ ᠤᠯᠤᠰ ᠤᠨ ᠨᠠᠷᠢᠮᠤ ᠶᠢᠨ ᠨᠤᠲᠤᠭ︾ ᠵᠡᠷᠭᠡ ᠣᠨᠴᠠᠯᠢᠭᠲᠤ ᠡᠯᠳᠡᠪ ᠠᠮᠤ ᠪᠠ ︽ ᠦᠴᠦᠸᠠᠨ ᠤ ᠲᠥᠮᠥᠰᠥ︾ ᠵᠡᠷᠭᠡ ᠲᠥᠮᠥᠰᠥ ᠶᠢᠨ ᠤᠯᠤᠰ ᠤᠨ ᠭᠠᠵᠠᠷ ᠵᠦᠢ ᠶᠢᠨ ᠢᠯᠡᠷᠬᠡᠶᠢᠯᠡᠯᠲᠦ ᠶᠢᠨ ᠲᠡᠮᠳᠡᠭᠲᠦ ᠦᠢᠯᠡᠳᠬᠦᠨ ᠵᠡᠷᠭᠡ ᠡᠬᠢ ᠪᠠᠶᠠᠯᠢᠭ ᠤᠨ ᠳᠠᠪᠠᠭᠤᠯᠢᠭ ᠤᠨ ᠲᠣᠭᠤᠷᠢᠨ ᠳᠤ ᠠᠮᠤ ᠪᠤᠳᠠᠭᠠᠨ ᠤ ᠪᠥᠬᠦ ᠠᠵᠤ ᠦᠢᠯᠡᠰ ᠤᠨ ᠬᠡᠯᠬᠢᠶ᠎ᠡ ᠶᠢ ᠠᠬᠢᠭᠤᠯᠤᠨ ᠬᠥᠭᠵᠢᠭᠦᠯᠵᠦ ᠂ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠪᠠ ᠠᠮᠢᠳᠤ ᠪᠣᠳᠠᠰ ᠤᠨ ᠡᠮ ᠦᠢᠯᠡᠳᠬᠦ ᠠᠵᠤ ᠦᠢᠯᠡᠰ ᠤᠨ ᠬᠡᠯᠬᠢᠶ᠎ᠡ ᠂ ᠨᠣᠬᠠᠢ ᠶᠢᠨ ᠬᠤᠰᠢᠭᠤ ᠶᠢᠨ ᠪᠥᠬᠦ ᠠᠵᠤ ᠦᠢᠯᠡᠰ ᠤᠨ ᠬᠡᠯᠬᠢᠶ᠎ᠡ ᠵᠢᠴᠢ ᠨᠠᠷᠢᠯᠢᠭ ᠡᠳ᠋ᠰᠢᠭᠦᠯᠬᠦ ᠂ ︽ ᠦᠷ᠎ᠡ ᠶᠢᠨ ᠲᠥᠮᠥᠰᠥ ᠂ ᠰᠣᠷᠭᠤᠭ ᠲᠥᠮᠥᠰᠥ ᠂ ᠡᠳ᠋ᠰᠢᠭᠦᠯᠦᠭᠰᠡᠨ ᠲᠥᠮᠥᠰᠥ ︾ ᠭᠤᠷᠪᠠᠨ ᠲᠥᠮᠥᠰᠥ ᠶᠢ ᠵᠡᠷᠭᠡ ᠪᠠᠷ ᠴᠢᠬᠤᠯᠠᠴᠢᠯᠠᠬᠤ ᠪᠠ ︽ ᠳᠠᠷᠢᠬᠤ ᠂ ᠪᠣᠷᠣᠯᠠᠭᠤᠯᠬᠤ ᠂ ᠵᠣᠭᠤᠷᠢ ᠬᠠᠳᠠᠭᠠᠯᠠᠬᠤ ᠂ ᠡᠳ᠋ᠰᠢᠭᠦᠯᠬᠦ ᠂ ᠰᠢᠨᠵᠢᠯᠡᠨ ᠰᠣᠳᠤᠯᠬᠤ︾ ᠭᠡᠬᠦ ᠲᠠᠪᠤᠨ ᠵᠠᠮ ᠢ ᠵᠡᠷᠭᠡ ᠪᠠᠷ ᠶᠠᠪᠤᠭᠳᠠᠭᠤᠯᠬᠤ ᠠᠵᠤ ᠦᠢᠯᠡᠰᠵᠢᠭᠰᠡᠨ ᠪᠠᠶᠢᠷᠢᠰᠢᠯ ᠢ ᠪᠠᠶᠢᠭᠤᠯᠪᠠ ᠃ ᠲᠠᠪᠤ ᠳᠤ ᠦᠵᠦ ᠲᠥᠯᠥᠪᠯᠡᠭᠡ ᠪᠠ ᠲᠥᠷᠥ ᠶᠢᠨ ᠪᠣᠳᠣᠯᠭ᠎ᠠ ᠶᠢᠨ ᠬᠡᠯᠪᠠᠶᠢᠯᠲᠡ ᠶᠢ ᠴᠢᠩᠭᠠᠳᠬᠠᠵᠤ ᠂ ᠬᠥᠬᠡᠬᠤᠲᠠ ᠶᠢᠨ ᠠᠮᠤ ᠪᠤᠳᠠᠭᠠᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠵᠠ ᠲᠣᠬᠢᠶᠠᠯᠳᠤ ᠬᠤᠭᠤᠴᠠᠭ᠎ᠠ ᠶᠢ ᠴᠢᠩᠭ᠎ᠠ ᠠᠳᠬᠤᠵᠤ ᠂ ᠳᠤᠮᠳᠠᠳᠤ ᠤᠯᠤᠰ ᠤᠨ ᠠᠮᠤ ᠪᠤᠳᠠᠭᠠᠨ ᠤ ᠨᠥᠭᠡᠴᠡᠯᠡᠯᠲᠡ ᠶᠢᠨ ᠬᠥᠬᠡᠬᠤᠲᠠ ᠳᠠᠬᠢ ᠰᠢᠭᠤᠳ ᠬᠠᠷᠢᠶ᠎ᠠ ᠬᠥᠮᠥᠷᠭᠡ ᠶᠢᠨ ︽ ᠬᠤᠲᠠ ᠠᠴᠠ ᠭᠠᠷᠴᠤ ᠬᠦᠷᠢᠶᠡᠯᠡᠩ ᠳᠤ ᠣᠷᠣᠬᠤ ︾ ᠭᠤᠣᠯᠳᠠᠯᠭ᠎ᠠ ᠲᠠᠢ ᠲᠥᠷᠥᠯ ᠵᠦᠢᠯ ᠤᠨ ᠲᠤᠯᠭᠠᠭᠤᠷᠢᠯᠠᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ ᠂ ᠣᠷᠣᠨ ᠤ ᠲᠥᠪ ᠬᠤᠲᠠ ᠶᠢᠨ ᠭᠠᠵᠠᠷ ᠣᠷᠣᠨ ᠳᠤ ᠥᠨᠳᠥᠷ ᠬᠢᠷᠢ ᠲᠦᠪᠰᠢᠨ ᠢᠶᠠᠷ ᠴᠣᠭᠴᠠᠯᠠᠨ ᠪᠠᠶᠢᠭᠤᠯᠤᠭᠰᠠᠨ ︽ ᠵᠡᠭᠦᠨ ᠬᠡᠰᠡᠭ ᠤᠨ ᠠᠮᠤ ᠪᠤᠳᠠᠭ᠎ᠠ ᠶᠢ ᠪᠠᠷᠠᠭᠤᠨᠰᠢ ᠣᠷᠣᠭᠤᠯᠬᠤ ︾ ᠂ ︽ ᠳᠣᠲᠣᠭᠠᠳᠤ ᠳᠠᠭᠠᠨ ᠣᠷᠤᠭᠤᠯᠤᠨ ᠭᠠᠳᠠᠭᠰᠢ ᠬᠤᠯᠪᠣᠭᠠᠯᠠᠬᠤ ︾ ᠠᠮᠤ ᠪᠤᠳᠠᠭᠠᠨ ᠤ ᠪᠠᠷᠠᠭᠠᠨ ᠤ ᠭᠦᠢᠯᠭᠡᠭᠡᠨ ᠤ ᠬᠠᠭᠤᠷᠠᠢ ᠭᠠᠷᠠᠮ ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠬᠠᠮᠤᠭ ᠤᠨ ᠶᠡᠭᠡ ᠰᠠᠭᠤᠷᠢᠨ ᠭᠠᠵᠠᠷ ᠂ ᠴᠢᠨᠠᠷ ᠰᠠᠶᠢᠲᠠᠢ ᠬᠥᠭᠵᠢᠯᠲᠡ ᠶᠢᠨ ᠣᠳᠣ ᠦᠶ᠎ᠡ ᠶᠢᠨ ᠠᠮᠤ ᠪᠤᠳᠠᠭ᠎ᠠ ᠡᠳ᠋ᠰᠢᠭᠦᠯᠬᠦ ᠠᠵᠤ ᠦᠢᠯᠡᠰ ᠤᠨ ᠣᠶᠤᠨᠴᠢ ᠰᠠᠭᠤᠷᠢᠨ ᠭᠠᠵᠠᠷ ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠦᠭᠰᠡᠨ ᠣᠷᠣᠨ ᠤ ᠲᠥᠪ ᠬᠤᠲᠠ ᠶᠢᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠰᠠᠭᠤᠷᠢᠨ ᠭᠠᠵᠠᠷ ᠂ ᠥᠨᠳᠥᠷ ᠦᠷ᠎ᠡ ᠪᠦᠲᠦᠮᠵᠢᠲᠡᠢ ᠪᠠᠷ ᠠᠵᠢᠯᠯᠠᠭᠰᠠᠨ ᠰᠢᠨ᠎ᠡ ᠬᠡᠯᠪᠡᠷᠢ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠦᠢᠯᠡᠴᠢᠯᠡᠭᠡᠨ ᠤ ᠲᠠᠪᠴᠠᠩ ᠢ ᠠᠳᠬᠤᠵᠤ ᠂ ᠬᠦᠬᠡᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃      ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号