ᠤᠯᠠᠭᠠᠨᠬᠠᠳᠠ ᠬᠤᠲᠠ ᠶᠢᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠲᠤᠰᠬᠠᠢ ᠮᠡᠷᠭᠡᠵᠢᠯᠲᠡᠨ 2024 ᠣᠨ ᠤ ᠰᠢᠯᠢ ᠶᠢᠨ ᠭᠤᠣᠯ ᠠᠶᠢᠮᠠᠭ ᠤᠨ ᠬᠡᠭᠡᠷ᠎ᠡ ᠠᠴᠠ ᠠᠪᠤᠭᠰᠠᠨ ᠥᠯᠢᠭᠡᠷ ᠡᠳ᠋ ᠲᠤ ᠶᠠᠰᠤ ᠴᠢᠨᠠᠷ ᠤᠨ ᠡᠵᠡᠮᠳᠡᠯ ᠬᠢᠪᠡ
ᠨᠡᠶᠢᠲᠡᠯᠡᠭᠰᠡᠨ ᠴᠠᠭ᠄
2024/6/4
      ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ 2024 ᠣᠨ ᠤ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠠᠴᠠ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠡᠭᠡᠷ᠎ᠡ ᠠᠴᠠ ᠥᠯᠢᠭᠡᠷ ᠡᠳ᠋ ᠠᠪᠬᠤ ᠠᠵᠢᠯ ᠳᠤ ᠠᠶᠢᠮᠠᠭ ᠬᠤᠲᠠ ᠶᠢᠨ ᠬᠤᠭᠤᠷᠤᠨᠳᠤ ᠬᠠᠷᠢᠯᠴᠠᠨ ᠰᠤᠯᠢᠯᠴᠠᠵᠤ ᠶᠠᠰᠤ ᠴᠢᠨᠠᠷ  ᠢ ᠡᠵᠡᠮᠳᠡᠬᠦ ᠠᠷᠭ᠎ᠠ ᠶᠢ ᠬᠡᠷᠡᠭᠵᠢᠭᠦᠯᠪᠡ᠃ ᠬᠡᠭᠡᠷ᠎ᠡ ᠭᠠᠳᠠᠨᠠᠬᠢ ᠠᠵᠢᠯ ᠤᠨ ᠥᠯᠢᠭᠡᠷ ᠡᠳ᠋ ᠠᠪᠬᠤ ᠶᠠᠰᠤ ᠴᠢᠨᠠᠷ ᠢ ᠡᠵᠡᠮᠳᠡᠬᠦ ᠱᠠᠭᠠᠷᠳᠠᠯᠭ᠎ᠠ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠤᠨ ᠨᠠᠶᠢᠳᠠᠯᠭ᠎ᠠ ᠪᠠᠷ᠂ 5 ᠰᠠᠷ᠎ᠠ ᠶᠢᠨ 29 ᠤ ᠡᠳᠦᠷ ᠠᠴᠠ 31 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠲᠤᠰᠬᠠᠢ ᠮᠡᠷᠭᠡᠵᠢᠯᠲᠡᠨ ᠰᠢᠯᠢ ᠶᠢᠨ ᠭᠤᠣᠯ ᠠᠶᠢᠮᠠᠭ ᠲᠤ ᠬᠦᠷᠴᠦ ᠬᠡᠭᠡᠷ᠎ᠡ  ᠠᠴᠠ ᠥᠯᠢᠭᠡᠷ ᠡᠳ᠋ ᠠᠪᠬᠤ ᠶᠠᠰᠤ ᠴᠢᠨᠠᠷ ᠢ ᠡᠵᠡᠮᠳᠡᠬᠦ ᠠᠵᠢᠯ ᠢ ᠥᠷᠨᠢᠭᠦᠯᠪᠡ᠃ 
11.png
 
22.png
       ᠶᠠᠰᠤ ᠴᠢᠨᠠᠷ ᠢ ᠡᠵᠡᠮᠳᠡᠬᠦ ᠲᠤᠰᠬᠠᠢ ᠮᠡᠷᠭᠡᠵᠢᠯᠲᠡᠨ ᠰᠢᠯᠤᠭᠤᠨ ᠬᠥᠬᠡ ᠬᠤᠰᠢᠭᠤ᠂ ᠲᠤᠯᠤᠨ ᠨᠤᠤᠷ ᠰᠢᠶᠠᠨ ᠤ ᠣᠶ ᠰᠢᠭᠤᠢ ᠡᠪᠡᠰᠦᠲᠦ ᠭᠠᠵᠠᠷ ᠤᠨ ᠦᠯᠢᠭᠡᠷ ᠡᠳ᠋ ᠠᠪᠬᠤ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠲᠥᠰᠥᠯ ᠪᠣᠯᠣᠨ ᠬᠡᠭᠡᠷ᠎ᠡ ᠠᠴᠠ ᠦᠯᠢᠭᠡᠷ ᠡᠳ᠋ ᠠᠪᠬᠤ ᠮᠡᠷᠭᠡᠵᠢᠯ ᠤᠨ ᠵᠢᠷᠤᠮᠵᠢᠯ ᠢ ᠦᠨᠳᠦᠰᠦᠯᠡᠨ᠂ ᠦᠯᠢᠭᠡᠷ ᠡᠳ᠋ ᠠᠪᠬᠤ ᠴᠡᠭ ᠤᠨ ᠦᠨᠳᠦᠰᠦᠨ ᠮᠡᠳᠡᠭᠡ ᠵᠠᠩᠭᠢ  ᠨᠢ ᠣᠨᠣᠪᠴᠢᠲᠠᠶ ᠪᠠᠶᠢᠬᠤ ᠡᠰᠡᠬᠦ᠂ ᠦᠯᠢᠭᠡᠷ ᠡᠳ᠋ ᠠᠪᠬᠤ ᠴᠡᠭ ᠨᠢ ᠲᠥᠯᠥᠭᠡᠯᠡᠬᠦ ᠴᠢᠨᠠᠷ ᠲᠠᠢ ᠪᠠᠶᠢᠬᠤ ᠡᠰᠡᠬᠦ᠂ ᠦᠯᠢᠭᠡᠷ ᠡᠳ᠋ ᠠᠪᠬᠤ ᠠᠷᠭ᠎ᠠ ᠨᠢ ᠲᠣᠬᠢᠷᠠᠮᠵᠢᠲᠠᠢ ᠪᠠᠶᠢᠬᠤ ᠡᠰᠡᠬᠦ᠂ ᠦᠯᠢᠭᠡᠷ ᠡᠳ᠋ ᠠᠪᠬᠤ ᠪᠠᠭᠠᠵᠢ ᠨᠢ ᠲᠣᠬᠢᠷᠠᠮᠵᠢᠲᠠᠢ ᠪᠠᠶᠢᠬᠤ ᠡᠰᠡᠬᠦ᠂ ᠬᠡᠭᠡᠷ᠎ᠡ ᠭᠠᠳᠠᠨᠠᠬᠢ ᠠᠵᠢᠯ ᠤᠨ ᠪᠠᠶᠢᠴᠠᠭᠠᠯᠲᠠ ᠨᠢ ᠪᠦᠷᠢᠨ ᠪᠦᠲᠦᠨ ᠣᠨᠣᠪᠴᠢᠲᠠᠶ ᠪᠠᠶᠢᠬᠤ ᠡᠰᠡᠬᠦ᠂ ᠦᠯᠢᠭᠡᠷ ᠡᠳ᠋ ᠠᠪᠬᠤ ᠶᠠᠪᠤᠴᠠ ᠨᠢ ᠵᠢᠷᠤᠮᠵᠢᠭᠰᠠᠨ ᠡᠰᠡᠬᠦ᠂ ᠡᠯ᠎ᠡ ᠲᠦᠷᠦᠯ ᠤᠨ ᠭᠡᠷᠡᠯ ᠵᠢᠷᠤᠭ ᠸᠢᠳᠢᠤ᠋  ᠨᠢ ᠵᠢᠷᠤᠮᠵᠢᠯ ᠲᠠᠢ᠂ ᠲᠣᠳᠣᠷᠬᠠᠢ ᠪᠠᠶᠢᠬᠤ ᠡᠰᠡᠬᠦ ᠵᠡᠷᠭᠡ ᠲᠠᠯ᠎ᠠ ᠪᠠᠷ ᠪᠠᠶᠢᠴᠠᠭᠠᠯᠲᠠ ᠬᠢᠭᠰᠡᠨ ᠪᠠᠶᠢᠨ᠎ᠠ᠃      ᠶᠠᠰᠤ ᠴᠢᠨᠠᠷ ᠢ ᠡᠵᠡᠮᠳᠡᠬᠦ ᠲᠤᠰᠬᠠᠢ ᠮᠡᠷᠭᠡᠵᠢᠯᠲᠡᠨ ᠲᠤᠬᠠᠢ ᠶᠢᠨ ᠲᠠᠯᠠᠪᠤᠷ ᠠᠴᠠ ᠥᠯᠢᠭᠡᠷ ᠡᠳ᠋ ᠠᠪᠬᠤ ᠶᠠᠪᠤᠴᠠ᠂ ᠪᠠᠶᠢᠴᠠᠭᠠᠯᠲᠠ ᠶᠢᠨ ᠮᠡᠳᠡᠭᠡ ᠵᠠᠩᠭᠢ ᠶᠢ ᠲᠠᠭᠯᠠᠨ ᠪᠢᠴᠢᠬᠦ᠂ ᠬᠡᠷᠡᠯ ᠵᠢᠷᠤᠭ ᠰᠡᠭᠦᠳᠡᠷᠯᠡᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠵᠠᠯᠠᠷᠠᠭᠤᠯᠤᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠰᠠᠨᠠᠯ ᠢ ᠪᠣᠶ ᠪᠣᠯᠭᠠᠵᠤ ᠦᠯᠡᠳᠡᠭᠡᠨ ᠬᠠᠳᠠᠭᠠᠯᠠᠭᠰᠠᠨ ᠪᠠᠶᠢᠨ᠎ᠠ᠃ 
 
ᠢᠷᠡᠯᠲᠡ᠄ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号