ᠳᠤᠮᠳᠠᠳᠤ ᠤᠯᠤᠰ ᠤᠨ ᠵᠦᠩ ᠬᠤᠸᠠ ᠶᠢᠨ ᠶᠡᠷᠦᠩᠬᠡᠢ ᠳᠠᠭᠠᠭᠠᠮᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠢᠶᠣᠣ ᠵᠢᠶᠠᠨ ᠤᠯᠠᠭᠠᠨᠬᠠᠳᠠ ᠬᠤᠲᠠ ᠳᠤ ᠬᠦᠷᠴᠦ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/30
      6 ᠰᠠᠷ᠎ᠠ ᠶᠢᠨ 27 ᠤ ᠡᠳᠦᠷ ᠠᠴᠠ 29 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠵᠥᠩ ᠬᠤᠸᠠ ᠬᠤᠪᠢ ᠡᠵᠡᠮᠳᠡᠭᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠢᠶᠣᠣ ᠵᠢᠶᠠᠨ ᠨᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠳᠤ ᠬᠦᠷᠴᠦ ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ  ᠬᠢᠨ ᠤᠷᠢᠳ ᠬᠤᠵᠢᠳ ᠯᠢᠨᠰᠢ ᠰᠢᠶᠠᠨ᠂ ᠠᠷᠤ ᠬᠤᠷᠴᠢᠨ ᠬᠤᠰᠢᠭᠤᠨ ᠳᠤ ᠬᠦᠷᠴᠦ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠪᠣᠯᠣᠨ ᠳᠤᠮᠳᠠᠳᠤ ᠤᠯᠤᠰ ᠤᠨ ᠵᠦᠩ ᠬᠤᠸᠠ ᠲᠤᠰᠢᠶᠠᠯ ᠡᠭᠦᠷᠭᠡᠯᠡᠭᠰᠡᠨ ᠺᠠᠳ᠋ᠷ ᠢ ᠲᠤᠬᠠᠢ ᠶᠢᠨ ᠭᠠᠵᠠᠷ ᠲᠤᠨᠢ ᠪᠣᠯᠭᠤᠭᠠᠨ ᠲᠣᠬᠤᠨᠢᠭᠤᠯᠪᠠ᠃ 
111.jpg
       ᠯᠢᠨᠰᠢ ᠰᠢᠶᠠᠨ ᠳᠤ ᠬᠦᠷᠴᠦ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠺᠣᠮᠫᠠᠨᠢ ᠶᠢᠨ ᠬᠠᠪᠰᠤᠷᠤᠨ ᠲᠡᠳᠬᠦᠵᠦ ᠪᠠᠶᠢᠭᠤᠯᠤᠭᠰᠠᠨ ᠱᠡᠭᠡᠷᠲᠦ ᠰᠢᠶᠠᠩ ᠤᠨ ᠳ᠋ᠠ ᠺᠠᠩ ᠠᠵᠤ ᠦᠢᠯᠡᠰ ᠤᠨ ᠬᠦᠷᠢᠶᠡᠯᠡᠩ᠂ ᠠᠵᠤ ᠦᠢᠯᠡᠰ ᠤᠨ ᠲᠠᠷᠢᠮᠠᠯ ᠤᠨ MAP ᠲᠥᠪ᠂ ᠰᠢᠶᠠᠨ ᠵᠧᠩ ᠳ᠋ᠡ ᠯᠢᠨᠰᠢ ᠶᠢᠨ ᠲᠥᠪᠡᠳ ᠬᠠᠰᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠪᠣᠯᠣᠨ ᠳ᠋ᠠ ᠶᠢᠩᠽᠢ ᠰᠢᠶᠠᠩ ᠤᠨ ᠥᠨᠳᠥᠷ ᠪᠠᠷᠢᠮᠵᠢᠶᠠᠲᠤ ᠬᠦᠢᠲᠡᠨ ᠬᠦᠯᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠬᠢᠲᠠᠳ ᠡᠪᠡᠰᠦᠨ ᠡᠮ ᠲᠠᠷᠢᠬᠤ ᠰᠠᠭᠤᠷᠢᠨ ᠭᠠᠵᠠᠷ ᠤᠨ ᠲᠥᠷᠥᠯ ᠵᠦᠢᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠠᠷᠤ ᠬᠤᠷᠴᠢᠨ ᠬᠤᠰᠢᠭᠤᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠢᠪᠠᠭ᠎ᠠ ᠪᠠᠯᠭᠠᠰᠤᠨ ᠤ ᠰᠢᠨ ᠫᠢᠩ ᠲᠣᠰᠬᠤᠨ᠂ ᠶᠢᠦ ᠮᠦ ᠰᠢᠩ ᠨᠤᠩ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ᠂ ᠲᠢᠶᠠᠨ ᠱᠠᠨ  ᠵᠢᠷᠭᠤᠳᠤᠭᠠᠷ ᠳᠤᠮᠳᠠᠳᠤ ᠰᠤᠷᠭᠠᠭᠤᠯᠢ᠂ ᠪᠠᠢ ᠴᠧᠩ ᠽᠢ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ MAP ᠲᠠᠷᠢᠶᠠᠯᠠᠩ ᠤᠨ ᠲᠠᠯᠠᠪᠠᠢ ᠳᠤ ᠬᠦᠷᠴᠦ᠂ ᠺᠣᠮᠫᠠᠨᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠡᠮ ᠡᠮᠨᠡᠯᠭᠡ ᠡᠷᠡᠭᠦᠯ ᠬᠠᠮᠠᠭᠠᠯᠠᠯ ᠪᠣᠯᠣᠨ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠵᠡᠷᠭᠡ ᠬᠦᠷᠢᠶ᠎ᠡ ᠴᠠᠷᠠᠭᠠᠨ ᠤ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠭᠡᠷ ᠲᠤ ᠬᠦᠷᠴᠦ᠂ ᠦᠢᠯᠡᠳᠪᠦᠷᠢᠯᠡᠯ᠂ ᠠᠮᠢᠳᠤᠷᠠᠯ ᠤᠨ ᠪᠠᠶᠢᠳᠠᠯ ᠪᠣᠯᠣᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠠᠰᠠᠭᠤᠨ ᠯᠠᠪᠯᠠᠵᠤ᠂ ᠺᠣᠮᠫᠠᠨᠢ ᠶᠢ ᠲᠥᠯᠥᠭᠡᠯᠡᠨ ᠬᠠᠯᠠᠮᠵᠢᠯᠠᠪᠠ᠃      ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠳᠠᠭᠤᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ  ᠬᠢᠨ ᠠᠷᠤ ᠬᠤᠷᠴᠢᠨ ᠬᠤᠰᠢᠭᠤᠨ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠤᠯᠠᠭᠠᠨᠬᠠᠳᠠ ᠬᠤᠲᠠ ᠵᠢᠴᠢ ᠯᠢᠨᠰᠢ ᠰᠢᠶᠠᠨ᠂ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠲᠠᠢ ᠬᠠᠮᠲᠤ ᠪᠠᠷ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠵᠥᠪᠳᠡᠯᠴᠡᠪᠡ᠃ ᠬᠤᠷᠠᠯ ᠳᠡᠭᠡᠷ᠎ᠡ᠂ ᠯᠢᠨᠰᠢ ᠰᠢᠶᠠᠨ᠂ ᠠᠷᠤ ᠬᠤᠷᠴᠢᠨ ᠬᠤᠰᠢᠭᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠥᠷᠨᠢᠭᠦᠯᠦᠭᠰᠡᠨ ᠪᠠᠶᠢᠳᠠᠯ ᠵᠢᠴᠢ ᠳᠤᠮᠳᠠᠳᠤ ᠤᠯᠤᠰ ᠤᠨ ᠵᠦᠩ ᠬᠤᠸᠠ ᠬᠠᠪᠰᠤᠷᠤᠨ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠪᠣᠯᠣᠨ ᠳᠡᠮᠵᠢᠯᠭᠡ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠᠨ ᠬᠠᠷᠢᠭᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠪᠣᠯᠣᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠬᠠᠢ ᠱᠠᠨ᠂ ᠳᠤᠮᠳᠠᠳᠤ ᠤᠯᠤᠰ ᠤᠨ ᠵᠦᠩ ᠬᠤᠸᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠲᠠᠢ ᠬᠠᠪᠰᠤᠷᠤᠨ ᠲᠡᠳᠬᠦᠬᠦ ᠬᠠᠮᠵᠢᠯᠴᠠᠭ᠎ᠠ ᠶᠢ ᠥᠷᠭᠡᠳᠬᠡᠬᠦ ᠪᠠ ᠭᠦᠨᠵᠡᠭᠡᠶᠢᠷᠡᠭᠦᠯᠬᠦ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠳᠤᠮᠳᠠᠳᠤ ᠤᠯᠤᠰ ‍ᠤᠨ‌ᠵᠦ᠋ᠩ ᠬᠤᠸᠠ ᠶᠢᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠢ ᠬᠠᠪᠰᠤᠷᠤᠨ ᠲᠡᠳᠬᠦᠬᠦ ᠪᠡᠯᠡ ᠮᠥᠩᠭᠦ᠂ ᠲᠡᠷᠢᠭᠦᠨ ᠤ ᠮᠡᠷᠭᠡᠵᠢᠯ᠂ ᠣᠨᠴᠠᠯᠢᠭᠲᠤ ᠠᠵᠤ ᠦᠢᠯᠡᠰ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠤᠶᠤᠨ ᠤ ᠳᠡᠮᠵᠢᠯᠭᠡ᠂ ᠰᠠᠭᠤᠷᠢ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠢᠴᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠲᠦᠷᠦ ᠶᠢᠨ ᠪᠣᠳᠣᠯᠭ᠎ᠠ ᠶᠢᠨ ᠲᠦᠷᠦᠯ ᠵᠦᠢᠯ ᠵᠡᠷᠭᠡ ᠲᠠᠯ᠎ᠠ ᠪᠠᠷ ᠴᠡᠭ ᠲᠣᠭᠲᠠᠭᠠᠨ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠶᠢ ᠬᠦᠰᠡᠪᠡ᠃ ᠡᠭᠦᠨ ᠤ ᠬᠠᠮᠲᠤ᠂ ᠳᠤᠮᠳᠠᠳᠤ ᠤᠯᠤᠰ ᠤᠨ ᠵᠦᠩ ᠬᠤᠸᠠ ᠶᠢᠨ ᠥᠪᠥᠷ ᠮᠣᠩᠭᠤᠯ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠠᠩᠬᠠᠷᠤᠯ ᠢᠶᠠᠨ ᠬᠠᠨᠳᠤᠭᠤᠯᠵᠤ᠂ ᠶᠠᠳᠠᠭᠤ ᠠᠴᠠ ᠠᠩᠭᠢᠵᠢᠷᠠᠭᠰᠠᠨ ᠬᠤᠰᠢᠭᠤ ᠰᠢᠶᠠᠨ ᠤ ᠬᠥᠭᠵᠢᠯᠲᠡ ᠶᠢ ᠬᠠᠪᠰᠤᠷᠤᠨ ᠲᠡᠳᠬᠦᠭᠰᠡᠨ ᠰᠠᠭᠤᠷᠢᠨ ᠳᠡᠭᠡᠷ᠎ᠡ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠵᠢᠯᠴᠠᠭᠠᠨ ᠤ ᠭᠠᠷᠳᠠᠬᠤ ᠴᠡᠭ ᠢ ᠣᠨᠣᠪᠴᠢᠲᠠᠢ ᠣᠯᠵᠤ᠂ ᠬᠠᠪᠰᠤᠷᠤᠨ ᠲᠡᠳᠬᠦᠬᠦ ᠬᠠᠮᠵᠢᠯᠴᠠᠭᠠᠨ ᠤ ᠬᠦᠷᠢᠶ᠎ᠡ ᠴᠠᠷᠠᠭ᠎ᠠ ᠶᠢ ᠬᠠᠮᠲᠤᠪᠠᠷ ᠰᠤᠳᠤᠯᠤᠨ ᠥᠷᠭᠡᠳᠬᠡᠵᠦ᠂ ᠳᠤᠮᠳᠠᠳᠤ ᠤᠯᠤᠰ ᠤᠨ ᠵᠦᠩ ᠬᠤᠸᠠ ᠶᠢᠨ ᠬᠠᠪᠰᠤᠷᠤᠨ ᠲᠡᠳᠬᠦᠬᠦ ᠡᠬᠢ ᠪᠠᠶᠠᠯᠢᠭ ᠢ ᠨᠡᠶᠢᠳᠬᠡᠵᠦ᠂ ᠲᠡᠷᠢᠭᠦᠨ ᠤ ᠣᠶᠢᠯᠠᠭᠠᠭᠳᠠᠬᠤᠨ ᠪᠠ ᠬᠤᠰᠢᠭᠤᠷᠠᠯ ᠮᠡᠷᠭᠡᠵᠢᠯ ᠲᠠᠢ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠢ ᠶᠡᠬᠡᠪᠡᠷ ᠳᠡᠯᠭᠡᠷᠡᠭᠦᠯᠵᠦ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠬᠠᠪᠰᠤᠷᠤᠨ ᠲᠡᠳᠬᠦᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠦᠬᠦ ᠤᠯᠤᠰ ᠤᠨ ᠬᠡᠪ ᠳᠠᠭᠤᠷᠢᠶᠠᠯ ᠤᠨ ᠬᠢᠷᠢ ᠲᠦᠪᠰᠢᠨ ᠲᠠᠢ ᠳᠠᠪᠠᠭᠤᠯᠢᠭ ᠠᠵᠤ ᠦᠢᠯᠡᠰ ᠪᠠ ᠣᠨᠴᠠᠯᠢᠭᠲᠤ ᠬᠦᠷᠢᠶᠡᠯᠡᠩ ᠲᠣᠭᠤᠷᠢᠭ ᠤᠨ ᠲᠦᠷᠦᠯ ᠵᠦᠢᠯ ᠢ ᠡᠭᠦᠳᠬᠦ ᠶᠢ ᠬᠦᠰᠡᠵᠦ ᠪᠠᠶᠢᠨ᠎ᠠ ᠭᠡᠪᠡ᠃
222.jpg
       ᠵᠢᠶᠣᠣ ᠵᠢᠶᠠᠨ ᠢᠯᠡᠷᠬᠡᠶᠢᠯᠡᠬᠦ ᠳᠡᠭᠡᠨ᠂ ᠳᠠᠷᠠᠭᠠᠴᠢ ᠶᠢᠨ ᠠᠯᠬᠤᠮ ᠳᠤ ᠺᠣᠮᠫᠠᠨᠢ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠠᠪᠰᠤᠷᠤᠨ ᠲᠡᠳᠬᠦᠬᠦ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠨ᠎ᠠ᠃ ᠡᠭᠦᠨ ᠤ ᠬᠠᠮᠲᠤ᠂ ᠲᠤᠰ ᠤᠳᠠᠭ᠎ᠠ ᠶᠢᠨ ᠶᠠᠷᠢᠯᠴᠠᠬᠤ ᠬᠤᠷᠠᠯ ᠤᠨ ᠭᠤᠣᠯᠳᠠᠯᠭ᠎ᠠ ᠲᠠᠢ ᠵᠥᠪᠯᠡᠬᠦ ᠰᠡᠳᠦᠪ ᠤᠨ ᠶᠣᠰᠣᠭᠠᠷ᠂ ᠳᠤᠮᠳᠠᠳᠤ ᠤᠯᠤᠰ ᠤᠨ ᠵᠦᠩ ᠬᠤᠸᠠ ᠶᠢᠨ ᠡᠯ᠎ᠡ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ︽ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠢᠳᠡᠪᠬᠢᠲᠡᠢ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ ᠲᠠᠢ ᠭᠠᠷ ᠬᠤᠯᠪᠣᠯᠴᠠᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠥᠪᠥᠷ ᠮᠣᠩᠭᠤᠯ ᠤᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠭᠡᠪᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号