ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢ ᠦᠨᠡᠯᠡᠬᠦ ᠵᠢᠴᠢ ᠱᠠᠩᠨᠠᠬᠤ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/6/29
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ᠄      ︽ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈58 ᠳ᠋ᠤᠭᠠᠷ ᠲᠣᠭᠠᠲᠤ︶ ᠳᠠᠬᠢ ᠲᠡᠷᠢᠭᠦᠨ ᠲᠠᠰ ᠤᠨ ᠪᠤᠬ᠎ᠠ ᠶᠢ ᠪᠣᠶᠢᠵᠢᠭᠤᠯᠬᠤ ᠶᠢ ᠳᠡᠮᠵᠢᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠬᠤ ᠶᠢᠨ ᠲᠥᠯᠥᠭᠡ᠂ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶ᠎ᠡ᠂ ᠠᠳᠤᠭᠤᠨ ᠤ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢ ᠦᠨᠡᠯᠡᠬᠦ ᠵᠢᠴᠢ ᠱᠠᠩᠨᠠᠬᠤ ᠠᠷᠭ᠎ᠠ︾ ︵ᠥᠪᠥᠷ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠲᠣᠭᠲᠠᠭᠠᠯ ﹇2021﹈ 2 ᠳ᠋ᠤᠭᠠᠷ ᠲᠣᠭᠠᠲᠤ︶ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢ ᠦᠨᠡᠯᠡᠬᠦ ᠵᠢᠴᠢ ᠱᠠᠩᠨᠠᠬᠤ ᠠᠷᠭ᠎ᠠ︾ ᠶᠢ ᠲᠣᠭᠲᠠᠭᠠᠪᠠ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃      ᠳᠠᠭᠠᠯᠳᠤᠭᠤᠯᠤᠯ ᠄ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠰᠠᠭᠠᠯᠢ  ᠶᠢᠨ ᠦᠨᠢᠶᠡᠨ  ᠤ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ  ᠤᠨ ᠡᠭᠦᠯᠳᠡᠷ ᠪᠣᠶᠢᠵᠢᠭᠤᠯᠬᠤ ᠴᠢᠳᠠᠪᠤᠷᠢ  ᠶᠢ ᠦᠨᠡᠯᠡᠬᠦ ᠪᠠ ᠱᠠᠩᠨᠠᠬᠤ ᠠᠷᠭ᠎ᠠ                                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                               ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                                             2024 ᠣᠨ ᠤ 6 ᠰᠠᠷ᠎ᠠ ᠶᠢᠨ 29 ᠤ ᠡᠳᠦᠷ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ  ᠶᠢ ᠦᠨᠡᠯᠡᠬᠦ ᠪᠠ ᠱᠠᠩᠨᠠᠬᠤ ᠠᠷᠭ᠎ᠠ      ᠨᠢᠭᠡᠳᠦᠭᠡᠷ ᠪᠦᠯᠦᠭ   ᠶᠡᠷᠦᠩᠬᠡᠢ ᠳᠦᠷᠢᠮ      ᠨᠢᠭᠡᠳᠦᠭᠡᠷ ᠵᠦᠢᠯ   ︽ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈58 ᠳ᠋ᠤᠭᠠᠷ ᠲᠣᠭᠠᠲᠤ︶  ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠨ ᠵᠣᠷᠢᠭᠵᠢᠭᠤᠯᠵᠤ᠂ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠤᠶᠠᠯᠳᠤᠭᠤᠯᠤᠭᠰᠠᠨ᠂ ᠪᠣᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠡᠭᠦᠯᠳᠡᠷ ᠤᠨ ᠢᠷᠡᠯᠲᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ︿ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ﹀ ᠤᠨ ᠲᠠᠷᠢᠶᠠᠯᠠᠩ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠰᠦ ᠲᠠᠷᠬᠠᠭᠠᠭᠰᠠᠨ ﹇2023﹈ 687 ᠳ᠋ᠤᠭᠠᠷ ᠲᠣᠭᠠᠲᠤ︶ ᠲᠠᠬᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢ ᠦᠨᠡᠯᠡᠵᠦ ᠱᠠᠩᠨᠠᠬᠤ ᠶᠢ ᠬᠡᠷᠡᠭᠵᠢᠭᠦᠯᠬᠦ ᠨᠠᠷᠢᠨ ᠳᠦᠷᠢᠮ︾ ᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠳᠣᠲᠣᠷ᠎ᠠ ᠳᠠᠩᠰᠠᠯᠠᠭᠤᠯᠤᠭᠰᠠᠨ᠂ ᠡᠭᠦᠯᠳᠡᠷ ᠪᠣᠶᠢᠵᠢᠭᠤᠯᠬᠤ ᠪᠠᠶᠢᠭᠤᠯᠤᠮᠵᠢ᠂ ᠡᠭᠦᠯᠳᠡᠷ ᠪᠣᠶᠢᠵᠢᠭᠤᠯᠬᠤ ᠪᠦᠯᠬᠦᠮ᠂ ᠡᠭᠦᠯᠳᠡᠷ ᠪᠣᠶᠢᠵᠢᠭᠤᠯᠬᠤ ᠡᠬᠢ ᠪᠠᠶᠠᠯᠢᠭ᠂ ᠡᠭᠦᠯᠳᠡᠷ ᠪᠣᠶᠢᠵᠢᠭᠤᠯᠬᠤ ᠪᠡᠯᠡᠳᠬᠡᠮᠵᠢ ᠲᠥᠬᠦᠭᠡᠷᠦᠮᠵᠢ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠲᠠᠢ ᠪᠠᠶᠢᠬᠤ ᠶᠢᠨ ᠬᠠᠮᠲᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠢᠨᠵᠧᠨᠧᠷᠢᠩ ᠤᠨ ᠲᠤᠷᠰᠢᠯᠲᠠ ᠶᠢᠨ ᠲᠠᠰᠤᠭ᠂ ᠠᠺᠠᠳᠧᠮᠢᠴᠢ ᠶᠢᠨ ᠠᠵᠢᠯ ᠤᠨ ᠥᠷᠲᠡᠭᠡ ᠯᠦᠭᠡ ᠨᠢᠭᠲᠠ ᠬᠠᠮᠲᠤᠷᠠᠯᠴᠠᠬᠤ ᠬᠠᠷᠢᠴᠠᠭ᠎ᠠ ᠪᠠᠶᠢᠭᠤᠯᠤᠭᠰᠠᠨ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠳ ᠴᠥᠮ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠦᠨᠡᠯᠡᠯᠲᠡ ᠳᠤ ᠣᠷᠣᠯᠴᠠᠬᠤ ᠪᠠᠷ ᠮᠡᠳᠡᠭᠦᠯᠵᠦ ᠪᠣᠯᠣᠨ᠎ᠠ᠃      ᠭᠤᠷᠪᠠᠳᠤᠭᠠᠷ ᠵᠦᠢᠯ   ᠡᠭᠦᠯᠳᠡᠷ ᠪᠣᠶᠢᠵᠢᠭᠤᠯᠬᠤ ᠠᠵᠤ ᠠᠬᠤᠶᠢᠯᠠᠯ  ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠱᠠᠩᠨᠠᠯ ᠪᠣᠯ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ  ᠤᠨ ᠪᠡᠶ᠎ᠡ ᠪᠠᠨ ᠳᠠᠭᠠᠭᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ᠂ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠪᠠᠶᠢᠭᠤᠯᠤᠯᠲᠠ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠬᠤ ᠪᠠᠷ ᠵᠣᠷᠢᠯᠭ᠎ᠠ ᠪᠣᠯᠭᠠᠨ ᠣᠷᠣᠭᠤᠯᠤᠭᠰᠠᠨ ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠪᠡᠯᠡ ᠮᠥᠩᠭᠦ ᠪᠣᠯᠣᠨ᠎ᠠ᠃      ᠳᠥᠷᠪᠡᠳᠦᠭᠡᠷ ᠵᠦᠢᠯ   ᠰᠠᠭᠠᠯᠢ ᠶᠢᠨ ᠦᠨᠢᠶᠡᠨ  ᠤ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢ ᠦᠨᠡᠯᠡᠬᠦ ᠳᠤ ᠰᠠᠶᠢᠨ ᠳᠤᠷ᠎ᠠ ᠶᠢᠨ᠂ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ᠂ ᠪᠤᠰᠤᠳᠴᠢ ᠪᠠᠶᠢᠬᠤ ᠵᠠᠷᠴᠢᠮ  ᠢ ᠪᠠᠷᠢᠮᠲᠠᠯᠠᠨ᠎ᠠ᠃ ᠦᠨᠡᠯᠡᠭᠰᠡᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠪᠡᠯᠡ ᠮᠥᠩᠭᠦ ᠣᠯᠭᠤᠬᠤ ᠶᠢᠨ ᠭᠤᠣᠯ ᠯᠠᠪᠯᠠᠯᠲᠠ ᠪᠣᠯᠭᠠᠨ᠎ᠠ᠃      ᠬᠤᠶᠠᠳᠤᠭᠠᠷ ᠪᠦᠯᠦᠭ   ᠦᠨᠡᠯᠡᠬᠦ ᠠᠭᠤᠯᠭ᠎ᠠ ᠪᠠ ᠵᠡᠷᠭᠡ ᠳᠡᠰ      ᠲᠠᠪᠤᠳᠤᠭᠠᠷ ᠵᠦᠢᠯ  ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢ ᠦᠨᠡᠯᠡᠬᠦ ᠠᠭᠤᠯᠭ᠎ᠠ ᠳᠤ ᠭᠤᠣᠯᠳᠠᠭᠤ᠄ ᠡᠭᠦᠯᠳᠡᠷ ᠪᠣᠶᠢᠵᠢᠭᠤᠯᠬᠤ ᠪᠠᠶᠢᠭᠤᠯᠤᠮᠵᠢ᠂ ᠡᠭᠦᠯᠳᠡᠷ ᠪᠣᠶᠢᠵᠢᠭᠤᠯᠬᠤ ᠪᠦᠯᠬᠦᠮ᠂ ᠡᠭᠦᠯᠳᠡᠷ ᠪᠣᠶᠢᠵᠢᠭᠤᠯᠬᠤ ᠰᠠᠭᠤᠷᠢ ᠨᠥᠬᠦᠴᠡᠯ᠂ ᠡᠭᠦᠯᠳᠡᠷ ᠪᠣᠶᠢᠵᠢᠭᠤᠯᠬᠤ ᠣᠷᠣᠭᠤᠯᠤᠯᠲᠠ᠂ ᠡᠭᠦᠯᠳᠡᠷ ᠪᠣᠶᠢᠵᠢᠭᠤᠯᠬᠤ ᠰᠠᠭᠤᠷᠢ ᠠᠵᠢᠯ᠂ ᠡᠭᠦᠯᠳᠡᠷ ᠪᠣᠶᠢᠵᠢᠭᠤᠯᠬᠤ ᠮᠠᠲ᠋ᠧᠷᠢᠶᠠᠯ᠂ ᠡᠭᠦᠯᠳᠡᠷ ᠪᠣᠶᠢᠵᠢᠭᠤᠯᠬᠤ ᠦᠷ᠎ᠡ ᠪᠦᠲᠦᠭᠡᠯ᠂ ᠬᠠᠮᠢᠶᠠᠷᠤᠯᠲᠠ ᠶᠢᠨ ᠲᠣᠭᠲᠠᠴᠠ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ᠂ ᠲᠥᠷᠥᠯ ᠵᠦᠢᠯ  ᠢ ᠬᠡᠷᠡᠭᠵᠢᠭᠦᠯᠦᠭᠰᠡᠨ ᠪᠠᠶᠢᠳᠠᠯ ᠵᠡᠷᠭᠡ ᠪᠠᠭᠲᠠᠨ᠎ᠠ᠃      ᠵᠢᠷᠭᠤᠳᠤᠭᠠᠷ ᠵᠦᠢᠯ  ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠦᠨᠡᠯᠡᠯᠲᠡ ᠶᠢᠨ ᠮᠠᠯ ᠤᠨ ᠡᠭᠦᠯᠳᠡᠷ  ᠨᠢ ᠰᠠᠭᠠᠯᠢ ᠳᠤ ᠬᠡᠷᠡᠭᠯᠡᠬᠦ ᠵᠢᠴᠢ ᠰᠦ ᠮᠢᠬ᠎ᠠ ᠶᠢ ᠬᠠᠪᠰᠤᠷᠭᠠᠨ ᠬᠡᠷᠡᠭᠯᠡᠬᠦ ᠡᠭᠦᠯᠳᠡᠷ ︵ᠬᠤᠯᠠᠨᠳ᠋ ᠤᠨ ᠦᠬᠡᠷ᠂ ᠰᠦ ᠮᠢᠬ᠎ᠠ ᠶᠢ ᠬᠠᠪᠰᠤᠷᠭᠠᠨ ᠬᠡᠷᠡᠭᠯᠡᠬᠦ ᠬᠡᠯᠪᠡᠷᠢ ᠶᠢᠨ ᠰᠢᠮᠧᠨ᠋ᠲ᠋ᠠᠷ ᠦᠬᠡᠷ᠂ ᠰᠠᠨ ᠾᠧ ᠦᠬᠡᠷ︶᠃      ᠳᠣᠯᠣᠳᠤᠭᠠᠷ ᠵᠦᠢᠯ  ᠦᠨᠡᠯᠡᠬᠦ ᠠᠭᠤᠯᠭ᠎ᠠ ᠶᠢ ᠦᠨᠳᠦᠰᠦᠯᠡᠨ᠂ ᠡᠯ᠎ᠡ ᠵᠦᠢᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢ ᠦᠨᠡᠯᠡᠬᠦ ᠭᠦᠢᠴᠡᠳᠬᠡᠯ ᠲᠤᠭ᠎ᠠ ᠪᠠ ᠪᠣᠳᠠᠲᠠᠢ ᠬᠤᠪᠢ ᠶᠢᠨ ᠥᠷᠲᠡᠭ ᠢ ᠨᠠᠷᠢᠯᠢᠭᠵᠢᠭᠤᠯᠤᠨ ᠲᠣᠭᠲᠠᠭᠠᠨ᠎ᠠ᠃ ᠶᠡᠷᠦᠩᠬᠡᠢ ᠬᠤᠪᠢ ᠶᠢᠨ ᠬᠡᠮᠵᠢᠭᠳᠡᠯ ᠢ 100 ᠬᠤᠪᠢ ᠪᠠᠷ ᠲᠣᠭᠲᠠᠭᠠᠵᠤ᠂ ᠰᠢᠯᠢᠳᠡᠭ᠂ ᠰᠠᠶᠢᠨ᠂ ᠬᠢᠷᠢ ᠲᠡᠩᠴᠡᠭᠰᠡᠨ ᠪᠠ ᠬᠢᠷᠢ ᠲᠡᠩᠴᠡᠭᠰᠡᠨ ᠦᠭᠡᠢ 4 ᠲᠠᠰ ᠬᠤᠪᠢᠶᠠᠨ᠎ᠠ᠃ ᠪᠣᠳᠠᠲᠠᠢ ᠬᠤᠪᠢ ᠣᠯᠭᠤᠬᠤ ᠠᠷᠭ᠎ᠠ ᠶᠢ ︽ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠬᠤᠪᠢ ᠲᠣᠭᠲᠠᠭᠠᠬᠤ ᠨᠠᠷᠢᠨ ᠳᠦᠷᠢᠮ︾ ︵ᠳᠠᠭᠠᠯᠳᠤᠭᠤᠯᠤᠯ 1︶ ᠳᠤ ᠨᠠᠷᠢᠪᠴᠢᠯᠠᠨ ᠦᠵᠡᠭᠡᠷᠡᠢ᠃      ᠶᠡᠷᠦᠩᠬᠡᠢ ᠬᠤᠪᠢ ᠨᠢ 90 ᠬᠤᠪᠢ ︵ᠪᠠᠭᠲᠠᠨ᠎ᠠ︶  ᠠᠴᠠ ᠢᠯᠡᠭᠦᠦ ᠪᠠᠶᠢᠪᠠᠯ ᠰᠢᠯᠢᠳᠡᠭ ᠢᠶᠠᠷ ᠦᠨᠡᠯᠡᠨ᠎ᠡ︔ ᠶᠡᠷᠦᠩᠬᠡᠢ ᠬᠤᠪᠢ ᠨᠢ 80 ᠬᠤᠪᠢ ︵ᠪᠠᠭᠲᠠᠨ᠎ᠠ︶  ᠠᠴᠠ 89 ᠬᠤᠪᠢ ᠪᠠᠶᠢᠪᠠᠯ ᠰᠠᠶᠢᠨ ᠢᠶᠠᠷ ᠦᠨᠡᠯᠡᠨ᠎ᠡ︔ ᠶᠡᠷᠦᠩᠬᠡᠢ ᠬᠤᠪᠢ ᠨᠢ 60 ᠬᠤᠪᠢ ︵ᠪᠠᠭᠲᠠᠨ᠎ᠠ︶  ᠠᠴᠠ 79 ᠬᠤᠪᠢ  ᠪᠠᠶᠢᠪᠠᠯ ᠬᠢᠷᠢ ᠲᠡᠩᠴᠡᠭᠰᠡᠨ ᠢᠶᠠᠷ ᠦᠨᠡᠯᠡᠨ᠎ᠡ︔ ᠶᠡᠷᠦᠩᠬᠡᠢ ᠬᠤᠪᠢ ᠨᠢ 60 ᠬᠤᠪᠢ  ᠠᠴᠠ ᠳᠣᠷᠣᠭᠰᠢ ᠪᠠᠶᠢᠪᠠᠯ ᠬᠢᠷᠢ ᠲᠡᠩᠴᠡᠬᠦ ᠦᠭᠡᠢ ᠪᠠᠷ ᠦᠨᠡᠯᠡᠨ᠎ᠡ᠃      ᠭᠤᠷᠪᠠᠳᠤᠭᠠᠷ ᠪᠦᠯᠦᠭ   ᠦᠨᠡᠯᠡᠬᠦ ᠵᠢᠷᠤᠮ      ᠨᠠᠢᠮᠠᠳᠤᠭᠠᠷ ᠵᠦᠢᠯ    ᠠᠵᠤ ᠠᠬᠤᠶᠢᠯᠠᠯ ᠤᠨ ᠭᠤᠶᠤᠴᠢᠯᠠᠯ᠃ ᠡᠭᠦᠯᠳᠡᠷ ᠪᠣᠶᠢᠵᠢᠭᠤᠯᠬᠤ ᠠᠵᠤᠠᠬᠤᠶᠢᠯᠠᠯ ᠨᠢ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ ᠳᠤᠷᠠᠳᠴᠤ᠂ ᠱᠠᠲᠤ ᠳᠠᠷᠠᠭᠠᠯᠠᠨ ᠬᠢᠨᠠᠨ ᠬᠠᠷᠭᠤᠭᠤᠯᠵᠤ ᠳᠡᠭᠡᠭᠰᠢ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠬᠦ ᠶᠢᠨ ᠬᠠᠮᠲᠤ ᠳᠣᠣᠷᠠᠬᠢ ᠬᠠᠮᠢᠶ᠎ᠠ ᠪᠦᠬᠦᠢ ᠮᠠᠲ᠋ᠧᠷᠢᠶᠠᠯ ᠢ ᠳᠠᠭᠠᠯᠳᠤᠭᠤᠯᠤᠨ᠎ᠠ᠄      ︵ᠨᠢᠭᠡ︶ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠰᠠᠭᠠᠯᠢ  ᠶᠢᠨ ᠦᠨᠢᠶᠡᠨ  ᠤ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ  ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢ ᠦᠨᠡᠯᠡᠬᠦ ᠭᠤᠶᠤᠴᠢᠯᠠᠯ ᠤᠨ ᠬᠦᠰᠦᠨᠦᠭᠲᠦ︔        ︵ᠬᠤᠶᠠᠷ︶ ᠳᠣᠣᠷ᠎ᠠ ᠵᠢᠭᠰᠠᠭᠠᠭᠰᠠᠨ ᠭᠡᠷᠡᠴᠢᠯᠡᠬᠦ ᠮᠠᠲ᠋ᠧᠷᠢᠶᠠᠯ ᠢ ᠬᠠᠩᠭᠠᠨ᠎ᠠ᠄      1. ︽ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ︾᠂ ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ︾ ᠪᠠ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠣᠷᠣᠯᠠᠬᠤ ᠨᠣᠮᠧᠷ᠂ ᠡᠵᠡᠩᠨᠡᠯᠲᠡ ᠶᠢᠨ ᠦᠨᠡᠮᠯᠡᠯ᠂ ᠠᠵᠤ ᠠᠬᠤᠶᠢᠯᠠᠯ ᠤᠨ ᠬᠠᠤᠯᠢ ᠶᠢᠨ ᠬᠥᠮᠥᠨ ᠤ ᠦᠨᠡᠮᠯᠡᠯ ᠤᠨ ᠪᠠᠭᠤᠯᠭᠠᠪᠤᠷᠢ︔         2. ᠦᠷ᠎ᠡ ᠶᠢᠨ ᠮᠠᠯ ᠤᠨ ᠬᠢᠵᠢᠭ ᠡᠪᠡᠳᠴᠢᠨ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠪᠤᠶᠤ ᠬᠢᠵᠢᠭ ᠦᠭᠡᠢ ᠲᠣᠭᠤᠷᠢᠭ ᠤᠨ ᠭᠡᠷᠡᠴᠢ︔         3. ᠡᠭᠦᠯᠳᠡᠷ ᠪᠣᠶᠢᠵᠢᠭᠤᠯᠬᠤ ᠪᠠᠶᠢᠭᠤᠯᠤᠮᠵᠢ᠂ ᠡᠭᠦᠯᠳᠡᠷ ᠪᠣᠶᠢᠵᠢᠭᠤᠯᠬᠤ ᠪᠦᠯᠬᠦᠮ᠂ ᠡᠭᠦᠯᠳᠡᠷ ᠪᠣᠶᠢᠵᠢᠭᠤᠯᠬᠤ ᠰᠠᠭᠤᠷᠢ ᠨᠥᠬᠦᠴᠡᠯ᠂ ᠡᠭᠦᠯᠳᠡᠷ ᠪᠣᠶᠢᠵᠢᠭᠤᠯᠬᠤ ᠰᠠᠭᠤᠷᠢ ᠠᠵᠢᠯ᠂ ᠡᠭᠦᠯᠳᠡᠷ ᠪᠣᠶᠢᠵᠢᠭᠤᠯᠬᠤ ᠮᠠᠲ᠋ᠧᠷᠢᠶᠠᠯ᠂ ᠡᠭᠦᠯᠳᠡᠷ ᠪᠣᠶᠢᠵᠢᠭᠤᠯᠬᠤ ᠦᠷ᠎ᠡ ᠪᠦᠲᠦᠭᠡᠯ ᠵᠢᠴᠢ ᠬᠤᠯᠪᠣᠭᠳᠠᠯ ᠪᠦᠬᠦᠢ ᠡᠭᠦᠯᠳᠡᠷ ᠪᠣᠶᠢᠵᠢᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠡᠭᠦᠷᠭᠡᠯᠡᠭᠰᠡᠨ ᠵᠡᠷᠭᠡ  ᠶᠢᠨ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ︔         4. ᠡᠭᠦᠯᠳᠡᠷ ᠪᠣᠶᠢᠵᠢᠭᠤᠯᠬᠤ ᠪᠦᠯᠬᠦᠮ ᠨᠡᠶᠢᠲᠡ ᠶᠢᠨ ᠬᠠᠮᠢᠶᠠᠷᠤᠯᠲᠠ ᠶᠢᠨ ᠠᠷᠭ᠎ᠠ ᠵᠢᠴᠢ ᠤᠷᠮᠠᠰᠢᠭᠤᠯᠬᠤ ᠲᠣᠭᠲᠠᠴᠠ ᠶᠢᠨ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠂ ᠱᠠᠩᠨᠠᠯ ᠤᠯᠤᠭᠰᠠᠨ  ᠭᠡᠷᠡᠴᠢᠯᠡᠬᠦ ᠮᠠᠲ᠋ᠧᠷᠢᠶᠠᠯ︔      5. ᠡᠭᠦᠷᠭᠡᠯᠡᠵᠦ ᠪᠠᠶᠢᠭ᠎ᠠ ᠤᠯᠤᠰ ᠪᠣᠯᠣᠨ ᠥᠪᠡᠷᠲᠡᠭᠡᠨ ᠵᠠᠰᠠᠬᠤ ᠣᠷᠣᠨ  ᠤ ᠡᠭᠦᠯᠳᠡᠷ ᠪᠣᠶᠢᠵᠢᠭᠤᠯᠬᠤ ᠰᠢᠨᠵᠢᠯᠡᠬᠦ ᠤᠬᠠᠭᠠᠨ  ᠤ ᠰᠤᠳᠤᠯᠤᠯ  ᠤᠨ ᠲᠥᠷᠥᠯ ᠵᠦᠢᠯ  ᠤᠨ ᠭᠡᠷᠡᠴᠢᠯᠡᠬᠦ ᠮᠠᠲ᠋ᠧᠷᠢᠶᠠᠯ︔        6. ᠣᠷᠣᠨ ᠨᠤᠲᠤᠭ ᠤᠨ ᠵᠠᠰᠠᠭ ᠤᠨ ᠣᠷᠳᠣᠨ ᠪᠤᠶᠤ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠠᠷᠭ᠎ᠠ  ᠶᠢᠨ ᠭᠡᠷᠡᠴᠢᠯᠡᠬᠦ ᠮᠠᠲ᠋ᠧᠷᠢᠶᠠᠯ︔        ︵ᠭᠤᠷᠪᠠ︶ ᠣᠶᠢᠷ᠎ᠠ ᠶᠢᠨ 3 ᠵᠢᠯ ᠤᠨ ᠬᠢᠨᠠᠨ ᠪᠣᠳᠣᠯᠲᠠ ᠶᠢᠨ ᠮᠡᠳᠡᠭᠦᠯᠦᠯᠲᠡ᠂ ᠡᠳ᠋ ᠤᠨ ᠶᠠᠪᠤᠳᠠᠯ ᠤᠨ ᠨᠢᠭᠲᠠᠯᠠᠨ ᠪᠣᠳᠣᠭᠴᠢ ᠶᠢᠨ ᠮᠡᠳᠡᠭᠦᠯᠦᠯᠲᠡ ᠶᠢᠨ ᠬᠦᠰᠦᠨᠦᠭᠲᠦ᠂ ᠡᠭᠦᠯᠳᠡᠷ ᠪᠣᠶᠢᠵᠢᠭᠤᠯᠬᠤ ᠲᠥᠷᠥᠯ ᠵᠦᠢᠯ ᠤᠨ ᠣᠷᠣᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ ︵ᠬᠡᠷᠪᠡ ᠬᠢᠨᠠᠨ ᠪᠣᠳᠣᠯᠲᠠ ᠶᠢᠨ ᠮᠡᠳᠡᠭᠦᠯᠦᠯᠲᠡ ᠳᠤ ᠡᠭᠦᠯᠳᠡᠷ ᠪᠣᠶᠢᠵᠢᠭᠤᠯᠬᠤ ᠲᠥᠷᠥᠯ ᠵᠦᠢᠯ ᠤᠨ ᠣᠷᠣᠭᠤᠯᠤᠯᠲᠠ ᠶᠢᠨ ᠪᠠᠶᠢᠳᠠᠯ ᠢ ᠪᠠᠭᠲᠠᠭᠠᠬᠤ ᠦᠭᠡᠢ ᠪᠣᠯ ᠲᠤᠰᠬᠠᠢ ᠵᠦᠢᠯ ᠤᠨ ᠬᠢᠨᠠᠨ ᠪᠤᠳᠤᠭᠰᠠᠨ ᠮᠡᠳᠡᠭᠦᠯᠦᠯᠲᠡ ᠬᠢᠬᠦ ᠬᠡᠷᠡᠭᠲᠡᠢ︶︔      ︵ᠳᠥᠷᠪᠡ︶ 2024︱2030 ᠣᠨ ᠤ ᠡᠭᠦᠯᠳᠡᠷ ᠪᠣᠶᠢᠵᠢᠭᠤᠯᠬᠤ ᠲᠥᠯᠦᠪᠵᠢᠭᠦᠯᠭᠡ᠂ ᠣᠨ ᠤ ᠡᠭᠦᠯᠳᠡᠷ ᠪᠣᠶᠢᠵᠢᠭᠤᠯᠬᠤ ᠲᠥᠯᠥᠪᠯᠡᠭᠡ ︵ᠪᠤᠶᠤ ᠬᠡᠷᠡᠭᠵᠢᠭᠦᠯᠬᠦ ᠲᠥᠰᠥᠯ︶ ᠪᠠ ᠣᠨ ᠤ ᠡᠭᠦᠯᠳᠡᠷ ᠪᠣᠶᠢᠵᠢᠭᠤᠯᠬᠤ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︔      ︵ᠲᠠᠪᠤ︶ ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃      ᠶᠢᠰᠦᠳᠦᠭᠡᠷ ᠵᠦᠢᠯ  ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠭᠤᠶᠤᠴᠢᠯᠠᠯ ᠤᠨ ᠳᠠᠭᠤᠰᠬᠤᠴᠠᠭ ᠨᠢ ᠵᠢᠯ ᠪᠦᠷᠢ ᠶᠢᠨ 1 ᠰᠠᠷ᠎ᠠ ᠶᠢᠨ 31  ᠤ ᠡᠳᠦᠷ᠂ ᠰᠢᠯᠭᠠᠨ ᠠᠪᠬᠤ ᠳᠠᠭᠤᠰᠬᠤ ᠴᠠᠭ ᠨᠢ ᠵᠢᠯ ᠪᠦᠷᠢ ᠶᠢᠨ 10 ᠰᠠᠷ᠎ᠠ ᠶᠢᠨ 31  ᠤ ᠡᠳᠦᠷ ᠪᠣᠯᠣᠨ᠎ᠠ᠃      ᠠᠷᠪᠠᠳᠤᠭᠠᠷ ᠵᠦᠢᠯ  ᠮᠠᠲ᠋ᠧᠷᠢᠶᠠᠯ ᠢ ᠬᠢᠨᠠᠨ ᠪᠠᠶᠢᠴᠠᠭᠠᠬᠤ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠪᠤᠶᠤ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠪᠣᠯᠣᠨ ᠮᠠᠯ ᠠᠵᠤ ᠠᠬᠤᠢ ᠮᠠᠯ ᠡᠮᠨᠡᠯᠭᠡ ᠶᠢᠨ ᠮᠡᠷᠭᠡᠵᠢᠯ ᠵᠡᠷᠭᠡ ᠲᠤᠰᠬᠠᠢ ᠮᠡᠷᠭᠡᠵᠢᠯᠲᠡᠨ ᠳᠤ ᠨᠠᠶᠢᠳᠠᠵᠤ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠬᠢᠷᠢ ᠬᠡᠮ᠂ ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠂ ᠪᠦᠲᠦᠮᠵᠢᠲᠦ ᠴᠢᠨᠠᠷ ᠲᠤ ᠬᠢᠨᠠᠨ ᠪᠠᠶᠢᠴᠠᠭᠠᠯᠲᠠ ᠬᠢᠯᠭᠡᠨ᠎ᠡ᠃      ᠠᠷᠪᠠᠨ ᠨᠢᠭᠡᠳᠦᠭᠡᠷ ᠵᠦᠢᠯ  ᠲᠤᠬᠠᠢ ᠶᠢᠨ ᠲᠠᠯᠠᠪᠠᠢ ᠶᠢᠨ ᠦᠨᠡᠯᠡᠯᠲᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠬᠤ ᠪᠤᠶᠤ ᠰᠢᠨᠵᠢᠯᠡᠬᠦ ᠤᠬᠠᠭᠠᠨ ᠤ ᠰᠤᠳᠤᠯᠤᠯ᠂ ᠵᠢᠭᠠᠨ ᠰᠤᠷᠭᠠᠯᠲᠠ᠂ ᠡᠵᠡᠩᠨᠡᠯᠲᠡ᠂ ᠳᠡᠯᠭᠡᠷᠡᠭᠦᠯᠦᠯᠲᠡ᠂ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠶᠢᠨ ᠲᠤᠰᠬᠠᠢ ᠮᠡᠷᠭᠡᠵᠢᠯᠲᠡᠨ ᠢᠶᠠᠷ ᠪᠦᠷᠢᠯᠳᠦᠭᠰᠡᠨ ᠦᠨᠡᠯᠡᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ ᠳᠤᠭᠤᠶᠢᠯᠠᠩ ᠤᠨ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠬᠤᠪᠢ ᠲᠣᠭᠲᠠᠭᠠᠬᠤ ᠨᠠᠷᠢᠨ ᠳᠦᠷᠢᠮ ᠢ ᠦᠨᠳᠦᠰᠦᠯᠡᠨ ᠲᠤᠬᠠᠢ ᠶᠢᠨ ᠲᠠᠯᠠᠪᠤᠷ ᠲᠤᠨᠢ ᠵᠦᠢᠯ ᠳᠠᠷᠠᠭᠠᠯᠠᠨ ᠬᠤᠪᠢ ᠦᠭᠬᠦᠨ᠎ᠡ᠃      ᠠᠷᠪᠠᠨ ᠬᠤᠶᠠᠳᠤᠭᠠᠷ ᠵᠦᠢᠯ  ᠦᠷ᠎ᠡ ᠳ᠋ᠦᠩ ᠢ ᠢᠯᠡ ᠨᠡᠶᠢᠲᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠭᠤᠷᠪᠠᠳᠠᠭᠢ ᠡᠲᠡᠭᠡᠳ ᠪᠤᠶᠤ ᠦᠨᠡᠯᠡᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠲᠤᠬᠠᠢ ᠶᠢᠨ ᠲᠠᠯᠠᠪᠠᠶ ᠶᠢᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ  ᠨᠢ 10 ᠠᠵᠢᠯᠯᠠᠬᠤ ᠡᠳᠦᠷ ᠪᠣᠯᠣᠨ᠎ᠠ᠃      ᠠᠷᠪᠠᠨ ᠭᠤᠷᠪᠠᠳᠤᠭᠠᠷ ᠵᠦᠢᠯ  ᠦᠷ᠎ᠡ ᠳ᠋ᠦᠩ ᠢ ᠨᠡᠶᠢᠲᠡᠯᠡᠨ᠎ᠡ᠃ ᠵᠠᠷᠯᠠᠨ ᠨᠡᠶᠢᠲᠡᠯᠡᠬᠦ ᠪᠠᠷ ᠳᠡᠮᠵᠢᠨ ᠣᠨᠳᠣᠣ ᠰᠠᠨᠠᠯ ᠦᠭᠡᠢ ᠪᠣᠯ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠤ ᠠᠬᠤᠶᠢᠯᠠᠯ ᠳᠤ ᠦᠨᠡᠯᠡᠭᠰᠡᠨ ᠦᠷ᠎ᠡ ᠳ᠋ᠦᠩ ᠢ ᠨᠡᠶᠢᠲᠡᠯᠡᠨ᠎ᠡ᠃      ᠳᠥᠷᠪᠡᠳᠦᠭᠡᠷ ᠪᠦᠯᠦᠭ   ᠱᠠᠩᠨᠠᠨ ᠬᠥᠬᠢᠭᠦᠯᠬᠦ ᠠᠷᠭ᠎ᠠ ᠮᠠᠶ᠋ᠢᠭ ᠬᠢᠭᠡᠳ ᠪᠠᠷᠢᠮᠵᠢᠶ᠎ᠠ      ᠠᠷᠪᠠᠨ ᠳᠥᠷᠪᠡᠳᠦᠭᠡᠷ ᠵᠦᠢᠯ  ᠡᠭᠦᠯᠳᠡᠷ ᠪᠣᠶᠢᠵᠢᠭᠤᠯᠬᠤ ᠴᠢᠳᠠᠪᠤᠷᠢ ᠶᠢ ᠦᠨᠡᠯᠡᠭᠰᠡᠨ ᠦᠷ᠎ᠡ ᠳ᠋ᠦᠩ ᠨᠢ ᠰᠠᠶᠢᠨ ᠳᠡᠰ ᠠᠴᠠ ᠳᠡᠭᠡᠭᠰᠢᠬᠢ ᠰᠠᠭᠠᠯᠢ ᠶᠢᠨ ᠦᠨᠢᠶᠡᠨ  ᠤ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠨᠢᠭᠡᠪᠦᠷᠢ ᠳᠤ ᠰᠠᠭᠤᠷᠢ ᠴᠢᠨᠠᠷᠲᠠᠢ ᠪᠠᠷ 100 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃      ᠠᠷᠪᠠᠨ ᠲᠠᠪᠤᠳᠤᠭᠠᠷ ᠵᠦᠢᠯ  ᠬᠤᠯᠠᠨᠳ᠋ ᠤᠨ ᠡᠭᠦᠯᠳᠡᠷ ᠤᠨ ᠪᠤᠬ᠎ᠠ ᠶᠢᠨ ᠭᠧᠨ ᠤ ᠪᠦᠯᠦᠭ ᠤᠨ ᠶᠡᠷᠦᠩᠬᠡᠶᠢᠯᠡᠭᠰᠡᠨ ᠰᠣᠩᠭᠤᠯᠲᠠ ᠶᠢᠨ ᠵᠢᠭᠠᠯᠲᠠ ᠲᠤᠭ᠎ᠠ ︵GTPI ᠪᠤᠶᠤ GNM︶ ᠶᠢᠨ ᠬᠡᠮᠵᠢᠭᠳᠡᠯ ᠨᠢ ᠲᠤᠬᠠᠢ ᠶᠢᠨ ᠵᠢᠯ ᠳᠤ CDCB ᠶᠢᠨ ᠡᠮᠦᠨ᠎ᠡ 200 ᠨᠡᠷᠡᠰ ᠲᠤ ᠵᠢᠭᠰᠠᠭᠠᠭᠳᠠᠭᠰᠠᠨ ᠪᠠᠶᠢᠪᠠᠯ᠂ ᠡᠭᠦᠯᠳᠡᠷ ᠤᠨ ᠪᠤᠬ᠎ᠠ ᠨᠢᠭᠡᠪᠦᠷᠢ ᠶᠢ 100 ᠲᠦᠮᠡᠨ ᠲᠥᠭᠦᠷᠢᠭ ᠢᠶᠠᠷ ᠱᠠᠩᠨᠠᠨ᠎ᠠ᠃      ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠬᠤᠯᠠᠨᠳ᠋ ᠤᠨ ᠡᠭᠦᠯᠳᠡᠷ ᠤᠨ ᠪᠤᠬ᠎ᠠ  ᠨᠢ ᠲᠤᠬᠠᠢ ᠶᠢᠨ ᠵᠢᠯ ᠤᠨ ᠳᠤᠮᠳᠠᠳᠤ ᠤᠯᠤᠰ ᠤᠨ ᠰᠠᠭᠠᠯᠢ ᠶᠢᠨ ᠦᠨᠢᠶ᠎ᠡ ᠶᠢᠨ ᠤᠳᠤᠮᠰᠢᠯ ᠤᠨ ᠦᠨᠡᠯᠡᠨ ᠵᠢᠱᠢᠯᠲᠡ ᠶᠢᠨ ᠲᠣᠶᠢᠮᠣ ᠳᠣᠲᠣᠷᠠᠬᠢ ᠡᠭᠦᠯᠳᠡᠷ ᠤᠨ ᠪᠤᠬ᠎ᠠ ᠶᠢᠨ CPI ︵ᠳᠤᠮᠳᠠᠳᠤ ᠤᠯᠤᠰ ᠤᠨ ᠰᠠᠭᠠᠯᠢ ᠶᠢᠨ ᠦᠨᠢᠶᠡᠨ ᠤ ᠴᠢᠳᠠᠮᠵᠢ ᠶᠢᠨ ᠢᠯᠡᠳᠬᠡᠭᠴᠢ ᠲᠤᠭ᠎ᠠ︶ ᠪᠤᠶᠤ GCPI ︵ᠳᠤᠮᠳᠠᠳᠤ ᠤᠯᠤᠰ ᠤᠨ ᠰᠠᠭᠠᠯᠢ ᠶᠢᠨ ᠦᠨᠢᠶᠡᠨ ᠤ ᠭᠧᠨ ᠤ ᠪᠦᠯᠦᠭ ᠤᠨ ᠰᠣᠩᠭᠤᠬᠤ ᠴᠢᠳᠠᠮᠵᠢ ᠶᠢᠨ ᠢᠯᠡᠳᠬᠡᠭᠴᠢ ᠲᠤᠭ᠎ᠠ︶ ᠶᠢᠨ ᠡᠮᠦᠨ᠎ᠡ 50 ᠨᠡᠷᠡᠰ ᠲᠤ  ᠣᠷᠣᠭᠰᠠᠨ ᠪᠠᠶᠢᠪᠠᠯ᠂ ᠪᠤᠬ᠎ᠠ ᠶᠢ 100 ᠲᠦᠮᠡᠨ ᠲᠥᠭᠦᠷᠢᠭ ᠢᠶᠠᠷ ᠱᠠᠩᠨᠠᠨ᠎ᠠ︔ ᠲᠤᠬᠠᠢ ᠶᠢᠨ ᠵᠢᠯ ᠤᠨ ᠳᠤᠮᠳᠠᠳᠤ ᠤᠯᠤᠰ ᠤᠨ ᠰᠠᠭᠠᠯᠢ ᠶᠢᠨ ᠦᠨᠢᠶ᠎ᠡ ᠶᠢᠨ ᠡᠭᠦᠯᠳᠡᠷ ᠤᠨ ᠪᠤᠬ᠎ᠠ ᠶᠢᠨ ᠤᠳᠤᠮᠰᠢᠯ ᠤᠨ ᠦᠨᠡᠯᠡᠨ ᠵᠢᠱᠢᠯᠲᠡ ᠶᠢᠨ ᠲᠣᠶᠢᠮᠣ ᠪᠠᠶᠢᠳᠠᠯ ᠳᠠᠬᠢ ᠪᠤᠬ᠎ᠠ ᠶᠢᠨ CPI ︵ᠳᠤᠮᠳᠠᠳᠤ ᠤᠯᠤᠰ ᠤᠨ ᠰᠠᠭᠠᠯᠢ ᠶᠢᠨ ᠦᠨᠢᠶᠡᠨ ᠤ ᠴᠢᠳᠠᠮᠵᠢ ᠶᠢᠨ ᠢᠯᠡᠳᠬᠡᠭᠴᠢ ᠲᠤᠭ᠎ᠠ︶ ᠪᠤᠶᠤ GCPI ︵ᠳᠤᠮᠳᠠᠳᠤ ᠤᠯᠤᠰ ᠤᠨ ᠰᠠᠭᠠᠯᠢ ᠶᠢᠨ ᠦᠨᠢᠶᠡᠨ ᠤ ᠭᠧᠨ ᠤ ᠪᠦᠯᠦᠭ ᠤᠨ ᠰᠣᠩᠭᠤᠬᠤ ᠴᠢᠳᠠᠮᠵᠢ ᠶᠢᠨ ᠢᠯᠡᠳᠬᠡᠭᠴᠢ ᠲᠤᠭ᠎ᠠ︶ 51 ︱ 100 ᠨᠡᠷᠡᠰ ᠲᠤ ᠣᠷᠣᠭᠰᠠᠨ ᠪᠠᠶᠢᠪᠠᠯ᠂ ᠪᠤᠬ᠎ᠠ ᠨᠢᠭᠡᠪᠦᠷᠢ ᠶᠢ 50 ᠲᠦᠮᠡᠨ ᠲᠥᠭᠦᠷᠢᠭ ᠢᠶᠠᠷ ᠱᠠᠩᠨᠠᠨ᠎ᠠ᠃      ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠰᠦ ᠮᠢᠬ᠎ᠠ ᠶᠢ ᠬᠠᠪᠰᠤᠷᠭᠠᠨ ᠬᠡᠷᠡᠭᠯᠡᠬᠦ ᠰᠢᠮᠧᠨ᠋ᠲ᠋ᠠᠷ ᠡᠭᠦᠯᠳᠡᠷ ᠤᠨ ᠪᠤᠬ᠎ᠠ TPI ︵ᠳᠤᠮᠳᠠᠳᠤ ᠤᠯᠤᠰ ᠤᠨ ᠬᠠᠪᠰᠤᠷᠭᠠᠨ ᠬᠡᠷᠡᠭᠯᠡᠬᠦ ᠦᠬᠡᠷ ᠤᠨ ᠶᠡᠷᠦᠩᠬᠡᠢ ᠴᠢᠳᠠᠮᠵᠢ ᠶᠢᠨ ᠵᠢᠭᠠᠯᠲᠠ ᠲᠤᠭ᠎ᠠ︶ ᠶᠢᠨ ᠡᠮᠦᠨ᠎ᠡ 100 ᠨᠡᠷᠡᠰ ᠲᠤ ᠣᠷᠣᠭᠰᠠᠨ ᠪᠠᠶᠢᠪᠠᠯ᠂ ᠪᠤᠬ᠎ᠠ ᠨᠢᠭᠡᠪᠦᠷᠢ ᠶᠢ 50 ᠲᠦᠮᠡᠨ ᠲᠥᠭᠦᠷᠢᠭ ᠢᠶᠠᠷ ᠱᠠᠩᠨᠠᠨ᠎ᠠ᠃      ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠰᠠᠨ ᠾᠧ ᠦᠬᠡᠷ ᠤᠨ ᠡᠭᠦᠯᠳᠡᠷ ᠤᠨ ᠪᠤᠬ᠎ᠠ ᠨᠢ ᠰᠠᠨ ᠾᠧ ᠦᠬᠡᠷ ᠤᠨ TPI ︵ᠳᠤᠮᠳᠠᠳᠤ ᠤᠯᠤᠰ ᠤᠨ ᠬᠠᠪᠰᠤᠷᠭᠠᠨ ᠬᠡᠷᠡᠭᠯᠡᠬᠦ ᠦᠬᠡᠷ ᠤᠨ ᠶᠡᠷᠦᠩᠬᠡᠢ ᠴᠢᠳᠠᠮᠵᠢ ᠶᠢᠨ ᠵᠢᠭᠠᠯᠲᠠ ᠲᠤᠭ᠎ᠠ︶ ᠳᠤ ᠡᠮᠦᠨ᠎ᠡ 5 ᠨᠡᠷᠡᠰ ᠲᠤ ᠣᠷᠣᠭᠰᠠᠨ ᠪᠠᠶᠢᠪᠠᠯ  ᠪᠤᠬ᠎ᠠ ᠨᠢᠭᠡᠪᠦᠷᠢ ᠶᠢ 50 ᠲᠦᠮᠡᠨ ᠲᠥᠭᠦᠷᠢᠭ ᠢᠶᠠᠷ ᠱᠠᠩᠨᠠᠨ᠎ᠠ᠃      ᠲᠠᠪᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ      ᠠᠷᠪᠠᠨ ᠵᠢᠷᠭᠤᠳᠤᠭᠠᠷ ᠵᠦᠢᠯ  ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠨᠢ ᠬᠠᠩᠭᠠᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠤᠨ ᠢᠶᠠᠨ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ᠃ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠬᠠᠩᠭᠠᠭᠰᠠᠨ ᠬᠠᠮᠢᠶ᠎ᠠ ᠪᠦᠬᠦᠢ ᠦᠨᠡᠯᠡᠯᠲᠡ ᠶᠢᠨ ᠮᠠᠲ᠋ᠧᠷᠢᠶᠠᠯ ᠢ ᠬᠤᠳᠠᠯ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠭᠤᠷᠪᠠᠨ ᠵᠢᠯ ᠤᠨ ᠳᠣᠲᠣᠷ᠎ᠠ ᠲᠡᠭᠦᠨ ᠤ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠦᠨᠡᠯᠡᠯᠲᠡ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠦᠭᠡᠢ᠃      ᠠᠷᠪᠠᠨ ᠳᠣᠯᠣᠳᠤᠭᠠᠷ ᠵᠦᠢᠯ  ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠡᠭᠦᠯᠳᠡᠷ ᠪᠣᠶᠢᠵᠢᠭᠤᠯᠬᠤ ᠲᠥᠯᠦᠪᠵᠢᠭᠦᠯᠭᠡ ᠪᠣᠯᠣᠨ ᠲᠤᠰ ᠪᠡᠶ᠎ᠡ ᠶᠢᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ ᠱᠠᠩᠨᠠᠬᠤ ᠪᠡᠯᠡ ᠮᠥᠩᠭᠦ ᠶᠢ ᠬᠡᠷᠡᠭᠯᠡᠬᠦ ᠲᠥᠰᠥᠯ ᠨᠠᠶᠢᠷᠠᠭᠤᠯᠤᠨ ᠵᠣᠬᠢᠶᠠᠵᠤ᠂ ᠪᠠᠶᠢᠭ᠎ᠠ ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ  ᠤᠨ ᠰᠠᠯᠠᠭ᠎ᠠ ᠮᠥᠴᠢᠷ ᠲᠤ ᠮᠡᠳᠡᠭᠦᠯᠵᠦ ᠬᠢᠨᠠᠭᠤᠯᠤᠭᠰᠠᠨ ᠤ ᠲᠠᠷᠠᠭ᠎ᠠ ᠬᠡᠷᠡᠭᠵᠢᠭᠦᠯᠬᠦ ᠬᠡᠷᠡᠭᠲᠡᠢ᠃ ᠪᠡᠯᠡ ᠮᠥᠩᠭᠦ ᠮᠡᠬᠡᠯᠡᠨ ᠠᠪᠬᠤ ᠦᠶᠯᠡ ᠠᠵᠢᠯᠯᠠᠭ᠎ᠠ ᠳᠤ ᠥᠴᠥᠬᠡᠨ ᠴᠦ ᠢᠯᠳᠠᠷ ᠬᠠᠶᠠᠬᠤ ᠦᠭᠡᠢ᠂ ᠪᠠᠶᠢᠴᠠᠭᠠᠨ ᠬᠠᠷᠭᠤᠭᠤᠯᠵᠤ᠂ ᠢᠯᠡ ᠪᠠᠷ ᠨᠡᠶᠢᠲᠡᠯᠡᠭᠰᠡᠨ ᠤ ᠳᠠᠷᠠᠭ᠎ᠠ ᠬᠦᠨᠳᠦ ᠨᠣᠴᠢᠲᠠᠢ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ ︽ᠬᠠᠷ᠎ᠠ ᠲᠠᠩᠰᠠ︾ ᠳᠤ ᠣᠷᠣᠭᠤᠯᠵᠤ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠨᠢ ︽ᠬᠠᠷ᠎ᠠ ᠲᠠᠩᠰᠠ︾ ᠳᠤ ᠣᠷᠣᠭᠤᠯᠤᠭᠰᠠᠨ ᠬᠦᠨᠳᠦ ᠨᠣᠴᠢᠲᠠᠢ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠳᠤ ︽ᠨᠢᠭᠡ ᠪᠢᠯᠧᠲ ᠢᠶᠠᠷ ᠦᠭᠡᠶᠢᠰᠬᠡᠬᠦ︾ ᠶᠢ ᠬᠡᠷᠡᠭᠵᠢᠭᠦᠯᠵᠦ᠂ 5 ᠵᠢᠯ ᠤᠨ ᠳᠣᠲᠣᠷ᠎ᠠ ᠲᠡᠳᠡᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠦ ᠶᠢᠨ ᠦᠢᠯᠡᠰ ᠤᠨ ᠱᠠᠩᠨᠠᠯ ᠣᠯᠬᠤ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠦ ᠶᠢᠨ ᠦᠢᠯᠡᠰ ᠤᠨ ᠲᠥᠷᠥᠯ ᠵᠦᠢᠯ ᠢᠶᠠᠷ ᠮᠡᠳᠡᠭᠦᠯᠬᠦ ᠶᠢ ᠴᠠᠭᠠᠵᠠᠯᠠᠨ᠎ᠠ᠃ ᠱᠠᠩᠨᠠᠯ ᠤᠨ ᠪᠡᠯᠡ ᠮᠥᠩᠭᠦ ᠶᠢ ᠬᠢᠨᠠᠨ ᠵᠥᠪᠰᠢᠶᠡᠷᠡᠭᠦᠯᠦᠭᠰᠡᠨ ᠦᠭᠡᠢ ᠪᠤᠶᠤ ᠲᠣᠭᠲᠠᠭᠠᠯ ᠶᠣᠰᠣᠭᠠᠷ ᠬᠡᠷᠡᠭᠯᠡᠭᠰᠡᠨ ᠦᠭᠡᠢ ᠪᠠᠶᠢᠪᠠᠯ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠠᠳ ᠬᠢᠷᠢ ᠲᠡᠩᠴᠡᠭᠰᠡᠨ ᠦᠭᠡᠢ ᠶᠢ ᠨᠢ ᠱᠠᠩᠨᠠᠯ ᠤᠨ ᠪᠡᠯᠡ ᠮᠥᠩᠭᠦ ᠶᠢ ᠬᠤᠷᠢᠶᠠᠨ ᠠᠪᠬᠤ ᠶᠢᠨ ᠬᠠᠮᠲᠤ ᠳᠠᠷᠠᠭ᠎ᠠ ᠨᠢᠭᠡ ᠵᠢᠯ ᠤᠨ ᠰᠢᠯᠭᠠᠷᠠᠭᠤᠯᠤᠯᠲᠠ ᠳᠤ ᠣᠷᠣᠯᠴᠠᠬᠤ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠬᠡᠷᠡᠭᠲᠡᠢ᠃      ᠠᠷᠪᠠᠨ ᠨᠠᠢᠮᠠᠳᠤᠭᠠᠷ ᠵᠦᠢᠯ  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠡᠷᠪᠡ ᠪᠤᠰᠤᠳ ᠪᠢᠴᠢᠭ ᠮᠠᠲ᠋ᠧᠷᠢᠶᠠᠯ ᠯᠤᠭ᠎ᠠ ᠨᠢᠭᠡᠳᠦᠯ ᠦᠭᠡᠢ ᠪᠠᠶᠢᠪᠠᠯ᠂ ᠲᠤᠰ ᠠᠷᠭ᠎ᠠ ᠪᠠᠷ ᠪᠠᠷᠢᠮᠵᠢᠶ᠎ᠠ ᠪᠣᠯᠭᠠᠨ᠎ᠠ᠃ ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃      ᠳᠠᠭᠠᠯᠳᠤᠭᠤᠯᠤᠯ᠄ 1. ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠬᠤᠪᠢ ᠲᠣᠭᠲᠠᠭᠠᠬᠤ ᠨᠠᠷᠢᠨ ᠳᠦᠷᠢᠮ      2. ᠥᠪᠥᠷ ᠮᠣᠩᠭᠤᠯ ᠤᠨ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢ ᠦᠨᠡᠯᠡᠬᠦ ᠭᠤᠶᠤᠴᠢᠯᠠᠯ ᠤᠨ ᠬᠦᠰᠦᠨᠦᠭᠲᠦ      ᠳᠠᠭᠠᠯᠳᠤᠭᠤᠯᠤᠯ 1      ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠬᠤᠪᠢ ᠲᠣᠭᠲᠠᠭᠠᠬᠤ ᠨᠠᠷᠢᠨ ᠲᠦᠷᠢᠮ       ᠨᠢᠭᠡ᠂ ᠡᠷᠬᠡᠪᠰᠢ ᠪᠦᠷᠢᠯᠳᠦᠭᠦᠯᠬᠦ ᠬᠡᠷᠡᠭᠲᠡᠢ ᠦᠨᠳᠦᠰᠦᠨ ᠨᠥᠬᠦᠴᠡᠯ      ︵ᠨᠢᠭᠡ︶ ᠪᠠᠶᠢᠭ᠎ᠠ ᠠᠶᠢᠮᠠᠭ ᠬᠤᠳᠠ᠂ ᠬᠤᠰᠢᠭᠤ ᠰᠢᠶᠠᠨ  ᠤ ᠮᠠᠯ ᠠᠵᠤ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠶᠣᠰᠣᠭᠠᠷ ᠳᠠᠩᠰᠠᠯᠠᠭᠤᠯᠵᠤ᠂ ᠬᠦᠴᠦᠨ ᠲᠠᠢ ︽ᠦᠷ᠎ᠡ ᠶᠢᠨ ᠮᠠᠯ ᠵᠢᠭᠦᠷᠲᠡᠨ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠪᠣᠯᠣᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠣᠷᠣᠯᠠᠬᠤ ᠨᠣᠮᠧᠷ ᠲᠠᠢ ᠪᠠᠶᠢᠵᠤ᠂ ︽ᠠᠮᠢᠳᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ︾ ᠪᠣᠯᠣᠨ ᠦᠷ᠎ᠡ ᠶᠢᠨ ᠮᠠᠯ ᠤᠨ ᠬᠢᠵᠢᠭ ᠡᠪᠡᠳᠴᠢᠨ  ᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠪᠤᠶᠤ ᠬᠢᠵᠢᠭ ᠦᠭᠡᠢ ᠲᠣᠭᠤᠷᠢᠭ  ᠤᠨ ᠭᠡᠷᠡᠴᠢ ᠬᠠᠩᠭᠠᠬᠤ ᠬᠡᠷᠡᠭᠲᠡᠢ᠃      ︵ᠬᠤᠶᠠᠷ︶ ᠪᠤᠬ᠎ᠠ ᠶᠢᠨ ᠢᠷᠡᠯᠲᠡ ᠨᠢ ᠪᠤᠬ᠎ᠠ ᠶᠢᠨ ᠦᠷᠳᠡᠭᠡ ᠶᠢᠨ ᠥᠪᠡᠷ ᠲᠡᠭᠡᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ ᠪᠤᠶᠤ ᠪᠤᠬ᠎ᠠ ᠶᠢᠨ ᠦᠷᠳᠡᠭᠡ ᠯᠦᠭᠡ ᠠᠳᠠᠯᠢ ᠨᠢᠭᠡᠨ ᠠᠵᠤ ᠠᠬᠤᠶᠢᠯᠠᠯ  ᠳᠤ ᠬᠠᠷᠢᠶᠠᠯᠠᠭᠳᠠᠬᠤ ᠲᠡᠵᠢᠭᠡᠨ ᠦᠷᠡᠵᠢᠭᠦᠯᠬᠦ ᠲᠠᠯᠠᠪᠠᠢ᠂ ᠡᠰᠡᠬᠦᠯ᠎ᠡ ᠪᠤᠬ᠎ᠠ ᠶᠢᠨ ᠦᠷᠳᠡᠭᠡ ᠯᠦᠭᠡ 5 ᠵᠢᠯ ᠠᠴᠠ ᠳᠡᠭᠡᠭᠰᠢ ᠬᠠᠮᠲᠤᠷᠠᠨ ᠡᠭᠦᠯᠳᠡᠷ ᠪᠣᠶᠢᠵᠢᠭᠤᠯᠬᠤ ᠵᠥᠪᠯᠡᠯᠴᠡᠭᠡᠷ ᠲᠣᠭᠲᠠᠭᠰᠠᠨ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠢ ᠪᠠᠶᠢᠬᠤ ᠬᠡᠷᠡᠭᠲᠡᠢ᠃      ︵ᠭᠤᠷᠪᠠ︶ ᠡᠭᠦᠯᠳᠡᠷ ᠪᠣᠶᠢᠵᠢᠭᠤᠯᠬᠤ ᠳᠠᠩᠰᠠ ᠡᠪᠬᠡᠮᠡᠯ ᠤᠨ ᠪᠦᠷᠢᠨ ᠪᠦᠲᠦᠨ ᠲᠡᠮᠳᠡᠭᠯᠡᠯ ᠤᠨ ᠮᠠᠲ᠋ᠧᠷᠢᠶᠠᠯ ᠲᠠᠢ ᠪᠠᠶᠢᠬᠤ ᠶᠢᠨ ᠬᠠᠮᠲᠤ ᠬᠠᠮᠢᠶᠠᠷᠤᠯᠲᠠ ᠶᠢᠨ ᠵᠥᠭᠡᠯᠡᠨ ᠲᠤᠨᠤᠭ ᠤᠨ ᠰᠢᠰᠲ᠋ᠧᠮ ᠢ ᠬᠡᠷᠡᠭᠯᠡᠵᠦ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠬᠤ ᠬᠡᠷᠡᠭᠲᠡᠢ᠃      ︵ᠳᠥᠷᠪᠡ︶ ᠡᠭᠦᠯᠳᠡᠷ ᠪᠣᠶᠢᠵᠢᠭᠤᠯᠬᠤ ᠲᠤᠰᠬᠠᠢ ᠰᠠᠯᠠᠭ᠎ᠠ ᠮᠥᠴᠢᠷ᠂ ᠮᠡᠷᠭᠡᠵᠢᠯ ᠤᠨ ᠪᠦᠯᠬᠦᠮ ᠪᠠ ᠮᠡᠷᠭᠡᠵᠢᠯ ᠤᠨ ᠠᠵᠢᠯᠲᠠᠨ ᠲᠠᠢ ᠪᠠᠶᠢᠬᠤ ᠬᠡᠷᠡᠭᠲᠡᠢ᠃      ︵ᠲᠠᠪᠤ︶ ᠪᠦᠷᠢᠨ ᠲᠡᠭᠦᠯᠳᠡᠷ ᠦᠷᠡᠵᠢᠭᠦᠯᠦᠨ ᠪᠣᠶᠢᠵᠢᠭᠤᠯᠬᠤ ᠲᠥᠬᠦᠭᠡᠷᠦᠮᠵᠢ᠂ ᠲᠣᠨᠤᠭ ᠲᠥᠬᠦᠭᠡᠷᠦᠮᠵᠢ ᠵᠢᠴᠢ ᠡᠭᠦᠨ ᠲᠠᠢ ᠵᠤᠬᠢᠴᠠᠭᠰᠠᠨ ᠲᠤᠷᠰᠢᠯᠲᠠ ᠶᠢᠨ ᠲᠠᠰᠤᠭ ᠲᠠᠢ ᠪᠠᠶᠢᠬᠤ ᠬᠡᠷᠡᠭᠲᠡᠢ᠃      ︵ᠵᠢᠷᠭᠤᠭ᠎ᠠ︶ ᠡᠭᠦᠯᠳᠡᠷ  ᠨᠢ ᠨᠢᠭᠡᠨᠲᠡ ︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠡᠭᠦᠯᠳᠡᠷ ᠤᠨ ᠨᠡᠷᠡᠰ ᠤᠨ ᠵᠢᠭᠰᠠᠭᠠᠯᠲᠠ︾ ᠳᠤ ᠣᠷᠣᠭᠰᠠᠨ ᠪᠤᠶᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠠᠨ ᠨᠡᠶᠢᠲᠡᠯᠡᠭᠰᠡᠨ ᠡᠭᠦᠯᠳᠡᠷ᠂ ᠢᠵᠢ ᠪᠦᠷᠢᠳᠦᠭᠰᠡᠨ ᠰᠢᠰᠲ᠋ᠧᠮ ᠪᠠᠶᠢᠵᠤ᠂ ᠣᠷᠣᠭᠤᠯᠵᠤ ᠠᠪᠴᠢᠷᠠᠭᠰᠠᠨ ᠡᠭᠦᠯᠳᠡᠷ ᠲᠤ ᠡᠭᠦᠯᠳᠡᠷ ᠣᠷᠣᠭᠤᠯᠤᠭᠰᠠᠨ ᠭᠡᠷᠡᠴᠢ ᠪᠠᠶᠢᠬᠤ ᠬᠡᠷᠡᠭᠲᠡᠢ᠃      ︵ᠲᠤᠯᠤᠭ᠎ᠠ︶ ᠣᠷᠣᠨ ᠨᠤᠲᠤᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠭᠰᠠᠨ ᠡᠭᠦᠯᠳᠡᠷ ᠪᠣᠶᠢᠵᠢᠭᠤᠯᠬᠤ ᠲᠥᠯᠦᠪᠵᠢᠭᠦᠯᠭᠡ ︵ᠲᠥᠰᠥᠯ︶ ᠪᠠ ᠣᠨ ᠤ ᠡᠭᠦᠯᠳᠡᠷ ᠪᠣᠶᠢᠵᠢᠭᠤᠯᠬᠤ ᠲᠥᠯᠥᠪᠯᠡᠭᠡ ᠲᠠᠢ ᠪᠠᠶᠢᠬᠤ ᠬᠡᠷᠡᠭᠲᠡᠢ᠃      ︵ᠨᠠᠢᠮᠠ︶ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ᠂ ᠮᠡᠷᠭᠡᠵᠢᠯ ᠤᠨ ᠲᠥᠪ᠂ ᠢᠨᠵᠧᠨᠧᠷᠢᠩ ᠤᠨ ᠲᠥᠪ ᠪᠤᠶᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠴᠠᠩ ᠲᠠᠢ᠂ ᠡᠰᠡᠬᠦᠯ᠎ᠡ ᠤᠯᠤᠰ ᠤᠨ ᠳᠣᠲᠣᠭᠠᠳᠤ ᠶᠢᠨ ᠨᠠᠷᠠᠲᠤ ᠲᠤᠰᠬᠠᠢ ᠮᠡᠷᠭᠡᠵᠢᠯᠲᠡᠨ ᠢᠶᠠᠷ ᠭᠤᠣᠯ ᠪᠣᠯᠭᠠᠭᠰᠠᠨ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠪᠦᠯᠬᠦᠮ ᠲᠠᠢ ᠪᠠᠶᠢᠬᠤ ᠬᠡᠷᠡᠭᠲᠡᠢ᠃      ︵ᠶᠢᠰᠦ︶ ᠡᠭᠦᠷᠭᠡᠯᠡᠵᠦ ᠪᠦᠬᠦᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠲᠥᠷᠥᠯ ᠵᠦᠢᠯ ᠤᠨ ᠪᠡᠯᠡ ᠮᠥᠩᠭᠦ ᠶᠢ ᠲᠣᠭᠲᠠᠭᠠᠯ ᠶᠣᠰᠣᠭᠠᠷ  ᠬᠡᠷᠡᠭᠯᠡᠭᠰᠡᠨ ᠪᠠᠶᠢᠬᠤ ᠬᠡᠷᠡᠭᠲᠡᠢ᠃ ᠪᠡᠯᠡ ᠮᠥᠩᠭᠦ ᠬᠡᠷᠡᠭᠯᠡᠬᠦ ᠲᠣᠭᠲᠠᠭᠠᠯ ᠢ ᠵᠥᠷᠢᠴᠡᠭᠰᠡᠨ ᠠᠵᠤ ᠠᠬᠤᠶᠢᠯᠠᠯ ᠭᠤᠶᠤᠴᠢᠯᠠᠨ ᠮᠡᠳᠡᠭᠦᠯᠵᠦ ᠪᠣᠯᠬᠤ ᠦᠭᠡᠢ᠃      ᠬᠤᠶᠠᠷ᠂ ᠦᠨᠡᠯᠡᠬᠦ ᠠᠭᠤᠯᠭ᠎ᠠ      ︵ᠨᠢᠭᠡ︶ ᠡᠭᠦᠯᠳᠡᠷ ᠪᠣᠶᠢᠵᠢᠭᠤᠯᠬᠤ ᠪᠠᠶᠢᠭᠤᠯᠤᠮᠵᠢ ︵5 ᠬᠤᠪᠢ︶᠃ ᠠᠵᠤ ᠠᠬᠤᠶᠢᠯᠠᠯ ᠤᠨ ᠳᠣᠲᠣᠭᠠᠳᠤ ᠳᠤ ᠪᠠᠶᠢᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠯᠳᠡᠷ ᠪᠣᠶᠢᠵᠢᠭᠤᠯᠬᠤ ᠪᠠᠶᠢᠭᠤᠯᠤᠮᠵᠢ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ ᠲᠠᠢ ᠪᠡᠯᠡ ᠨᠡᠶᠢᠯᠡᠭᠦᠯᠦᠨ ᠪᠠᠶᠢᠭᠤᠯᠤᠭᠰᠠᠨ ᠡᠭᠦᠯᠳᠡᠷ ᠪᠣᠶᠢᠵᠢᠭᠤᠯᠬᠤ ᠪᠠᠶᠢᠭᠤᠯᠤᠮᠵᠢ᠂ ᠡᠰᠡᠬᠦᠯ᠎ᠡ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠥᠨ ᠤ ᠬᠢᠷᠢ ᠬᠡᠮ ᠲᠠᠢ ᠪᠦᠷᠢᠨ ᠪᠡᠯᠡᠳᠦ ᠡᠭᠦᠯᠳᠡᠷ ᠪᠣᠶᠢᠵᠢᠭᠤᠯᠬᠤ ᠪᠠᠶᠢᠭᠤᠯᠤᠮᠵᠢ ᠵᠡᠷᠭᠡ ᠶᠢ ᠵᠢᠭᠠᠵᠤ ᠪᠠᠶᠢᠨ᠎ᠠ᠃      1. ᠡᠭᠦᠯᠳᠡᠷ ᠪᠣᠶᠢᠵᠢᠭᠤᠯᠬᠤ ᠪᠠᠶᠢᠭᠤᠯᠤᠮᠵᠢ ᠶᠢ ᠵᠠᠯᠭᠠᠭ᠎ᠠ ᠪᠠᠷ 10 ᠵᠢᠯ ︵ᠪᠠᠭᠲᠠᠨ᠎ᠠ︶ ᠠᠴᠠ ᠳᠡᠭᠡᠭᠰᠢ ᠡᠵᠡᠩᠨᠡᠭᠰᠡᠨ ᠪᠠᠶᠢᠪᠠᠯ 5 ᠬᠤᠪᠢ ᠣᠯᠭᠤᠨ᠎ᠠ︔      2. ᠡᠭᠦᠯᠳᠡᠷ ᠪᠣᠶᠢᠵᠢᠭᠤᠯᠬᠤ ᠪᠠᠶᠢᠭᠤᠯᠤᠮᠵᠢ ᠶᠢ ᠵᠠᠯᠭᠠᠭ᠎ᠠ ᠪᠠᠷ 5 ᠵᠢᠯ ︵ᠪᠠᠭᠲᠠᠨ᠎ᠠ︶  ᠠᠴᠠ 10 ᠵᠢᠯ ᠡᠵᠡᠩᠨᠡᠭᠰᠡᠨ ᠪᠠᠶᠢᠪᠠᠯ 3 ᠬᠤᠪᠢ ᠣᠯᠭᠤᠨ᠎ᠠ︔      3. ᠡᠭᠦᠯᠳᠡᠷ ᠪᠣᠶᠢᠵᠢᠭᠤᠯᠬᠤ ᠪᠠᠶᠢᠭᠤᠯᠤᠮᠵᠢ ᠶᠢ ᠵᠠᠯᠭᠠᠭ᠎ᠠ ᠪᠠᠷ 3 ᠵᠢᠯ ︵ᠪᠠᠭᠲᠠᠨ᠎ᠠ︶  ᠠᠴᠠ 5 ᠵᠢᠯ ᠡᠵᠡᠩᠨᠡᠭᠰᠡᠨ ᠪᠠᠶᠢᠪᠠᠯ 1 ᠬᠤᠪᠢ ᠣᠯᠭᠤᠨ᠎ᠠ᠃      ︵ᠬᠤᠶᠠᠷ︶ ᠡᠭᠦᠯᠳᠡᠷ ᠪᠣᠶᠢᠵᠢᠭᠤᠯᠬᠤ ᠪᠦᠯᠬᠦᠮ ᠨᠡᠶᠢᠲᠡ ︵5 ᠬᠤᠪᠢ︶᠃ ᠡᠭᠦᠯᠳᠡᠷ ᠪᠣᠶᠢᠵᠢᠭᠤᠯᠬᠤ ᠪᠠᠶᠢᠭᠤᠯᠤᠮᠵᠢ ᠶᠢᠨ ᠳᠣᠲᠣᠷᠠᠬᠢ ᠡᠭᠦᠯᠳᠡᠷ ᠪᠣᠶᠢᠵᠢᠭᠤᠯᠬᠤ ᠠᠵᠢᠯ ᠢ ᠲᠤᠰᠬᠠᠶᠢᠯᠠᠨ ᠬᠢᠵᠦ ᠪᠠᠶᠢᠭ᠎ᠠ ᠡᠭᠦᠯᠳᠡᠷ ᠪᠣᠶᠢᠵᠢᠭᠤᠯᠬᠤ ᠲᠤᠰᠬᠠᠢ ᠮᠡᠷᠭᠡᠵᠢᠯᠲᠡᠨ ᠪᠠ ᠡᠭᠦᠯᠳᠡᠷ ᠪᠣᠶᠢᠵᠢᠭᠤᠯᠬᠤ ᠠᠵᠢᠯ ᠳᠤ ᠰᠢᠭᠤᠳ ᠣᠷᠣᠯᠴᠠᠵᠤ ᠪᠠᠶᠢᠭ᠎ᠠ ᠬᠤᠯᠪᠣᠭᠳᠠᠯ ᠪᠦᠬᠦᠢ ᠮᠡᠷᠭᠡᠵᠢᠯᠲᠡᠨ ᠢ ᠵᠢᠭᠠᠵᠤ ᠪᠠᠶᠢᠨ᠎ᠠ᠃      1. ᠡᠭᠦᠯᠳᠡᠷ ᠪᠣᠶᠢᠵᠢᠭᠤᠯᠬᠤ ᠮᠡᠷᠭᠡᠵᠢᠯ ᠤᠨ ᠪᠦᠯᠬᠦᠮ ᠤᠨ ᠪᠦᠷᠢᠯᠳᠦᠭᠦᠨ ᠤ ᠳ᠋ᠣᠺᠲ᠋ᠣᠷ ᠤᠨ ᠡᠷᠳᠡᠮ ᠤᠨ ᠴᠣᠯᠠ ᠲᠠᠢ ᠪᠤᠶᠤ ᠳᠡᠳ᠋ ᠳᠡᠭᠡᠳᠦ ᠵᠡᠷᠭᠡ ᠠᠴᠠ ᠳᠡᠭᠡᠭᠰᠢᠬᠢ ᠮᠡᠷᠭᠡᠵᠢᠯ ᠤᠨ ᠴᠣᠯᠠ ᠶᠢᠨ ᠡᠵᠡᠯᠡᠬᠦ ᠬᠠᠷᠢᠴᠠᠯ ᠨᠢ 30% ︵ᠪᠠᠭᠲᠠᠨ᠎ᠠ︶ ᠠᠴᠠ ᠳᠡᠭᠡᠭᠰᠢ ᠪᠠᠶᠢᠪᠠᠯ 5 ᠬᠤᠪᠢ ᠣᠯᠭᠤᠨ᠎ᠠ︔         2. ᠡᠭᠦᠯᠳᠡᠷ ᠪᠣᠶᠢᠵᠢᠭᠤᠯᠬᠤ ᠮᠡᠷᠭᠡᠵᠢᠯ ᠤᠨ ᠪᠦᠯᠬᠦᠮ ᠤᠨ ᠪᠦᠷᠢᠯᠳᠦᠭᠦᠨ ᠤ ᠳᠣᠲᠣᠷ᠎ᠠ ᠳ᠋ᠣᠺᠲ᠋ᠣᠷ᠂ ᠳᠡᠳ᠋ ᠥᠨᠳᠥᠷ ᠵᠡᠷᠭᠡ ᠶᠢᠨ ᠮᠡᠷᠭᠡᠵᠢᠯ ᠤᠨ ᠴᠤᠯᠠ ᠠᠴᠠ ᠳᠡᠭᠡᠭᠰᠢᠬᠢ ᠡᠭᠦᠯᠳᠡᠷ ᠪᠣᠶᠢᠵᠢᠭᠤᠯᠬᠤ ᠲᠤᠰᠬᠠᠢ ᠮᠡᠷᠭᠡᠵᠢᠯᠲᠡᠨ ᠤ ᠪᠦᠯᠬᠦᠮ ᠤᠨ ᠪᠦᠷᠢᠯᠳᠦᠭᠦᠨ ᠤ ᠡᠵᠡᠯᠡᠬᠦ ᠬᠠᠷᠢᠴᠠᠯ ᠨᠢ 20%  ᠠᠴᠠ ᠳᠡᠭᠡᠭᠰᠢ ︵ᠪᠠᠭᠲᠠᠨ᠎ᠠ︶ ᠪᠠᠶᠢᠵᠤ᠂30%  ᠠᠴᠠ ᠳᠣᠷᠣᠭᠰᠢ ᠪᠠᠶᠢᠪᠠᠯ 3 ᠬᠤᠪᠢ ᠣᠯᠭᠤᠨ᠎ᠠ︔      3. ᠡᠭᠦᠯᠳᠡᠷ ᠪᠣᠶᠢᠵᠢᠭᠤᠯᠬᠤ ᠮᠡᠷᠭᠡᠵᠢᠯ ᠤᠨ ᠪᠦᠯᠬᠦᠮ ᠤᠨ ᠪᠦᠷᠢᠯᠳᠦᠭᠦᠨ ᠤ ᠳᠣᠲᠣᠷ᠎ᠠ ᠳ᠋ᠣᠺᠲ᠋ᠣᠷ᠂ ᠳᠡᠳ᠋ ᠥᠨᠳᠥᠷ ᠵᠡᠷᠭᠡ ᠶᠢᠨ ᠮᠡᠷᠭᠡᠵᠢᠯ ᠤᠨ ᠴᠤᠯᠠ ᠠᠴᠠ ᠳᠡᠭᠡᠭᠰᠢᠬᠢ ᠡᠭᠦᠯᠳᠡᠷ ᠪᠣᠶᠢᠵᠢᠭᠤᠯᠬᠤ ᠲᠤᠰᠬᠠᠢ ᠮᠡᠷᠭᠡᠵᠢᠯᠲᠡᠨ ᠤ ᠪᠦᠯᠬᠦᠮ ᠤᠨ ᠪᠦᠷᠢᠯᠳᠦᠭᠦᠨ ᠤ ᠡᠵᠡᠯᠡᠬᠦ ᠬᠠᠷᠢᠴᠠᠯ ᠨᠢ 10%  ᠠᠴᠠ ᠳᠡᠭᠡᠭᠰᠢ ︵ᠪᠠᠭᠲᠠᠨ᠎ᠠ︶ ᠪᠠᠶᠢᠵᠤ᠂20%  ᠠᠴᠠ ᠳᠣᠷᠣᠭᠰᠢ ᠪᠠᠶᠢᠪᠠᠯ 2 ᠬᠤᠪᠢ ᠣᠯᠭᠤᠨ᠎ᠠ︔      4. ᠡᠭᠦᠯᠳᠡᠷ ᠪᠣᠶᠢᠵᠢᠭᠤᠯᠬᠤ ᠮᠡᠷᠭᠡᠵᠢᠯ ᠤᠨ ᠪᠦᠯᠬᠦᠮ ᠨᠡᠶᠢᠲᠡ ᠶᠢᠨ ᠪᠦᠷᠢᠯᠳᠦᠭᠦᠨ ᠤ ᠳᠣᠲᠣᠷ᠎ᠠ ᠳ᠋ᠣᠺᠲ᠋ᠣᠷ᠂ ᠳᠡᠳ᠋ ᠥᠨᠳᠥᠷ ᠵᠡᠷᠭᠡ ᠶᠢᠨ ᠮᠡᠷᠭᠡᠵᠢᠯ ᠤᠨ ᠴᠤᠯᠠ ᠠᠴᠠ ᠳᠡᠭᠡᠭᠰᠢᠬᠢ ᠡᠭᠦᠯᠳᠡᠷ ᠪᠣᠶᠢᠵᠢᠭᠤᠯᠬᠤ ᠲᠤᠰᠬᠠᠢ ᠮᠡᠷᠭᠡᠵᠢᠯᠲᠡᠨ ᠤ ᠪᠦᠯᠬᠦᠮ ᠨᠡᠶᠢᠲᠡ ᠶᠢᠨ ᠪᠦᠷᠢᠯᠳᠦᠭᠦᠨ ᠤ ᠡᠵᠡᠯᠡᠬᠦ ᠬᠠᠷᠢᠴᠠᠯ ᠨᠢ 10%  ᠠᠴᠠ ᠳᠣᠷᠣᠭᠰᠢ ᠪᠠᠶᠢᠪᠠᠯ ᠬᠤᠪᠢ ᠣᠯᠭᠤᠬᠤ ᠦᠭᠡᠢ᠃      ︵ᠭᠤᠷᠪᠠ︶ ᠡᠭᠦᠯᠳᠡᠷ ᠪᠣᠶᠢᠵᠢᠭᠤᠯᠬᠤ ᠰᠠᠭᠤᠷᠢ ᠨᠥᠬᠦᠴᠡᠯ ︵15 ᠬᠤᠪᠢ︶᠃ ᠠᠵᠤ ᠠᠬᠤᠶᠢᠯᠠᠯ ᠳᠤ ᠡᠭᠦᠯᠳᠡᠷ ᠪᠣᠶᠢᠵᠢᠭᠤᠯᠬᠤ ᠰᠠᠭᠤᠷᠢᠨ ᠭᠠᠵᠠᠷ᠂ ᠲᠤᠰᠠᠯᠠᠬᠤ ᠪᠡᠯᠡᠳᠬᠡᠮᠵᠢ᠂ ᠡᠭᠦᠯᠳᠡᠷ ᠪᠣᠶᠢᠵᠢᠭᠤᠯᠬᠤ ᠬᠡᠮᠵᠢᠭᠦᠷᠯᠢᠭ ᠲᠥᠬᠦᠭᠡᠷᠦᠮᠵᠢ ᠪᠠ ᠡᠭᠦᠯᠳᠡᠷ ᠪᠤᠶᠤ ᠡᠭᠦᠯᠳᠡᠷ ᠤᠨ ᠰᠢᠰᠲ᠋ᠧᠮ ᠤᠨ ᠭᠤᠣᠯᠯᠠᠬᠤ ᠰᠦᠷᠦᠭᠵᠢᠯ ᠢ ᠪᠣᠶᠢᠵᠢᠭᠤᠯᠤᠭᠰᠠᠨ ᠪᠠᠶᠢᠳᠠᠯ ᠢ ᠵᠢᠭᠠᠵᠤ ᠪᠣᠶ᠃      1. ᠡᠭᠦᠯᠳᠡᠷ ᠪᠣᠶᠢᠵᠢᠭᠤᠯᠬᠤ ᠰᠠᠭᠤᠷᠢᠨ ᠭᠠᠵᠠᠷ ︵10 ᠬᠤᠪᠢ︶      ︵1︶ ᠪᠤᠬ᠎ᠠ ᠶᠢᠨ ᠦᠷᠳᠡᠭᠡ ᠲᠠᠢ ᠬᠠᠮᠲᠤᠷᠠᠨ ᠡᠭᠦᠯᠳᠡᠷ ᠪᠣᠶᠢᠵᠢᠭᠤᠯᠬᠤ ᠬᠠᠮᠵᠢᠯᠴᠠᠭᠠᠨ ᠤ ᠲᠣᠭᠲᠠᠪᠤᠷᠢᠲᠠᠢ ᠬᠠᠷᠢᠴᠠᠭ᠎ᠠ ᠪᠠᠶᠢᠭᠤᠯᠪᠠᠯ 1 ᠬᠤᠪᠢ ᠣᠯᠭᠤᠨ᠎ᠠ︔         ︵2︶ ᠲᠣᠰ ᠲᠠᠯᠠᠪᠠᠶ ᠶᠢᠨ ᠭᠤᠣᠯ ᠡᠬᠡ ᠮᠠᠯ ᠤᠨ ᠰᠦᠷᠦᠭ ᠢ ᠰᠣᠩᠭᠤᠬᠤ ᠪᠠᠷᠢᠮᠵᠢᠶ᠎ᠠ ᠶᠢ ᠲᠣᠭᠲᠠᠭᠠᠵᠤ᠂ ᠰᠢᠰᠲ᠋ᠧᠮ ᠲᠠᠢ ᠰᠣᠩᠭᠤᠨ ᠪᠣᠶᠢᠵᠢᠭᠤᠯᠬᠤ ᠪᠠ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠂ ᠭᠧᠨ ᠤ ᠪᠦᠯᠦᠭ ᠢ ᠪᠠᠶᠢᠴᠠᠭᠠᠨ ᠰᠢᠯᠭᠠᠬᠤ ᠠᠵᠢᠯ ᠳᠤ ᠬᠠᠮᠵᠢᠯᠴᠠᠪᠠᠯ 1 ᠬᠤᠪᠢ ᠣᠯᠭᠤᠨ᠎ᠠ︔      ︵3︶ ᠤᠳᠤᠮ ᠤᠨ ᠴᠠᠳᠢᠭ᠂ ᠦᠷᠡᠵᠢᠯ᠂ ᠡᠪᠡᠳᠴᠢᠨ ᠡᠮᠭᠡᠭ ᠢ ᠡᠮᠨᠡᠨ ᠵᠠᠰᠠᠬᠤ ᠵᠡᠷᠭᠡ ᠮᠡᠳᠡᠭᠡ ᠵᠠᠩᠭᠢ᠂ ᠭᠤᠣᠯᠯᠠᠭᠴᠢ ᠰᠦᠷᠦᠭ ᠤᠨ ᠥᠰᠦᠯᠲᠡ ᠪᠤᠶᠢᠵᠢᠯᠲᠠ ᠪᠠ ᠪᠡᠶ᠎ᠡ ᠶᠢᠨ ᠬᠡᠯᠪᠡᠷᠢ ᠶᠢᠨ ᠬᠢᠨᠠᠨ ᠲᠣᠭᠲᠠᠭᠠᠯᠲᠠ ᠵᠡᠷᠭᠡ ᠲᠤᠭ᠎ᠠ ᠪᠠᠷᠢᠮᠲᠠ ᠶᠢ ᠴᠤᠭᠯᠠᠭᠤᠯᠬᠤ ᠪᠠ ᠲᠡᠮᠳᠡᠭᠯᠡᠬᠦ ᠶᠢ ᠵᠢᠷᠤᠮᠵᠢᠭᠤᠯᠵᠤ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠪᠡᠶᠡᠯᠡᠭᠦᠯᠪᠡᠯ 2 ᠬᠤᠪᠢ ᠣᠯᠭᠤᠨ᠎ᠠ︔      ︵4︶ 3 ᠵᠢᠯ ᠪᠣᠯᠭᠠᠨ ᠳᠤ ᠪᠤᠬ᠎ᠠ ᠶᠢᠨ ᠥᠷᠲᠡᠭᠡ ᠳᠤ 20 ︵ᠪᠠᠭᠲᠠᠨ᠎ᠠ︶  ᠠᠴᠠ ᠳᠡᠭᠡᠭᠰᠢ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠪᠤᠬ᠎ᠠ ᠶᠢ ᠬᠠᠩᠭᠠᠪᠠᠯ 6 ᠬᠤᠪᠢ ᠣᠯᠭᠤᠨ᠎ᠠ︔ 10 ᠲᠣᠯᠣᠭᠠᠢ ︵ᠪᠠᠭᠲᠠᠨ᠎ᠠ︶  ᠠᠴᠠ 20 ᠲᠣᠯᠣᠭᠠᠢ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠪᠤᠬ᠎ᠠ ᠶᠢ ᠬᠠᠩᠭᠠᠪᠠᠯ 4 ᠬᠤᠪᠢ ᠣᠯᠭᠤᠨ᠎ᠠ︔ 5 ᠲᠣᠯᠣᠭᠠᠢ ︵ᠪᠠᠭᠲᠠᠨ᠎ᠠ︶  ᠠᠴᠠ 10 ᠲᠣᠯᠣᠭᠠᠢ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠪᠤᠬ᠎ᠠ ᠶᠢ ᠬᠠᠩᠭᠠᠪᠠᠯ 2 ᠬᠤᠪᠢ ᠣᠯᠭᠤᠨ᠎ᠠ︔ 5 ᠲᠣᠯᠣᠭᠠᠢ ᠠᠴᠠ ᠳᠣᠷᠣᠭᠰᠢ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠪᠤᠬ᠎ᠠ ᠶᠢ ᠬᠠᠩᠭᠠᠪᠠᠯ 1 ᠬᠤᠪᠢ ᠣᠯᠭᠤᠨ᠎ᠠ᠃      2. ᠡᠭᠦᠯᠳᠡᠷ ᠪᠣᠶᠢᠵᠢᠭᠤᠯᠬᠤ ᠬᠡᠮᠵᠢᠭᠦᠷᠯᠢᠭ ᠲᠥᠬᠦᠭᠡᠷᠦᠮᠵᠢ ︵5 ᠬᠤᠪᠢ︶      ︵1︶ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠠᠭᠠᠳᠯᠠᠨ ᠲᠣᠭᠲᠠᠭᠠᠭᠰᠠᠨ DHI ᠪᠠᠶᠢᠴᠠᠭᠠᠨ ᠰᠢᠯᠭᠠᠬᠤ ᠲᠥᠪ ᠲᠠᠢ ᠪᠤᠶᠤ ᠮᠠᠭᠠᠳᠯᠠᠨ ᠲᠣᠭᠲᠠᠭᠠᠭᠰᠠᠨ DHI ᠪᠠᠶᠢᠴᠠᠭᠠᠨ ᠰᠢᠯᠭᠠᠬᠤ ᠲᠥᠪ ᠲᠠᠢ ᠲᠣᠭᠲᠠᠮᠠᠯ ᠬᠠᠮᠲᠤᠷᠠᠯᠴᠠᠭᠠᠨ ᠤ ᠬᠠᠷᠢᠴᠠᠭ᠎ᠠ ᠲᠠᠢ ᠪᠠᠶᠢᠪᠠᠯ 3 ᠬᠤᠪᠢ ᠣᠯᠣᠨ᠎ᠠ᠃      ︵2︶ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠭᠤᠣᠯ ᠲᠥᠬᠦᠭᠡᠷᠦᠮᠵᠢ᠄ ᠪᠡᠶ᠎ᠡ ᠶᠢᠨ ᠬᠡᠮᠵᠢᠶ᠎ᠡ᠂ ᠪᠡᠶ᠎ᠡ ᠶᠢᠨ ᠬᠦᠨᠳᠦ ᠶᠢ ᠬᠡᠮᠵᠢᠬᠦ ᠰᠢᠰᠲ᠋ᠧᠮ ᠲᠠᠢ ᠪᠣᠯ 2 ᠬᠤᠪᠢ ᠣᠯᠭᠤᠨ᠎ᠠ᠃      ︵ᠳᠥᠷᠪᠡ︶ ᠡᠭᠦᠯᠳᠡᠷ ᠪᠣᠶᠢᠵᠢᠭᠤᠯᠬᠤ ᠣᠷᠣᠭᠤᠯᠤᠯᠲᠠ ︵5 ᠬᠤᠪᠢ︶᠃ ᠠᠵᠤ ᠠᠬᠤᠶᠢᠯᠠᠯ ᠤᠨ ᠣᠶᠢᠷ᠎ᠠ ᠶᠢᠨ 3 ᠵᠢᠯ ᠳᠤ ᠡᠭᠦᠯᠳᠡᠷ ᠪᠣᠶᠢᠵᠢᠭᠤᠯᠬᠤ ᠳᠤ ᠬᠡᠷᠡᠭᠯᠡᠬᠦ ᠰᠢᠭᠤᠳ ᠣᠷᠣᠭᠤᠯᠤᠯᠲᠠ ᠶᠢ ᠵᠢᠭᠠᠵᠤ ᠪᠠᠶᠢᠨ᠎ᠠ᠃      1. ᠣᠶᠢᠷ᠎ᠠ ᠶᠢᠨ 3 ᠵᠢᠯ ᠳᠤ ᠡᠭᠦᠯᠳᠡᠷ ᠪᠣᠶᠢᠵᠢᠭᠤᠯᠬᠤ ᠣᠷᠣᠭᠤᠯᠤᠯᠲᠠ ᠨᠢ 1000 ᠲᠦᠮᠡᠨ ᠲᠥᠭᠦᠷᠢᠭ ︵ᠪᠠᠭᠲᠠᠨ᠎ᠠ︶ ᠠᠴᠠ ᠶᠡᠭᠡ ᠪᠠᠶᠢᠪᠠᠯ 5 ᠬᠤᠪᠢ ᠣᠯᠭᠤᠨ᠎ᠠ︔      2. ᠣᠶᠢᠷ᠎ᠠ ᠶᠢᠨ 3 ᠵᠢᠯ ᠳᠤ ᠡᠭᠦᠯᠳᠡᠷ ᠪᠣᠶᠢᠵᠢᠭᠤᠯᠬᠤ ᠣᠷᠣᠭᠤᠯᠤᠯᠲᠠ ᠨᠢ 500 ᠲᠦᠮᠡᠨ ᠲᠥᠭᠦᠷᠢᠭ ︵ᠪᠠᠭᠲᠠᠨ᠎ᠠ︶ ᠠᠴᠠ 1000 ᠲᠦᠮᠡᠨ ᠲᠥᠭᠦᠷᠢᠭ ᠪᠠᠶᠢᠪᠠᠯ 3 ᠬᠤᠪᠢ ᠣᠯᠭᠤᠨ᠎ᠠ︔      3. ᠣᠶᠢᠷ᠎ᠠ ᠶᠢᠨ 3 ᠵᠢᠯ ᠳᠤ ᠡᠭᠦᠯᠳᠡᠷ ᠪᠣᠶᠢᠵᠢᠭᠤᠯᠬᠤ ᠣᠷᠣᠭᠤᠯᠤᠯᠲᠠ ᠨᠢ 500 ᠲᠦᠮᠡᠨ ᠲᠥᠭᠦᠷᠢᠭ ᠠᠴᠠ ᠪᠠᠭ᠎ᠠ ᠪᠠᠶᠢᠪᠠᠯ 2 ᠬᠤᠪᠢ ᠣᠯᠭᠤᠨ᠎ᠠ᠃      ︵ᠲᠠᠪᠤ︶ ᠡᠭᠦᠯᠳᠡᠷ ᠪᠣᠶᠢᠵᠢᠭᠤᠯᠬᠤ ᠰᠠᠭᠤᠷᠢ ᠠᠵᠢᠯ ︵10 ᠬᠤᠪᠢ︶᠃ ᠲᠣᠰ ᠲᠥᠷᠥᠯ ᠵᠦᠢᠯ ᠤᠨ ᠳᠣᠲᠣᠷ᠎ᠠ ᠲᠥᠷᠥᠯ ᠵᠦᠢᠯ ᠢ ᠳᠠᠩᠰᠠᠯᠠᠬᠤ᠂ ᠬᠤᠶᠢᠴᠢ ᠦᠶ᠎ᠡ ᠶᠢ ᠬᠡᠮᠵᠢᠨ ᠲᠣᠭᠲᠠᠭᠠᠬᠤ᠂ DHI ᠬᠡᠮᠵᠢᠨ ᠲᠣᠭᠲᠠᠭᠠᠬᠤ ᠶᠢ ᠵᠢᠷᠤᠮᠵᠢᠭᠤᠯᠤᠨ ᠦᠷᠭᠦᠯᠵᠢᠯᠡᠨ ᠥᠷᠨᠢᠭᠦᠯᠬᠦ ᠶᠢ ᠵᠢᠭᠠᠵᠤ ᠪᠠᠶᠢᠨ᠎ᠠ᠃      1. ᠬᠡᠮᠵᠢᠨ ᠲᠣᠭᠲᠠᠭᠠᠬᠤ ᠳᠦᠷᠢᠮ ᠨᠢ ᠦᠨᠡᠨᠬᠦ ᠶᠠᠪᠤᠭᠳᠠᠭᠤᠰᠢᠲᠠᠢ ᠪᠥᠭᠡᠳ ᠦᠷᠭᠦᠯᠵᠢᠯᠡᠨ 2 ᠵᠢᠯ ᠠᠴᠠ ᠳᠡᠭᠡᠭᠰᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠤᠭ᠎ᠠ ᠪᠠᠷᠢᠮᠲᠠ ᠶᠢ ᠰᠢᠩᠭᠡᠬᠡᠨ ᠤᠷᠤᠭᠤᠯᠵᠤ᠂ ᠡᠮᠬᠢᠯᠡᠵᠦ᠂ ᠬᠡᠮᠵᠢᠨ ᠲᠣᠭᠲᠠᠭᠠᠭᠰᠠᠨ ᠲᠤᠭ᠎ᠠ ᠪᠠᠷᠢᠮᠲᠠ ᠶᠢ ᠬᠡᠷᠡᠭᠯᠡᠨ ᠰᠣᠩᠭᠤᠨ ᠪᠣᠶᠢᠵᠢᠭᠤᠯᠵᠤ ᠳᠡᠶᠢᠯᠪᠡᠯ 2 ᠬᠤᠪᠢ ᠣᠯᠭᠤᠨ᠎ᠠ᠃      2. ᠡᠭᠦᠯᠳᠡᠷ ᠲᠡᠮᠳᠡᠭᠯᠡᠬᠦ᠂ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠵᠡᠷᠭᠡ ᠡᠭᠦᠯᠳᠡᠷ ᠪᠣᠶᠢᠵᠢᠭᠤᠯᠬᠤ ᠠᠵᠢᠯ ᠢ ᠵᠢᠷᠤᠮᠵᠢᠭᠤᠯᠤᠨ ᠦᠷᠨᠢᠭᠦᠯᠦᠭᠰᠡᠨ ᠪᠠᠶᠢᠪᠠᠯ 2 ᠬᠤᠪᠢ ᠣᠯᠭᠤᠨ᠎ᠠ᠃      3. ᠪᠡᠶ᠎ᠡ ᠶᠢᠨ ᠬᠡᠯᠪᠡᠷᠢ ᠳᠦᠷᠰᠦ ᠶᠢ ᠬᠢᠨᠠᠨ ᠲᠣᠭᠲᠠᠭᠠᠵᠤ ᠦᠷ᠎ᠡ ᠪᠣᠶᠢᠵᠢᠭᠤᠯᠬᠤ ᠠᠵᠢᠯ ᠢ ᠵᠢᠷᠤᠮᠵᠢᠭᠤᠯᠤᠨ ᠦᠷᠨᠢᠭᠦᠯᠦᠭᠰᠡᠨ ᠪᠠᠶᠢᠪᠠᠯ 2 ᠬᠤᠪᠢ ᠣᠯᠭᠤᠨ᠎ᠠ᠃      4. ᠠᠳᠠᠯᠢ ᠪᠤᠰᠤ ᠰᠠᠷ᠎ᠠ ᠶᠢᠨ ᠨᠠᠰᠤᠨ ᠤ ᠪᠡᠶ᠎ᠡ ᠶᠢᠨ ᠬᠡᠮᠵᠢᠶ᠎ᠡ᠂ ᠪᠡᠶ᠎ᠡ ᠶᠢᠨ ᠬᠦᠨᠳᠦ ᠶᠢ ᠬᠡᠮᠵᠢᠨ ᠲᠣᠭᠲᠠᠭᠠᠬᠤ ᠶᠢ ᠵᠢᠷᠤᠮᠵᠢᠭᠤᠯᠤᠨ ᠦᠷᠨᠢᠭᠦᠯᠦᠭᠰᠡᠨ ᠪᠠᠶᠢᠪᠠᠯ 1 ᠬᠤᠪᠢ ᠣᠯᠭᠤᠨ᠎ᠠ᠃      5. ᠬᠤᠯᠠᠨᠳ᠋ ᠤᠨ ᠦᠬᠡᠷ᠂ ᠰᠦ ᠮᠢᠬ᠎ᠠ ᠶᠢ ᠬᠠᠪᠰᠤᠷᠭᠠᠨ ᠬᠡᠷᠡᠭᠯᠡᠬᠦ ᠰᠢᠮᠧᠨ᠋ᠲ᠋ᠠᠷ ᠦᠬᠡᠷ ᠤᠨ ᠵᠢᠯ ᠪᠦᠷᠢ ᠶᠢᠨ ᠬᠤᠶᠢᠴᠢ ᠦᠶ᠎ᠡ ᠪᠠᠷ ᠬᠡᠮᠵᠢᠨ ᠲᠣᠭᠲᠠᠭᠠᠭᠰᠠᠨ ᠪᠡᠯᠡᠳᠬᠡᠯ ᠡᠭᠦᠯᠳᠡᠷ ᠤᠨ ᠪᠤᠬ᠎ᠠ ᠶᠢ 10 ᠲᠣᠯᠣᠭᠠᠢ︵ᠪᠠᠭᠲᠠᠨ᠎ᠠ︶ ᠠᠴᠠ ᠳᠡᠭᠡᠭᠰᠢ ᠪᠠᠶᠢᠯᠭᠠᠬᠤ ᠪᠤᠶᠤ ᠰᠠᠨ ᠾᠧ ᠦᠬᠡᠷ ᠤᠨ ᠵᠢᠯ ᠪᠦᠷᠢ ᠶᠢᠨ ᠬᠤᠶᠢᠴᠢ ᠦᠶ᠎ᠡ ᠪᠠᠷ ᠬᠡᠮᠵᠢᠨ ᠲᠣᠭᠲᠠᠭᠠᠭᠰᠠᠨ ᠪᠡᠯᠡᠳᠬᠡᠯ ᠡᠭᠦᠯᠳᠡᠷ ᠤᠨ ᠪᠤᠬ᠎ᠠ ᠶᠢ 5 ᠲᠣᠯᠣᠭᠠᠢ ︵ᠪᠠᠭᠲᠠᠨ᠎ᠠ︶ ᠠᠴᠠ ᠳᠡᠭᠡᠭᠰᠢ ᠪᠠᠶᠢᠯᠭᠠᠪᠠᠯ 3 ᠬᠤᠪᠢ ᠣᠯᠭᠤᠨ᠎ᠠ᠃ ᠬᠤᠯᠠᠨᠳ᠋ ᠤᠨ ᠦᠬᠡᠷ᠂ ᠰᠦ ᠮᠢᠬ᠎ᠠ ᠶᠢ ᠬᠠᠪᠰᠤᠷᠭᠠᠨ ᠬᠡᠷᠡᠭᠯᠡᠬᠦ ᠰᠢᠮᠧᠨ᠋ᠲ᠋ᠠᠷ ᠦᠬᠡᠷ ᠤᠨ ᠵᠢᠯ ᠪᠦᠷᠢ  ᠶᠢᠨ ᠬᠤᠶᠢᠴᠢ ᠦᠶ᠎ᠡ  ᠶᠢᠨ ᠬᠡᠮᠵᠢᠯᠲᠡ  ᠶᠢᠨ ᠪᠡᠯᠡᠳᠬᠡᠯ ᠡᠭᠦᠯᠳᠡᠷ ᠤᠨ ᠪᠤᠬ᠎ᠠ ᠨᠢ 3 ᠲᠣᠯᠣᠭᠠᠢ ︵ᠪᠠᠭᠲᠠᠨ᠎ᠠ︶ ᠠᠴᠠ 10 ᠲᠣᠯᠣᠭᠠᠢ᠂ ᠡᠰᠡᠬᠦᠯ᠎ᠡ ᠰᠠᠨ ᠾᠧ ᠦᠬᠡᠷ ᠤᠨ ᠵᠢᠯ ᠪᠦᠷᠢ  ᠶᠢᠨ ᠬᠤᠶᠢᠴᠢ ᠦᠶ᠎ᠡ  ᠶᠢᠨ ᠬᠡᠮᠵᠢᠯᠲᠡ  ᠶᠢᠨ ᠪᠡᠯᠡᠳᠬᠡᠯ ᠡᠭᠦᠯᠳᠡᠷ ᠤᠨ ᠪᠤᠬ᠎ᠠ ᠨᠢ 2 ᠲᠣᠯᠣᠭᠠᠢ ︵ᠪᠠᠭᠲᠠᠨ᠎ᠠ︶ ᠠᠴᠠ 5 ᠲᠣᠯᠣᠭᠠᠢ ᠪᠠᠶᠢᠪᠠᠯ 2 ᠬᠤᠪᠢ ᠣᠯᠭᠤᠨ᠎ᠠ᠃      ︵ᠵᠢᠷᠭᠤᠭ᠎ᠠ︶ ᠡᠭᠦᠯᠳᠡᠷ ᠪᠣᠶᠢᠵᠢᠭᠤᠯᠬᠤ ᠮᠠᠲ᠋ᠧᠷᠢᠶᠠᠯ ︵10 ᠬᠤᠪᠢ︶᠃ ᠠᠵᠤ ᠠᠬᠤᠶᠢᠯᠠᠯ ᠤᠨ ᠥᠪᠡᠷ ᠤᠨ ᠪᠠᠶᠢᠭ᠎ᠠ ᠦᠷ᠎ᠡ ᠶᠢᠨ ᠴᠢᠨᠠᠷ ᠤᠨ ᠡᠬᠢ ᠪᠠᠶᠠᠯᠢᠭ ᠪᠤᠶᠤ ᠤᠯᠤᠰ᠂ ᠮᠤᠵᠢ ᠶᠢᠨ ᠱᠠᠲᠤᠨ ᠤ ᠣᠷᠣᠨ ᠪᠦᠰᠡ᠂ ᠠᠵᠢᠯ ᠲᠥᠷᠥᠯ ᠤᠨ ᠬᠤᠯᠪᠣᠭ᠎ᠠ ᠶᠢᠨ ᠲᠤᠷᠰᠢᠯᠲᠠ᠂ ᠬᠢᠨᠠᠨ ᠲᠣᠭᠲᠠᠭᠠᠯᠲᠠ ᠶᠢᠨ ᠲᠤᠷᠰᠢᠯᠲᠠ ᠳᠤ ᠣᠷᠣᠯᠴᠠᠭᠰᠠᠨ ᠡᠭᠦᠯᠳᠡᠷ ᠤᠨ ᠰᠢᠰᠲ᠋ᠧᠮ ᠪᠤᠶᠤ ᠦᠷ᠎ᠡ  ᠶᠢᠨ ᠴᠢᠨᠠᠷ ᠤᠨ ᠡᠬᠢ ᠪᠠᠶᠠᠯᠢᠭ ᠢ ᠵᠢᠭᠠᠵᠤ ᠪᠣᠶ᠃      1. 3 ᠵᠢᠯ ᠳᠠᠷᠠᠭᠠᠯᠠᠨ ᠡᠭᠦᠯᠳᠡᠷ ᠤᠨ ᠦᠬᠡᠷ ᠪᠣᠶᠢᠵᠢᠭᠤᠯᠬᠤ ᠠᠵᠢᠯ ᠢ ᠲᠠᠰᠤᠯᠳᠠᠭᠤᠯᠤᠭᠰᠠᠨ ᠦᠭᠡᠢ᠂ ᠵᠢᠯ ᠪᠦᠷᠢ ᠶᠢᠨ ᠰᠢᠨ᠎ᠡ ᠪᠠᠷ ᠨᠡᠮᠡᠭᠳᠡᠭᠰᠡᠨ ᠥᠷᠲᠡᠭᠡᠨ ᠳᠤ ᠣᠷᠣᠭᠤᠯᠬᠤ ᠪᠡᠯᠡᠳᠬᠡᠯ ᠡᠭᠦᠯᠳᠡᠷ ᠤᠨ ᠪᠤᠬ᠎ᠠ ᠶᠢ 20  ᠠᠴᠠ ᠳᠣᠣᠷ᠎ᠠ ᠪᠠᠶᠢᠯᠭᠠᠬᠤ ᠦᠭᠡᠢ᠂ ᠡᠰᠡᠬᠦᠯ᠎ᠡ ᠡᠭᠦᠯᠳᠡᠷ ᠪᠣᠶᠢᠵᠢᠭᠤᠯᠬᠤ ᠰᠠᠭᠤᠷᠢᠨ ᠭᠠᠵᠠᠷ ᠤᠨ ᠰᠢᠨ᠎ᠡ ᠪᠠᠷ ᠨᠡᠮᠡᠭᠳᠡᠭᠰᠡᠨ ᠡᠭᠦᠯᠳᠡᠷ ᠤᠨ ᠦᠨᠢᠶ᠎ᠡ ᠶᠢ 200  ᠠᠴᠠ ᠳᠣᠣᠷ᠎ᠠ ᠪᠠᠶᠢᠯᠭᠠᠬᠤ ᠦᠭᠡᠢ ᠪᠣᠯ 5 ᠬᠤᠪᠢ ᠣᠯᠭᠤᠨ᠎ᠠ︔ ᠵᠢᠯ ᠪᠦᠷᠢ ᠥᠷᠲᠡᠭᠡᠨ ᠳᠤ ᠣᠷᠣᠭᠤᠯᠬᠤ ᠪᠡᠯᠡᠳᠬᠡᠯ ᠡᠭᠦᠯᠳᠡᠷ ᠤᠨ ᠪᠤᠬ᠎ᠠ ᠶᠢ 10 ︵ᠪᠠᠭᠲᠠᠨ᠎ᠠ︶  ᠠᠴᠠ 20 ᠲᠣᠯᠣᠭᠠᠢ ᠰᠢᠨ᠎ᠡ ᠪᠠᠷ ᠨᠡᠮᠡᠭᠳᠡᠭᠦᠯᠬᠦ ᠪᠤᠶᠤ ᠡᠭᠦᠯᠳᠡᠷ ᠪᠣᠶᠢᠵᠢᠭᠤᠯᠬᠤ ᠰᠠᠭᠤᠷᠢᠨ ᠭᠠᠵᠠᠷ ᠲᠤ ᠡᠭᠦᠯᠳᠡᠷ ᠤᠨ ᠦᠨᠢᠶ᠎ᠡ ᠶᠢ 100 ︵ᠪᠠᠭᠲᠠᠨ᠎ᠠ︶  ᠠᠴᠠ 200 ᠲᠣᠯᠣᠭᠠᠢ ᠰᠢᠨ᠎ᠡ ᠪᠠᠷ ᠨᠡᠮᠡᠭᠳᠡᠭᠦᠯᠪᠡᠯ 3 ᠬᠤᠪᠢ ᠣᠯᠭᠤᠨ᠎ᠠ︔ ᠵᠢᠯ ᠪᠦᠷᠢ ᠶᠢᠨ ᠰᠢᠨ᠎ᠡ ᠪᠠᠷ ᠨᠡᠮᠡᠭᠳᠡᠭᠰᠡᠨ ᠥᠷᠲᠡᠭᠡᠨ ᠳᠤ ᠣᠷᠣᠭᠤᠯᠬᠤ ᠪᠡᠯᠡᠳᠬᠡᠯ ᠡᠭᠦᠯᠳᠡᠷ ᠤᠨ ᠪᠤᠬ᠎ᠠ 10 ᠲᠣᠯᠣᠭᠠᠢ  ᠠᠴᠠ ᠳᠣᠣᠷ᠎ᠠ ᠪᠠᠶᠢᠬᠤ ᠪᠤᠶᠤ ᠡᠭᠦᠯᠳᠡᠷ ᠪᠣᠶᠢᠵᠢᠭᠤᠯᠬᠤ ᠰᠠᠭᠤᠷᠢᠨ ᠭᠠᠵᠠᠷ ᠤᠨ ᠰᠢᠨ᠎ᠡ ᠪᠠᠷ ᠨᠡᠮᠡᠭᠳᠡᠭᠰᠡᠨ ᠡᠭᠦᠯᠳᠡᠷ ᠤᠨ ᠦᠨᠢᠶ᠎ᠡ 100 ᠲᠣᠯᠣᠭᠠᠢ  ᠠᠴᠠ ᠳᠣᠣᠷ᠎ᠠ ᠪᠠᠶᠢᠪᠠᠯ 1 ᠬᠤᠪᠢ ᠣᠯᠭᠤᠨ᠎ᠠ᠃      2. ᠬᠤᠯᠠᠨᠳ᠋ ᠤᠨ ᠦᠬᠡᠷ ᠵᠢᠯ ᠪᠦᠷᠢ 1.5 ᠲᠦᠮᠡ ᠠᠴᠠ ᠳᠣᠣᠷ᠎ᠠ ᠦᠭᠡᠢ ᠰᠠᠭᠠᠯᠢ ᠶᠢᠨ ᠦᠨᠢᠶ᠎ᠡ ᠶᠢᠨ ᠦᠢᠯᠡᠳᠪᠦᠷᠢᠯᠡᠬᠦ ᠴᠢᠳᠠᠪᠤᠷᠢ ᠶᠢ ᠬᠡᠮᠵᠢᠨ ᠲᠣᠭᠲᠠᠭᠠᠬᠤ ᠴᠢᠳᠠᠪᠤᠷᠢ ᠶᠢ ᠪᠡᠶᠡᠯᠡᠭᠦᠯᠵᠦ᠂ ᠰᠠᠭᠠᠯᠢ ᠶᠢᠨ ᠦᠨᠢᠶ᠎ᠡ ᠨᠢᠭᠡᠪᠦᠷᠢ ᠶᠢᠨ ᠰᠦ ᠰᠢᠭᠦᠷᠡᠭᠦᠯᠬᠦ ᠬᠤᠭᠤᠴᠠᠭᠠᠨ ᠳᠤ DHI ᠬᠡᠮᠵᠢᠨ ᠲᠣᠭᠲᠠᠭᠠᠬᠤ ᠤᠳᠠᠭ᠎ᠠ ᠶᠢ 5 ᠤᠳᠠᠭ᠎ᠠ ᠠᠴᠠ ᠳᠣᠣᠷ᠎ᠠ ᠦᠭᠡᠢ ᠪᠠᠶᠢᠯᠭᠠᠪᠠᠯ᠂ 5 ᠬᠤᠪᠢ ᠣᠯᠭᠤᠨ᠎ᠠ︔ ᠰᠦ ᠮᠢᠬ᠎ᠠ ᠶᠢ ᠬᠠᠪᠰᠤᠷᠭᠠᠨ ᠬᠡᠷᠡᠭᠯᠡᠬᠦ ᠬᠡᠯᠪᠡᠷᠢ ᠶᠢᠨ ᠰᠢᠮᠧᠨ᠋ᠲ᠋ᠠᠷ ᠦᠬᠡᠷ ᠵᠢᠴᠢ ᠰᠠᠨ ᠾᠧ ᠦᠬᠡᠷ ᠢ ᠤᠯᠤᠰ ᠤᠨ ᠪᠤᠶᠤ ᠠᠯᠠᠰᠢᠨ ᠦᠬᠡᠷ ᠤᠨ ᠠᠵᠤ ᠦᠢᠯᠡᠰ ᠤᠨ ᠰᠢᠰᠲ᠋ᠧᠮᠵᠢ ᠶᠢᠨ ᠲᠣᠭᠲᠠᠭᠠᠭᠰᠠᠨ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠳᠦᠷᠢᠮ ᠢᠶᠠᠷ ᠬᠡᠮᠵᠢᠨ ᠲᠣᠭᠲᠠᠭᠠᠪᠠᠯ 5 ᠬᠤᠪᠢ ᠣᠯᠭᠤᠨ᠎ᠠ᠃ ᠳᠡᠭᠡᠷᠡᠬᠢ ᠨᠡᠶᠢᠲᠡ 5 ᠬᠤᠪᠢ  ᠠᠴᠠ ᠬᠡᠲᠦᠷᠡᠵᠦ ᠪᠣᠯᠬᠤ ᠦᠭᠡᠢ᠃      ︵ᠳᠣᠯᠤᠭ᠎ᠠ︶ ᠡᠭᠦᠯᠳᠡᠷ ᠪᠣᠶᠢᠵᠢᠭᠤᠯᠤᠭᠰᠠᠨ ᠦᠷ᠎ᠡ ᠪᠦᠲᠦᠭᠡᠯ ︵30 ᠬᠤᠪᠢ︶᠃ ᠣᠶᠢᠷ᠎ᠠ ᠶᠢᠨ 5 ᠵᠢᠯ ᠳᠤ ᠠᠵᠤ ᠠᠬᠤᠶᠢᠯᠠᠯ ᠤᠨ ᠣᠯᠣᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ︵ᠨᠢᠭᠡᠳᠦᠭᠡᠷ ᠪᠡᠶᠡᠯᠡᠭᠦᠯᠦᠭᠰᠡᠨ ᠨᠢᠭᠡᠴᠡ ᠪᠤᠶᠤ ᠨᠢᠭᠡᠳᠦᠭᠡᠷ ᠪᠡᠶᠡᠯᠡᠭᠦᠯᠦᠭᠴᠢ ᠶᠢᠨ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ᠂ ᠦᠨᠡᠯᠡᠨ ᠵᠢᠱᠢᠯᠲᠡ᠂ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠲᠥᠷᠥᠯ ᠵᠦᠢᠯ ᠪᠤᠶᠤ ᠦᠷ᠎ᠡ ᠶᠢᠨ ᠴᠢᠨᠠᠷ ᠤᠨ ᠡᠬᠢ ᠪᠠᠶᠠᠯᠢᠭ᠂ ᠭᠥᠯᠢᠶᠡᠨ ᠠᠪᠤᠭᠰᠠᠨ ᠪᠤᠶᠤ ᠣᠯᠣᠭᠰᠠᠨ ᠲᠥᠷᠥᠯ ᠵᠦᠢᠯ ᠤᠨ ᠡᠷᠬᠡ ᠶᠢᠨ ᠬᠠᠮᠠᠭᠠᠯᠠᠯᠲᠠ ᠶᠢᠨ ᠲᠥᠷᠥᠯ ᠵᠦᠢᠯ ᠵᠢᠴᠢ ᠦᠷ᠎ᠡ ᠪᠣᠶᠢᠵᠢᠭᠤᠯᠬᠤ ᠯᠤᠭ᠎ᠠ ᠬᠤᠯᠪᠣᠭᠳᠠᠬᠤ ᠮᠡᠷᠭᠡᠵᠢᠯ ᠤᠨ ᠦᠷ᠎ᠡ ᠪᠦᠲᠦᠭᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠪᠠ ᠲᠤᠰᠬᠠᠢ ᠠᠰᠢᠭ︶᠂ ᠠᠵᠤ ᠠᠬᠤᠶᠢᠯᠠᠯ ᠤᠨ ᠦᠷ᠎ᠡ ᠬᠠᠩᠭᠠᠬᠤ᠂ ᠦᠷ᠎ᠡ ᠪᠣᠶᠢᠵᠢᠭᠤᠯᠬᠤ ᠴᠢᠳᠠᠪᠤᠷᠢ ᠵᠢᠴᠢ ᠦᠷ᠎ᠡ ᠪᠦᠲᠦᠭᠡᠯ ᠢ ᠳᠡᠯᠭᠡᠷᠡᠭᠦᠯᠬᠦ ᠵᠡᠷᠭᠡ ᠶᠢ ᠵᠢᠭᠠᠵᠤ ᠪᠣᠶ᠃      1. ᠪᠤᠬ᠎ᠠ ᠶᠢᠨ ᠶᠡᠷᠦᠩᠬᠡᠶᠢᠯᠡᠭᠰᠡᠨ ᠡᠭᠦᠯᠳᠡᠷ ᠪᠣᠶᠢᠵᠢᠭᠤᠯᠬᠤ ᠬᠡᠮᠵᠢᠭᠳᠡᠯ ᠤᠨ ᠨᠡᠷᠡᠰ ᠤᠨ ᠵᠢᠭᠰᠠᠭᠠᠯᠲᠠ ︵10 ᠬᠤᠪᠢ︶      ︵1︶ ᠠᠵᠤ ᠠᠬᠤᠶᠢᠯᠠᠯ ︵ᠬᠢᠯᠢ ᠶᠢᠨ ᠭᠠᠳᠠᠨᠠᠬᠢ ᠪᠡᠯᠡ ᠨᠡᠶᠢᠯᠡᠭᠦᠯᠦᠭᠰᠡᠨ ᠺᠣᠮᠫᠠᠨᠢ ᠶᠢ ᠪᠠᠭᠲᠠᠭᠠᠨ᠎ᠠ︶ ᠤᠨ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠪᠤᠬ᠎ᠠ ᠠᠮᠧᠷᠢᠺᠠ ᠶᠢᠨ ᠬᠤᠯᠠᠨᠳ᠋ ᠤᠨ ᠨᠡᠶᠢᠭᠡᠮᠯᠢᠭ ︵CDCB︶ ᠤᠨ ᠬᠤᠯᠠᠨᠳ᠋ ᠤᠨ ᠪᠤᠬ᠎ᠠ ︵TPI ᠶᠡᠷᠦᠩᠬᠡᠶᠢᠯᠡᠭᠰᠡᠨ ᠡᠭᠦᠯᠳᠡᠷ ᠪᠣᠶᠢᠵᠢᠭᠤᠯᠤᠯᠲᠠ ᠶᠢᠨ ᠬᠡᠮᠵᠢᠭᠳᠡᠯ︶ ᠶᠢᠨ ᠨᠡᠷᠡᠰ ᠤᠨ ᠵᠢᠭᠰᠠᠭᠠᠯᠲᠠ ᠶᠢᠨ ᠡᠮᠦᠨ᠎ᠡ 100 ᠨᠡᠷᠡᠰ ᠲᠤ ᠣᠷᠣᠬᠤ ᠪᠤᠶᠤ ᠭᠧᠨ ᠤ ᠪᠦᠯᠦᠭ ᠤᠨ ᠰᠣᠩᠭᠤᠭᠰᠠᠨ ᠪᠤᠬ᠎ᠠ ᠶᠢᠨ TPI ᠬᠡᠮᠵᠢᠭᠳᠡᠯ ᠨᠢ CDCB ᠶᠢᠨ ᠨᠡᠶᠢᠲᠡᠯᠡᠭᠰᠡᠨ ᠡᠮᠦᠨ᠎ᠡ 200 ᠨᠡᠷᠡᠰ ᠲᠤ ᠭᠦᠷᠪᠡᠯ᠂ 5 ᠬᠤᠪᠢᠣᠯᠭᠤᠨ᠎ᠠ᠃     ︵2︶ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠪᠤᠬ᠎ᠠ ᠪᠥᠬᠦ ᠤᠯᠤᠰ ᠤᠨ ᠮᠠᠯ ᠠᠵᠤ ᠠᠬᠤᠢ ᠶᠢᠨ ᠶᠡᠷᠦᠩᠬᠡᠢ ᠥᠷᠲᠡᠭᠡ ᠳᠤ ᠣᠷᠣᠵᠤ ᠨᠡᠶᠢᠲᠡᠯᠡᠭᠰᠡᠨ ᠬᠤᠯᠠᠨᠳ᠋ ᠤᠨ ᠦᠬᠡᠷ ᠤᠨ ᠪᠤᠬ᠎ᠠ ︵CPI᠂GCPI︶᠂ ᠰᠦ ᠮᠢᠬ᠎ᠠ ᠶᠢ ᠬᠠᠪᠰᠤᠷᠭᠠᠨ ᠬᠡᠷᠡᠭᠯᠡᠬᠦ ᠰᠢᠮᠧᠨ᠋ᠲ᠋ᠠᠷ ᠪᠤᠬ᠎ᠠ ᠪᠠ ᠰᠠᠨ ᠾᠧ ᠦᠬᠡᠷ ᠤᠨ ᠪᠤᠬ᠎ᠠ︵TPI︶ ᠶᠢᠨ ᠨᠡᠷᠡᠰ ᠤᠨ ᠵᠢᠭᠰᠠᠭᠠᠯᠲᠠ ᠶᠢᠨ ᠡᠮᠦᠨ᠎ᠡ 100 ᠨᠡᠷᠡᠰ ᠲᠤ ᠣᠷᠣᠵᠤ᠂ 1︱10 ᠨᠡᠷᠡᠰ ᠲᠤ ᠵᠢᠭᠰᠠᠭᠠᠭᠳᠠᠭᠰᠠᠨ ᠪᠤᠬ᠎ᠠ ᠪᠦᠷᠢ ᠳᠤ 2 ᠬᠤᠪᠢ ᠣᠯᠭᠤᠨ᠎ᠠ︔ 11︱20 ᠨᠡᠷᠡᠰ ᠲᠤ ᠵᠢᠭᠰᠠᠭᠠᠭᠳᠠᠭᠰᠠᠨ ᠪᠤᠬ᠎ᠠ ᠶᠢᠨ ᠲᠣᠯᠣᠭᠠᠢ ᠪᠦᠷᠢ ᠳᠤ 1 ᠬᠤᠪᠢ ᠣᠯᠭᠤᠨ᠎ᠠ︔ 21︱100 ᠨᠡᠷᠡᠰ ᠲᠤ ᠵᠢᠭᠰᠠᠭᠠᠭᠳᠠᠭᠰᠠᠨ ᠪᠤᠬ᠎ᠠ ᠶᠢᠨ ᠲᠣᠯᠣᠭᠠᠢ ᠪᠦᠷᠢ ᠳᠤ 0.5 ᠬᠤᠪᠢ ᠣᠯᠭᠤᠨ᠎ᠠ᠃ ᠬᠠᠮᠤᠭ ᠥᠨᠳᠥᠷ ᠲᠡᠭᠡᠨ 5 ᠬᠤᠪᠢ ᠣᠯᠭᠤᠨ᠎ᠠ᠃ ᠠᠵᠤ ᠠᠬᠤᠶᠢᠯᠠᠯ ᠤᠨ ᠣᠯᠣᠭᠰᠠᠨ ᠬᠤᠪᠢ ᠨᠢ ᠠᠳᠠᠯᠢ ᠪᠤᠶᠤ ᠲᠣᠰ ᠵᠦᠢᠯ ᠨᠢ ᠣᠨᠴᠠᠭᠠᠶ ᠲᠣᠪᠣᠶᠢᠮ᠎ᠠ ᠪᠥᠭᠡᠳ ᠲᠣᠰ ᠵᠦᠢᠯ ᠤᠨ ᠬᠠᠮᠤᠭ ᠤᠨ ᠥᠨᠳᠥᠷ ᠣᠯᠣᠭᠰᠠᠨ ᠬᠤᠪᠢ ᠳᠤ ᠭᠦᠷᠦᠭᠰᠡᠨ ᠪᠠᠶᠢᠳᠠᠯ ᠳᠣᠣᠷ᠎ᠠ᠂ ᠪᠤᠬ᠎ᠠ ᠶᠢᠨ ᠢᠯᠡᠳᠬᠡᠭᠴᠢ ᠶᠢᠨ ᠶᠠᠰᠤ ᠴᠢᠨᠠᠷ ᠢ ᠦᠨᠳᠦᠰᠦᠯᠡᠨ ᠬᠤᠪᠢ ᠨᠡᠮᠡᠬᠦ ᠵᠦᠢᠯ ᠪᠠᠶᠢᠭᠤᠯᠵᠤ ᠪᠣᠯᠣᠨ᠎ᠠ᠂ ᠪᠣᠳᠠᠲᠠᠢ ᠬᠤᠪᠢ ᠨᠡᠮᠡᠬᠦ ᠬᠤᠪᠢ ᠶᠢᠨ ᠥᠷᠲᠡᠭ ᠢ ᠲᠤᠬᠠᠢ ᠶᠢᠨ ᠴᠠᠭ ᠲᠤᠨᠢ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠵᠥᠪᠳᠡᠯᠴᠡᠨ ᠲᠣᠭᠲᠠᠭᠠᠨ᠎ᠠ᠂ ᠭᠡᠬᠦ ᠳᠡᠭᠡᠨ ᠬᠤᠪᠢ ᠨᠡᠮᠡᠬᠦ ᠬᠤᠪᠢ ᠶᠢ 2 ᠬᠤᠪᠢ  ᠠᠴᠠ ᠬᠡᠲᠦᠷᠡᠭᠦᠯᠵᠦ ᠪᠣᠯᠬᠤᠦᠭᠡᠢ᠃      2. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ︵5 ᠬᠤᠪᠢ︶      ᠥᠪᠡᠷᠲᠡᠭᠡᠨ ᠵᠠᠰᠠᠬᠤ ᠣᠷᠣᠨ ᠤ ᠲᠠᠰ ᠤᠨ ᠡᠭᠦᠯᠳᠡᠷ ᠪᠣᠶᠢᠵᠢᠭᠤᠯᠬᠤ ᠰᠢᠨ᠎ᠡ ᠶᠢ ᠡᠭᠦᠳᠬᠦ ᠴᠢᠬᠤᠯᠠ ᠶᠡᠭᠡ ᠲᠥᠷᠥᠯ ᠵᠦᠢᠯ ᠤᠨ ᠳᠡᠮᠵᠢᠯᠭᠡ ᠶᠢ ᠣᠯᠣᠭᠰᠠᠨ ᠪᠤᠶᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠣᠯᠣᠭᠰᠠᠨ ᠪᠠᠶᠢᠪᠠᠯ 5 ᠬᠤᠪᠢ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠥᠷᠳᠡᠭᠰᠡᠨ ᠪᠠᠶᠢᠪᠠᠯ 2 ᠬᠤᠪᠢ ᠣᠯᠭᠤᠨ᠎ᠠ᠃ ᠭᠡᠬᠦ  ᠳᠡᠭᠡᠨ ᠨᠡᠶᠢᠲᠡ 5 ᠬᠤᠪᠢ  ᠠᠴᠠ ᠬᠡᠲᠦᠷᠡᠵᠦ ᠪᠣᠯᠬᠤ ᠦᠭᠡᠢ᠃      3. ᠦᠷ᠎ᠡ ᠪᠦᠲᠦᠭᠡᠯ ᠤᠨ ᠳᠡᠯᠭᠡᠷᠡᠭᠦᠯᠦᠯᠲᠡ ︵15 ᠬᠤᠪᠢ︶      ︵1︶ ᠡᠩ ᠤᠨ ᠢᠴᠡᠭᠡᠯ ᠦᠷ᠎ᠡ ᠶᠢᠨ ᠰᠢᠩᠭᠡᠨ ︵5 ᠬᠤᠪᠢ︶      ① ᠵᠢᠯ ᠤᠨ ᠪᠣᠷᠣᠯᠠᠭᠤᠯᠤᠭᠰᠠᠨ ᠬᠡᠮᠵᠢᠶ᠎ᠡ ᠨᠢ 100 ᠲᠦᠮᠡᠨ ᠨᠠᠶᠢᠷᠠᠯᠭ᠎ᠠ ︵ᠪᠠᠭᠲᠠᠨ᠎ᠠ︶ ᠠᠴᠠ ᠳᠡᠭᠡᠭᠰᠢ ᠪᠠᠶᠢᠪᠠᠯ 5 ᠬᠤᠪᠢ ᠣᠯᠭᠤᠨ᠎ᠠ︔      ② ᠵᠢᠯ ᠤᠨ ᠪᠣᠷᠣᠯᠠᠭᠤᠯᠤᠭᠰᠠᠨ ᠬᠡᠮᠵᠢᠶ᠎ᠡ ᠨᠢ 50 —100 ᠲᠦᠮᠡᠨ ᠨᠠᠶᠢᠷᠠᠯᠭ᠎ᠠ ᠪᠠᠶᠢᠪᠠᠯ 3 ᠬᠤᠪᠢ ᠣᠯᠭᠤᠨ᠎ᠠ︔      ③ ᠵᠢᠯ ᠤᠨ ᠪᠣᠷᠣᠯᠠᠭᠤᠯᠤᠭᠰᠠᠨ ᠬᠡᠮᠵᠢᠶ᠎ᠡ ᠨᠢ 30 — 50 ᠲᠦᠮᠡᠨ ᠨᠠᠶᠢᠷᠠᠯᠭ᠎ᠠ ᠪᠠᠶᠢᠪᠠᠯ 2 ᠬᠤᠪᠢ ᠣᠯᠭᠤᠨ᠎ᠠ︔      ④ ᠵᠢᠯ ᠤᠨ ᠪᠣᠷᠣᠯᠠᠭᠤᠯᠤᠭᠰᠠᠨ ᠬᠡᠮᠵᠢᠶ᠎ᠡ ᠨᠢ 30 ᠲᠦᠮᠡ ᠠᠴᠠ ᠳᠣᠷᠣᠭᠰᠢ ᠪᠠᠶᠢᠪᠠᠯ 1 ᠬᠤᠪᠢ ᠣᠯᠭᠤᠨ᠎ᠠ᠃      ︵2︶ ᠪᠡᠯᠭᠡ ᠶᠢᠨ ᠡᠵᠡᠮᠰᠢᠯ ᠢᠴᠡᠭᠡᠯ ᠦᠷ᠎ᠡ ᠶᠢᠨ ᠰᠢᠩᠭᠡᠨ ︵5 ᠬᠤᠪᠢ︶      ① ᠵᠢᠯ ᠤᠨ ᠪᠣᠷᠣᠯᠠᠭᠤᠯᠤᠭᠰᠠᠨ ᠬᠡᠮᠵᠢᠶ᠎ᠡ ᠨᠢ10 ᠲᠦᠮᠡᠨ ᠨᠠᠶᠢᠷᠠᠯᠭ᠎ᠠ ︵ ᠪᠠᠭᠲᠠᠨ᠎ᠠ ︶ ᠠᠴᠠ ᠳᠡᠭᠡᠭᠰᠢ ᠪᠠᠶᠢᠪᠠᠯ 5 ᠬᠤᠪᠢ ᠣᠯᠭᠤᠨ᠎ᠠ ︔      ② ᠵᠢᠯ ᠤᠨ ᠪᠣᠷᠣᠯᠠᠭᠤᠯᠤᠭᠰᠠᠨ ᠬᠡᠮᠵᠢᠶ᠎ᠡ ᠨᠢ 5—10 ᠲᠦᠮᠡᠨ ᠨᠠᠶᠢᠷᠠᠯᠭ᠎ᠠ ᠪᠠᠶᠢᠪᠠᠯ 3 ᠬᠤᠪᠢ ᠣᠯᠭᠤᠨ᠎ᠠ ︔      ③ ᠵᠢᠯ ᠤᠨ ᠪᠣᠷᠣᠯᠠᠭᠤᠯᠤᠭᠰᠠᠨ ᠬᠡᠮᠵᠢᠶ᠎ᠡ ᠨᠢ 1︵ᠪᠠᠭᠲᠠᠨ᠎ᠠ︶ ᠠᠴᠠ 5 ᠲᠦᠮᠡᠨ ᠨᠠᠶᠢᠷᠠᠯᠭ᠎ᠠ ᠪᠠᠶᠢᠪᠠᠯ 2 ᠬᠤᠪᠢ ᠣᠯᠭᠤᠨ᠎ᠠ ︔      ④ ᠵᠢᠯ ᠤᠨ ᠪᠣᠷᠣᠯᠠᠭᠤᠯᠤᠭᠰᠠᠨ ᠬᠡᠮᠵᠢᠶ᠎ᠡ ᠨᠢ 1 ᠲᠦᠮᠡᠨ ᠨᠠᠶᠢᠷᠠᠯᠭ᠎ᠠ ᠠᠴᠠ ᠳᠣᠷᠣᠭᠰᠢ ᠪᠠᠶᠢᠪᠠᠯ 1 ᠬᠤᠪᠢ ᠣᠯᠭᠤᠨ᠎ᠠ ᠃      ︵3︶ ᠬᠡᠷᠡᠭᠯᠡᠭᠴᠢ ᠶᠢᠨ ᠮᠡᠷᠭᠡᠵᠢᠯ ᠤᠨ ᠦᠢᠯᠡᠴᠢᠯᠡᠭᠡ ︵5 ᠬᠤᠪᠢ︶      ① ᠪᠦᠷᠢᠨ ᠲᠡᠭᠦᠯᠳᠡᠷ ᠬᠡᠷᠡᠭᠯᠡᠭᠴᠢᠳ ᠤᠨ ᠦᠢᠯᠡᠴᠢᠯᠡᠭᠡᠨ ᠤ ᠳᠠᠩᠰᠠ ᠡᠪᠬᠡᠮᠡᠯ ᠪᠤᠶᠤ ᠰᠢᠰᠲ᠋ᠧᠮ ᠤᠨ ᠵᠥᠭᠡᠯᠡᠨ ᠲᠤᠨᠤᠭ ᠤᠨ ᠲᠡᠮᠳᠡᠭᠯᠡᠯ ᠲᠠᠢ ᠪᠠᠶᠢᠵᠤ᠂ ᠬᠡᠷᠡᠭᠯᠡᠭᠴᠢᠳ ᠤᠨ ᠮᠡᠷᠭᠡᠵᠢᠯ ᠤᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠨᠢ 70% ᠠᠴᠠ ᠳᠡᠭᠡᠭᠰᠢ ᠪᠠᠶᠢᠪᠠᠯ 5 ᠬᠤᠪᠢ ᠣᠯᠭᠤᠨ᠎ᠠ᠃      ② ᠪᠦᠷᠢᠨ ᠲᠡᠭᠦᠯᠳᠡᠷ ᠬᠡᠷᠡᠭᠯᠡᠭᠴᠢᠳ ᠤᠨ ᠦᠢᠯᠡᠴᠢᠯᠡᠭᠡᠨ ᠤ ᠳᠠᠩᠰᠠ ᠡᠪᠬᠡᠮᠡᠯ ᠪᠤᠶᠤ ᠰᠢᠰᠲ᠋ᠧᠮ ᠤᠨ ᠵᠥᠭᠡᠯᠡᠨ ᠲᠤᠨᠤᠭ ᠤᠨ ᠲᠡᠮᠳᠡᠭᠯᠡᠯ ᠲᠠᠢ ᠪᠠᠶᠢᠵᠤ᠂ ᠬᠡᠷᠡᠭᠯᠡᠭᠴᠢᠳ ᠤᠨ ᠮᠡᠷᠭᠡᠵᠢᠯ ᠤᠨ ᠦᠢᠯᠡᠴᠢᠯᠡᠭᠡᠨ ᠤ ᠪᠦᠷᠬᠦᠴᠡ ᠶᠢᠨ ᠨᠤᠷᠮ᠎ᠠ ᠨᠢ 50%—70% ᠳᠤ ᠬᠦᠷᠪᠡᠯ᠂ 3 ᠬᠤᠪᠢ ᠣᠯᠭᠤᠨ᠎ᠠ᠃      ③ ᠨᠡᠯᠢᠶᠡᠳ ᠪᠦᠷᠢᠨ ᠲᠡᠭᠦᠯᠳᠡᠷ ᠬᠡᠷᠡᠭᠯᠡᠭᠴᠢᠳ ᠤᠨ ᠦᠢᠯᠡᠴᠢᠯᠡᠭᠡᠨ ᠤ ᠳᠠᠩᠰᠠ ᠡᠪᠬᠡᠮᠡᠯ ᠪᠤᠶᠤ ᠰᠢᠰᠲ᠋ᠧᠮ ᠤᠨ ᠵᠥᠭᠡᠯᠡᠨ ᠲᠤᠨᠤᠭ ᠤᠨ ᠲᠡᠮᠳᠡᠭᠯᠡᠯ ᠲᠠᠢ ᠪᠠᠶᠢᠵᠤ᠂ ᠬᠡᠷᠡᠭᠯᠡᠭᠴᠢᠳ ᠤᠨ ᠮᠡᠷᠭᠡᠵᠢᠯ ᠤᠨ ᠦᠢᠯᠡᠴᠢᠯᠡᠭᠡᠨ ᠤ ᠪᠦᠷᠬᠦᠴᠡ ᠨᠢ 50% ᠠᠴᠠ ᠳᠣᠷᠣᠭᠰᠢ ᠪᠠᠶᠢᠪᠠᠯ 1 ᠬᠤᠪᠢ ᠣᠯᠭᠤᠨ᠎ᠠ᠃      ︵ᠨᠠᠢᠮᠠ︶ ᠬᠠᠮᠢᠶᠠᠷᠤᠯᠲᠠ ᠶᠢᠨ ᠲᠣᠭᠲᠠᠴᠠ ︵10 ᠬᠤᠪᠢ︶᠃ ᠡᠭᠦᠯᠳᠡᠷ ᠪᠣᠶᠢᠵᠢᠭᠤᠯᠬᠤ ᠪᠦᠯᠬᠦᠮ ᠤᠨ ᠬᠠᠮᠢᠶᠠᠷᠤᠯᠲᠠ ᠶᠢᠨ ᠠᠷᠭ᠎ᠠ᠂ ᠤᠷᠮᠠᠰᠢᠭᠤᠯᠬᠤ ᠲᠣᠭᠲᠠᠴᠠ ᠪᠠ ᠦᠢᠯᠡᠴᠢᠯᠡᠭᠡᠨ ᠤ ᠴᠢᠳᠠᠪᠤᠷᠢ ᠶᠢ ᠤᠷᠲᠤᠳᠬᠠᠬᠤ ᠶᠢ ᠵᠢᠭᠠᠵᠤ ᠪᠠᠶᠢᠨ᠎ᠠ᠃      1. ᠪᠦᠷᠢᠨ ᠲᠡᠭᠦᠯᠳᠡᠷ ᠦᠷ᠎ᠡ ᠪᠣᠶᠢᠵᠢᠭᠤᠯᠬᠤ ᠪᠦᠯᠬᠦᠮ ᠤᠨ ᠬᠠᠮᠢᠶᠠᠷᠤᠯᠲᠠ ᠶᠢᠨ ᠠᠷᠭ᠎ᠠ ᠲᠠᠢ ᠪᠠᠶᠢᠵᠤ᠂ ᠦᠢᠯᠡᠴᠢᠯᠡᠭᠡᠨ ᠤ ᠳᠦᠷᠢᠮ ᠢ ᠤᠷᠲᠤᠳᠬᠠᠭᠰᠠᠨ ᠪᠠᠶᠢᠪᠠᠯ 5 ᠬᠤᠪᠢ ᠣᠯᠭᠤᠨ᠎ᠠ᠃      2. ᠡᠭᠦᠯᠳᠡᠷ ᠪᠣᠶᠢᠵᠢᠭᠤᠯᠬᠤ ᠪᠦᠯᠬᠦᠮ ᠤᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠵᠦ᠂ ᠦᠢᠯᠡᠴᠢᠯᠡᠭᠡᠨ ᠤ ᠳᠦᠷᠢᠮ ᠢ ᠤᠷᠲᠤᠳᠬᠠᠨ᠂ ᠤᠷᠮᠠᠰᠢᠭᠤᠯᠬᠤ ᠲᠣᠭᠲᠠᠴᠠ ᠶᠢ ᠪᠠᠶᠢᠭᠤᠯᠬᠤ ᠶᠢᠨ ᠬᠠᠮᠲᠤ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠤᠷᠲᠤᠳᠬᠠᠭᠰᠠᠨ ᠮᠡᠷᠭᠡᠵᠢᠯ ᠤᠨ ᠦᠢᠯᠡᠴᠢᠯᠡᠭᠡ ᠶᠢ ᠪᠦᠲᠦᠮᠵᠢᠲᠡᠶ ᠦᠷᠨᠢᠭᠦᠯᠦᠭᠰᠡᠨ ᠪᠠᠶᠢᠪᠠᠯ 5 ᠬᠤᠪᠢ ᠣᠯᠭᠤᠨ᠎ᠠ᠃      ︵ᠶᠢᠰᠦ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ︵5 ᠬᠤᠪᠢ︶᠃ ᠣᠷᠣᠨ ᠨᠤᠲᠤᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠡᠭᠦᠯᠳᠡᠷ ᠪᠣᠶᠢᠵᠢᠭᠤᠯᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠡᠭᠦᠯᠳᠡᠷ ᠪᠣᠶᠢᠵᠢᠭᠤᠯᠬᠤ ᠰᠠᠭᠤᠷᠢ ᠠᠵᠢᠯ ᠢ ᠳᠡᠮᠵᠢᠬᠦ ᠶᠢᠨ ᠬᠠᠮᠲᠤ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠡᠳ᠋ ᠤᠨ ᠵᠠᠰᠠᠭ᠂ ᠮᠥᠩᠭᠦᠨ ᠭᠦᠢᠯᠭᠡᠭᠡ ᠪᠠ ᠭᠠᠵᠠᠷ ᠬᠡᠷᠡᠭᠯᠡᠬᠦ ᠵᠡᠷᠭᠡ ᠲᠠᠯ᠎ᠠ ᠳᠤ ᠳᠡᠮᠵᠢᠯᠭᠡ ᠦᠵᠡᠭᠦᠯᠬᠦ ᠶᠢ ᠵᠢᠭᠠᠵᠤ ᠪᠠᠶᠢᠨ᠎ᠠ᠃      1. ᠣᠷᠣᠨ ᠨᠤᠲᠤᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠨᠠᠶᠢᠷᠠᠭᠤᠯᠤᠨ ᠵᠣᠬᠢᠶᠠᠭᠰᠠᠨ ︵ᠳᠠᠩᠰᠠᠯᠠᠭᠤᠯᠤᠭᠰᠠᠨ︶ ᠡᠭᠦᠯᠳᠡᠷ ᠪᠣᠶᠢᠵᠢᠭᠤᠯᠬᠤ ᠲᠥᠯᠦᠪᠵᠢᠭᠦᠯᠭᠡ ᠵᠡᠷᠭᠡ ᠪᠠᠶᠢᠪᠠᠯ 3 ᠬᠤᠪᠢ ᠣᠯᠭᠤᠨ᠎ᠠ᠃      2. ᠣᠷᠣᠨ ᠨᠤᠲᠤᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠡᠳ᠋ ᠤᠨ ᠵᠠᠰᠠᠭ᠂ ᠮᠥᠩᠭᠦᠨ ᠭᠦᠢᠯᠭᠡᠭᠡ ᠪᠠ ᠭᠠᠵᠠᠷ ᠬᠡᠷᠡᠭᠯᠡᠬᠦ ᠵᠡᠷᠭᠡ ᠲᠠᠯ᠎ᠠ ᠪᠠᠷ ᠳᠡᠮᠵᠢᠪᠡᠯ 2 ᠬᠤᠪᠢ ᠣᠯᠭᠤᠨ᠎ᠠ᠃      ︵ᠠᠷᠪᠠ︶ ᠲᠥᠷᠥᠯ ᠵᠦᠢᠯ ᠢ ᠭᠦᠢᠴᠡᠳᠬᠡᠨ᠎ᠡ ︵5 ᠬᠤᠪᠢ︶᠃ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠨᠢ ᠳᠠᠭᠠᠭᠠᠨ ᠡᠭᠦᠷᠭᠡᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠲᠡᠭᠦᠨ ᠤ ᠡᠭᠦᠷᠭᠡᠯᠡᠵᠦ ᠪᠦᠬᠦᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠬᠡᠷᠡᠭᠵᠢᠭᠦᠯᠬᠦ᠂ ᠶᠠᠰᠤ ᠴᠢᠨᠠᠷ᠂ ᠪᠡᠯᠡ ᠮᠥᠩᠭᠦ ᠶᠢᠨ ᠬᠠᠮᠢᠶᠠᠷᠤᠯᠲᠠ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠢᠴᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠠ ᠪᠠᠶᠢᠭᠤᠯᠵᠤ ᠳᠠᠭᠤᠰᠤᠭᠰᠠᠨ ᠤ ᠳᠠᠷᠠᠭᠠᠬᠢ ᠠᠵᠢᠯᠯᠠᠭᠠᠨ ᠵᠡᠷᠭᠡ ᠪᠠᠶᠢᠳᠠᠯ ᠢ ᠵᠢᠭᠠᠵᠤ ᠪᠣᠶ᠃      1. ᠲᠥᠷᠥᠯ ᠵᠦᠢᠯ ᠤᠨ ᠨᠢᠭᠡᠴᠡ ︵ᠬᠠᠤᠯᠢ ᠶᠢᠨ ᠡᠷᠬᠡᠲᠡᠨ︶ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢ ᠨᠠᠶᠢᠳᠠᠪᠤᠷᠢᠵᠢᠭᠤᠯᠪᠠᠯ᠂ 1 ᠬᠤᠪᠢ ᠣᠯᠭᠤᠨ᠎ᠠ᠃      2. ᠲᠥᠷᠥᠯ ᠵᠦᠢᠯ ᠤᠨ ᠪᠡᠯᠡ ᠮᠥᠩᠭᠦ ᠶᠢ ᠲᠥᠷᠥᠯ ᠵᠦᠢᠯ ᠤᠨ ᠲᠣᠭᠲᠠᠭᠠᠯ ᠶᠣᠰᠣᠭᠠᠷ ᠵᠦᠢ ᠵᠣᠬᠢᠰᠲᠠᠢ ᠬᠡᠷᠡᠭᠯᠡᠭᠰᠡᠨ ᠪᠠᠶᠢᠪᠠᠯ 3 ᠬᠤᠪᠢ ᠣᠯᠭᠤᠨ᠎ᠠ᠃      3. ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠥᠷᠥᠯ ᠵᠦᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠬᠦ ᠶᠢᠨ ᠬᠠᠮᠲᠤ ᠵᠢᠷᠤᠮᠵᠢᠯ ᠲᠠᠢ ᠪᠠᠷ ᠲᠠᠩᠰᠠ ᠡᠪᠬᠡᠮᠡᠯ ᠳᠤ ᠣᠷᠣᠭᠤᠯᠤᠭᠰᠠᠨ ᠪᠠᠶᠢᠪᠠᠯ 1 ᠬᠤᠪᠢ ᠣᠯᠭᠤᠨ᠎ᠠ᠃         ᠳᠠᠭᠠᠯᠳᠤᠭᠤᠯᠤᠯ 2      ᠥᠪᠥᠷ ᠮᠣᠩᠭᠤᠯ ᠤᠨ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠤᠨ ᠡᠭᠦᠯᠳᠡᠷ ᠪᠣᠶᠢᠵᠢᠭᠤᠯᠬᠤ ᠴᠢᠳᠠᠪᠤᠷᠢ ᠶᠢ ᠦᠨᠡᠯᠡᠬᠦ ᠭᠤᠶᠤᠴᠢᠯᠠᠯ ᠤᠨ ᠬᠦᠰᠦᠨᠦᠭᠲᠦ       ᠲᠥᠷᠥᠯ ᠵᠦᠢᠯ ᠤᠨ ᠨᠡᠷᠡᠶᠢᠳᠦᠯ᠄      ᠬᠡᠷᠡᠭᠵᠢᠭᠦᠯᠬᠦ ᠨᠢᠭᠡᠴᠡ᠄      ᠲᠥᠷᠥᠯ ᠵᠦᠢᠯ ᠤᠨ ᠬᠠᠷᠢᠭᠤᠴᠠᠯᠭᠠᠲᠠᠨ᠄      ᠬᠠᠷᠢᠯᠴᠠᠬᠤ ᠤᠲᠠᠰᠤ᠄      ᠲᠥᠷᠥᠯ ᠵᠦᠢᠯ ᠤᠨ ᠡᠬᠢᠯᠡᠵᠦ ᠳᠠᠭᠤᠰᠬᠤ ᠴᠠᠭ᠄
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号