ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠤᠯᠪᠤᠭ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/6/3
      5 ᠰᠠᠷ᠎ᠠ ᠶᠢᠨ 31 ᠤ ᠡᠳᠦᠷ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠤᠯᠪᠤᠭ᠎ᠠ ᠪᠠᠶᠢᠭᠤᠯᠤᠭᠳᠠᠬᠤ ᠶᠡᠭᠡ ᠬᠤᠷᠠᠯ ᠬᠤᠷᠠᠯᠳᠤᠪᠠ᠃ ᠬᠤᠷᠠᠯ ᠳᠡᠭᠡᠷ᠎ᠡ ᠬᠤᠯᠪᠣᠭᠠᠨ ᠤ ᠳᠦᠷᠢᠮ ᠢ ᠪᠠᠲᠤᠯᠠᠵᠤ᠂ ᠬᠤᠯᠪᠣᠭᠠᠨ ᠤ ᠬᠡᠷᠡᠭ ᠡᠷᠭᠢᠯᠡᠭᠴᠢᠳ ᠤᠨ ᠬᠤᠷᠠᠯ᠂ ᠬᠤᠯᠪᠣᠭᠠᠨ ᠤ ᠬᠡᠷᠡᠭ ᠡᠷᠭᠢᠯᠡᠭᠴᠢᠳ ᠤᠨ ᠳᠠᠷᠤᠭ᠎ᠠ᠂ ᠬᠡᠷᠡᠭ ᠡᠷᠭᠢᠯᠡᠭᠴᠢᠳ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠵᠠᠢ᠃      ᠣᠶᠢᠯᠠᠭᠠᠭᠰᠠᠨ ᠢᠶᠠᠷ᠂ ᠲᠤᠰ ᠬᠤᠯᠪᠤᠭ᠎ᠠ ᠨᠢ ᠪᠦᠭᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠺᠤᠮᠫᠠᠨᠢ᠂ ᠬᠤᠷᠰᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠪᠣᠯᠪᠠᠰᠤᠷᠠᠯ ᠬᠦᠷᠲᠡᠭᠡᠬᠦ ᠪᠠᠶᠢᠭᠤᠯᠤᠮᠵᠢ᠂ ᠮᠥᠩᠭᠦᠨ ᠭᠦᠢᠯᠭᠡᠭᠡ ᠳᠠᠭᠠᠳᠬᠠᠯ ᠵᠡᠷᠭᠡ ᠭᠤᠣᠯ ᠴᠣᠭᠴᠠ ᠪᠠᠷ ᠪᠦᠷᠢᠯᠳᠦᠵᠦ᠂ ᠬᠤᠯᠪᠤᠭ᠎ᠠ ᠪᠠᠶᠢᠭᠤᠯᠤᠭᠳᠠᠭᠰᠠᠨ ᠤ ᠳᠠᠷᠠᠭ᠎ᠠ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠲᠥᠷᠥᠯ ᠲᠡᠮᠳᠡᠭ ᠢ ᠬᠠᠮᠲᠤ ᠪᠠᠷ ᠡᠭᠦᠳᠬᠦ᠂ ᠠᠵᠤ ᠦᠢᠯᠡᠰ ᠢ ᠬᠠᠮᠲᠤ ᠪᠠᠷ ᠬᠥᠭᠵᠢᠭᠦᠯᠬᠦ ᠴᠢᠨᠠᠷ ᠰᠠᠶᠢᠲᠠᠢ ᠦᠢᠯᠡᠴᠢᠯᠡᠭᠡᠨ ᠤ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠡᠯᠧᠮᠧᠨ᠋ᠲ ᠢ ᠬᠤᠷᠠᠮᠳᠤᠭᠤᠯᠵᠤ᠂ ᠤᠤᠯ ᠤᠨ ︽ᠭᠠᠭᠴᠠᠭᠠᠷ ᠲᠡᠮᠡᠴᠡᠬᠦ︾ ᠲᠠᠷᠢᠶᠠᠯᠠᠩ ᠦᠢᠯᠡᠳᠪᠦᠷᠢᠯᠡᠯ ᠢ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠬᠡᠪᠴᠢᠶᠡᠵᠢᠭᠰᠡᠨ᠂ ᠡᠷᠴᠢᠮᠵᠢᠭᠰᠡᠨ᠂ ᠣᠳᠣᠬᠢᠴᠢᠯᠠᠭᠰᠠᠨ ᠦᠢᠯᠡᠳᠪᠦᠷᠢᠯᠡᠯ ᠪᠤᠯᠭᠠᠵᠤ ᠬᠤᠪᠢᠷᠠᠭᠤᠯᠤᠨ᠂ ᠲᠠᠷᠢᠶᠠᠴᠢᠨ ᠡᠷᠦᠭᠡ ᠶᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠢ ᠨᠡᠮᠡᠭᠳᠡᠭᠦᠯᠬᠦ ᠶᠢ ᠪᠡᠶᠡᠯᠡᠭᠦᠯᠬᠦ ᠪᠣᠯᠣᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠲᠦᠩᠯᠢᠶᠣᠣ ᠬᠤᠲᠠ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠬᠤᠲᠠ ᠶᠢ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠨ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠬᠤᠯᠠ ᠬᠦᠴᠦᠯᠡᠬᠦ ᠴᠡᠭ ᠪᠤᠯᠭᠠᠵᠤ᠂ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠲᠦᠷᠭᠡᠳᠬᠡᠨ ᠪᠣᠶᠢᠵᠢᠭᠤᠯᠵᠤ ᠨᠡᠶᠢᠳᠬᠡᠨ᠂ ᠭᠤᠣᠯ ᠴᠣᠭᠴᠠ ᠨᠢ ᠲᠠᠷᠢᠶᠠᠯᠠᠩ ᠲᠠᠢ ᠬᠤᠯᠪᠣᠭᠠᠯᠠᠬᠤ᠂ ᠦᠢᠯᠡᠴᠢᠯᠡᠭᠡ ᠪᠠᠷ ᠲᠠᠷᠢᠶᠠᠯᠠᠩ ᠢ ᠳᠠᠶᠢᠴᠢᠯᠠᠬᠤ᠂ ᠲᠥᠷᠥ ᠶᠢᠨ ᠪᠣᠳᠣᠯᠭ᠎ᠠ ᠪᠠᠷ ᠲᠠᠷᠢᠶᠠᠯᠠᠩ ᠢ ᠬᠦᠴᠦᠷᠬᠡᠭᠵᠢᠭᠦᠯᠬᠦ ᠪᠠᠷ ᠳᠠᠮᠵᠢᠭᠤᠯᠤᠨ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠪᠠᠷ ᠰᠠᠭᠤᠷᠢ ᠪᠤᠯᠭᠠᠬᠰᠠᠨ᠂ ᠲᠤᠰᠬᠠᠢ ᠬᠤᠷᠰᠢᠶ᠎ᠡ ᠪᠠ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠢᠶᠠᠷ ᠭᠤᠣᠯ ᠪᠤᠯᠭᠠᠬᠰᠠᠨ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠪᠠᠷ ᠲᠤᠯᠭᠠᠭᠤᠷᠢ ᠪᠤᠯᠭᠠᠬᠰᠠᠨ ᠪᠣᠰᠤᠭ᠎ᠠ ᠴᠣᠭᠴᠠᠲᠤ ᠮᠠᠶ᠋ᠢᠭ ᠤᠨ ᠨᠡᠶᠢᠯᠡᠮᠡᠯ ᠭᠡᠯᠪᠡᠷᠢ ᠶᠢᠨ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠰᠢᠰᠲ᠋ᠧᠮ ᠢ ᠪᠤᠢ ᠪᠤᠯᠭᠠᠬᠰᠠᠨ ᠪᠠᠶᠢᠨ᠎ᠠ᠃      2023 ᠣᠨ ᠳᠤ᠂ ᠪᠦᠭᠦ ᠬᠤᠳᠠ ᠶᠢᠨ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ 4500 ᠪᠣᠯᠵᠤ᠂ ᠲᠠᠷᠢᠶᠠᠯᠠᠩ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠡᠷᠡᠭᠵᠢᠭᠦᠯᠦᠭᠰᠡᠨ ᠲᠠᠯᠠᠪᠠᠢ 689 ᠲᠦᠮᠡᠨ ᠮᠦ ᠳᠤ ᠭᠦᠷᠥᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号