ᠣᠷᠳᠣᠰ ᠬᠤᠲᠠ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠡᠪᠡᠰᠦᠨ ᠤ ᠠᠵᠤ ᠦᠢᠯᠡᠰ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠢ
ᠨᠡᠶᠢᠲᠡᠯᠡᠭᠰᠡᠨ ᠴᠠᠭ᠄
2024/6/3
      ᠲᠦᠷᠦᠭᠦᠬᠡᠨ᠂ ᠣᠷᠳᠣᠰ ᠬᠤᠲᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠡᠪᠡᠰᠦᠨ ᠤ ᠠᠵᠤ ᠦᠢᠯᠡᠰ  ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠠᠷᠢᠯᠴᠠᠬᠤ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠢ᠃      ᠣᠶᠢᠯᠠᠭᠠᠭᠰᠠᠨ ᠢᠶᠠᠷ᠂ ᠡᠨᠡ ᠬᠦ ᠬᠠᠮᠲᠤᠷᠠᠯᠴᠠᠭᠠᠨ ᠤ ᠵᠥᠪᠯᠡᠯᠴᠡᠭᠡᠷ ᠢ ᠲᠣᠭᠲᠠᠭᠰᠠᠨ ᠨᠢ ᠤᠯᠤᠰ ᠤᠨ ᠡᠪᠡᠰᠦᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠰᠤᠳᠤᠯᠤᠨ ᠨᠡᠭᠡᠭᠡᠬᠦ ᠲᠥᠪ ᠢ ᠳᠤᠰ ᠬᠤᠳᠠ ᠳᠤ ᠣᠷᠣᠭᠤᠯᠤᠨ ᠠᠪᠴᠢᠷᠠᠭᠠᠳ᠂ ︽ᠤᠯᠤᠰ ᠤᠨ ᠡᠪᠡᠰᠦᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ︾ ᠶᠢ ᠳᠤᠰ ᠬᠤᠳᠠ ᠳᠤ ᠨᠤᠲᠤᠭᠰᠢᠭᠤᠯᠤᠨ᠂ ᠣᠲᠣ ᠦᠶ᠎ᠡ ᠶᠢᠨ ᠡᠪᠡᠰᠦᠨ ᠤ ᠠᠵᠤ ᠦᠢᠯᠡᠰ ᠤᠨ ᠬᠠᠮᠤᠭ ᠤᠨ ᠰᠢᠨ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠳᠦᠮᠵᠢ  ᠪᠠᠷ ᠲᠤᠯᠭᠠᠭᠤᠷᠢᠯᠠᠯ ᠪᠤᠯᠭᠠᠵᠤ᠂ ᠡᠪᠡᠰᠦ ᠪᠡᠯᠴᠢᠭᠡᠷ ᠢ ᠰᠠᠶᠢᠵᠢᠷᠠᠭᠤᠯᠬᠤ᠂ ᠲᠠᠴᠢᠷᠳᠠᠭᠰᠠᠨ ᠪᠡᠯᠴᠢᠭᠡᠷ ᠢ ᠰᠠᠶᠢᠵᠢᠷᠠᠭᠤᠯᠬᠤ᠂ ᠥᠨᠳᠥᠷ ᠪᠠᠷᠢᠮᠵᠢᠶ᠎ᠠ ᠪᠠᠷ ᠡᠪᠡᠰᠦ ᠲᠠᠷᠢᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ᠂ ᠴᠢᠳᠠᠪᠤᠷᠢᠲᠠᠨ ᠢ ᠬᠥᠮᠥᠵᠢᠭᠦᠯᠬᠦ ᠪᠠ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠭᠤᠰᠤᠯᠴᠠᠭᠤᠯᠬᠤ  ᠶᠢ ᠪᠡᠶᠡᠯᠡᠭᠦᠯᠵᠦ᠂ ᠡᠪᠡᠰᠦ ᠪᠣᠷᠳᠤᠭ᠎ᠠ ᠳᠠᠷᠢᠬᠤ᠂ ᠮᠠᠯ ᠤᠨᠤᠭ᠎ᠠ ᠲᠡᠵᠢᠭᠡᠬᠦ᠂ ᠣᠨᠴᠠᠯᠢᠭᠲᠤ ᠡᠪᠡᠰᠦᠨ ᠤ ᠪᠦᠲᠦᠭᠡᠭᠳᠡᠬᠦᠨ  ᠢ ᠦᠢᠯᠡᠳᠪᠦᠷᠢᠯᠡᠬᠦ᠂ ᠪᠤᠯᠪᠠᠰᠤᠷᠠᠭᠤᠯᠬᠤ᠂ ᠨᠥᠭᠡᠴᠡᠯᠡᠬᠦ ᠶᠢ ᠨᠢᠭᠡ ᠴᠣᠭᠴᠠᠵᠢᠭᠤᠯᠤᠭᠰᠠᠨ ᠣᠷᠳᠣᠰ ᠬᠤᠲᠠ ᠶᠢᠨ ᠣᠲᠣ ᠦᠶ᠎ᠡ ᠶᠢᠨ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠪᠠᠷ ᠬᠦᠴᠦᠯᠡᠵᠦ ᠪᠤᠢ᠃ ᠬᠤᠷᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ 6 ᠲᠤᠰᠬᠠᠢ ᠮᠡᠷᠭᠡᠵᠢᠯᠲᠡᠨ ᠡᠪᠡᠰᠦᠨ ᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠪᠠ ᠬᠡᠷᠡᠭᠯᠡᠭᠡᠨ ᠤ ᠲᠣᠭᠤᠷᠢᠨ ᠳᠤ ᠮᠡᠳᠡᠭᠦᠯᠦᠯᠲᠡ ᠬᠢᠬᠦ ᠶᠢᠨ ᠬᠠᠮᠲᠤ ᠣᠷᠳᠣᠰ ᠬᠤᠳᠠ ᠶᠢᠨ 9 ᠡᠪᠡᠰᠦᠨ ᠤ ᠠᠵᠤ ᠠᠬᠤᠶᠢᠯᠠᠯ ᠲᠠᠢ ᠡᠪᠡᠰᠦᠨ ᠤ ᠦᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠭᠰᠠᠨ ᠪᠥᠭᠡᠳ ᠬᠤᠶᠢᠰᠢᠳᠠ ᠶᠢᠨ ᠬᠥᠭᠵᠢᠯᠲᠡ ᠶᠢᠨ ᠬᠡᠷᠡᠭᠴᠡᠭᠡ ᠪᠣᠯᠣᠨ ᠬᠠᠮᠲᠤᠷᠠᠯᠴᠠᠭᠠᠨ ᠤ ᠲᠤᠬᠠᠢ ᠰᠠᠨᠠᠯ ᠢᠶᠠᠨ ᠰᠣᠯᠢᠯᠴᠠᠵᠠᠢ᠃      ︽ᠣᠷᠳᠣᠰ ᠬᠤᠳᠠ ︿ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠣᠷᠳᠣᠰ ᠬᠤᠲᠠ ᠶᠢᠨ ᠡᠪᠡᠰᠦᠨ ᠤ ᠠᠵᠤ ᠦᠢᠯᠡᠰ  ᠤᠨ ᠲᠠᠰ ᠳᠡᠪᠰᠢᠬᠦ ᠪᠠ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠡᠪᠡᠰᠦᠨ ᠤ ᠠᠵᠤ ᠦᠢᠯᠡᠰ ᠢ ᠬᠡᠪᠴᠢᠶᠡᠵᠢᠭᠦᠯᠦᠨ ᠡᠵᠡᠩᠨᠡᠬᠦ᠂ ᠠᠵᠤ ᠦᠶᠢᠯᠡᠰᠵᠢᠭᠦᠯᠦᠨ ᠬᠥᠭᠵᠢᠭᠦᠯᠬᠦ ᠶᠢ ᠪᠡᠶᠡᠯᠡᠭᠦᠯᠵᠦ ᠪᠣᠯᠣᠨ᠎ᠠ︾ ᠭᠡᠵᠦ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠴᠢᠶᠣᠤ ᠵᠢᠶᠠᠨ ᠵᠢᠶᠠᠩ ᠢᠯᠡᠷᠬᠡᠶᠢᠯᠡᠪᠡ᠃ 
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号