ᠥᠪᠥᠷ ᠮᠣᠩᠭᠤᠯ ᠤᠨ ᠵᠡᠭᠦᠨ ᠬᠤᠶᠢᠲᠤ ᠶᠢᠨ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠮᠡᠷᠭᠡᠵᠢᠯ ᠤᠨ ᠵᠠᠭᠪᠤᠷ ︵​ᠨᠢᠭᠡ︶
ᠨᠡᠶᠢᠲᠡᠯᠡᠭᠰᠡᠨ ᠴᠠᠭ᠄
2024/6/4
      ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠠᠷᠤ ᠬᠤᠷᠮᠣᠢ ᠶᠢᠨ ᠥᠨᠳᠥᠷ ᠬᠦᠢᠲᠡᠨ ᠭᠠᠩ ᠬᠠᠭᠤᠷᠠᠢ ᠣᠷᠣᠨ ᠤ ᠬᠠᠷ᠎ᠠ ᠬᠥᠷᠥᠰᠥᠨ ᠳᠤ ᠡᠩ ᠤᠨ ᠲᠠᠷᠢᠶᠠᠯᠠᠭ᠎ᠠ ᠶᠢᠨ ᠨᠥᠬᠦᠴᠡᠯ ᠳᠣᠣᠷ᠎ᠠ᠂ ᠬᠠᠪᠤᠷ ᠤᠨ ᠤᠯᠠᠷᠢᠯ ᠳᠤ ᠰᠠᠯᠬᠢ ᠶᠡᠭᠡ᠂ ᠭᠠᠵᠠᠷ ᠤᠨ ᠬᠦᠷᠦᠰᠦ ᠨᠢ ᠢᠯᠡ᠂ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠰᠢᠷᠣᠢ ᠶᠢᠨ ᠶᠠᠰᠤ ᠴᠢᠨᠠᠷ ᠰᠡᠶᠢᠷᠡᠭ ᠠᠴᠠ ᠪᠣᠯᠵᠤ ᠰᠠᠯᠬᠢᠨ ᠳᠤ ᠢᠳᠡᠭᠳᠡᠵᠦ ᠡᠯᠡᠰᠦᠵᠢᠬᠦ ᠨᠢ ᠬᠦᠨᠳᠦ ᠨᠣᠴᠢᠲᠠᠢ᠂ ᠬᠠᠷ᠎ᠠ ᠬᠥᠷᠥᠰᠥᠨ ᠤ ᠳᠠᠪᠬᠤᠷᠭ᠎ᠠ ᠨᠢᠮᠭᠡᠷᠡᠬᠦ᠂ ᠲᠠᠷᠢᠶᠠᠯᠠᠬᠤ ᠳᠠᠪᠬᠤᠷᠭ᠎ᠠ ᠭᠦᠢᠬᠡᠨ ᠪᠣᠯᠬᠤ ᠪᠠ ᠬᠥᠷᠥᠰᠥᠨ ᠤ ᠰᠢᠮ᠎ᠡ ᠲᠡᠵᠢᠭᠡᠯ ᠠᠯᠳᠠᠭᠳᠠᠬᠤ᠂ ᠬᠠᠪᠤᠷ ᠤᠨ ᠭᠠᠩ ᠬᠠᠭᠤᠷᠠᠢ᠂ ᠳᠣᠣᠷ᠎ᠠ ᠳᠤᠯᠠᠭᠠᠨ ᠵᠡᠷᠭᠡ ᠠᠰᠠᠭᠤᠳᠠᠯ ᠳᠤ ᠴᠢᠭᠯᠡᠭᠦᠯᠦᠨ᠂ ᠪᠤᠭᠤᠳᠠᠢ ᠰᠢᠯᠢᠮᠳᠡᠭ ᠡᠭᠡᠯᠵᠢᠯᠡᠨ ᠲᠠᠷᠢᠵᠤ ᠬᠠᠭᠠᠯᠪᠤᠷᠢᠯᠠᠬᠤ ᠦᠭᠡᠢ ᠪᠠᠷ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠲᠠᠨᠢᠯᠴᠠᠭᠤᠯᠤᠨ᠎ᠠ᠃      ᠭᠤᠣᠯ ᠦᠨᠳᠦᠰᠦᠯᠡᠯ ᠨᠢ᠄ ᠡᠷᠳᠡᠨᠢ ᠰᠢᠰᠢ ᠶᠢᠨ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠨᠢ ᠬᠥᠷᠥᠰᠥ ᠰᠢᠷᠣᠢ ᠶᠢᠨ ᠰᠠᠯᠬᠢᠨ ᠳᠤ ᠢᠳᠡᠭᠳᠡᠵᠦ ᠡᠯᠡᠰᠦᠵᠢᠬᠦ ᠶᠢ ᠰᠡᠷᠭᠡᠶᠢᠯᠡᠨ ᠵᠠᠰᠠᠵᠤ᠂ ᠤᠰᠤ ᠰᠢᠷᠣᠢ ᠶᠢᠨ ᠢᠳᠡᠭᠳᠡᠯ ᠢ ᠪᠠᠭᠠᠰᠬᠠᠨ᠂ ᠬᠥᠷᠥᠰᠥ ᠰᠢᠷᠣᠢ ᠶᠢ ᠰᠢᠮᠡᠵᠢᠭᠦᠯᠵᠦ᠂ ᠬᠥᠷᠥᠰᠥ ᠰᠢᠷᠣᠢ ᠶᠢᠨ ᠤᠰᠤ ᠬᠠᠳᠠᠭᠠᠯᠠᠵᠤ ᠭᠠᠩ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠦᠢ ᠵᠣᠬᠢᠰᠲᠠᠢ ᠡᠭᠡᠯᠵᠢᠯᠡᠨ ᠲᠠᠷᠢᠬᠤ ᠪᠠ ᠬᠠᠭᠠᠯᠪᠤᠷᠢᠯᠠᠬᠤ ᠦᠭᠡᠢ ᠪᠠᠷ ᠲᠠᠷᠢᠬᠤ ᠮᠡᠷᠭᠡᠵᠢᠯ ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠬᠥᠷᠥᠰᠥ ᠰᠢᠷᠣᠢ ᠶᠢᠨ ᠰᠠᠯᠬᠢᠨ ᠳᠤ ᠢᠳᠡᠭᠳᠡᠵᠦ ᠡᠯᠡᠰᠦᠵᠢᠬᠦ ᠶᠢ ᠪᠦᠲᠦᠮᠵᠢᠲᠡᠶ ᠰᠡᠷᠭᠡᠶᠢᠯᠡᠨ ᠵᠠᠰᠠᠵᠤ᠂ ᠬᠥᠷᠥᠰᠥ ᠰᠢᠷᠣᠢ ᠶᠢ ᠢᠳᠡᠭ ᠢᠳᠡᠭ ᠢᠶᠠᠷ ᠰᠢᠮᠡᠵᠢᠭᠦᠯᠦᠨ᠂ ᠬᠥᠷᠥᠰᠥ ᠰᠢᠷᠣᠢ ᠶᠢᠨ ᠭᠠᠩ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠷ᠎ᠠ ᠬᠥᠷᠥᠰᠥ ᠶᠢ ᠬᠠᠮᠠᠭᠠᠯᠠᠵᠤ ᠠᠰᠢᠭᠯᠠᠬᠤ ᠶᠢ ᠬᠠᠮᠲᠤ ᠳᠤᠨᠢ ᠬᠠᠷᠠᠭᠠᠯᠵᠠᠬᠤ ᠵᠣᠷᠢᠯᠭ᠎ᠠ ᠳᠤ ᠬᠦᠷᠦᠭᠦᠯᠦᠨ᠎ᠡ᠃ ᠲᠣᠰ ᠵᠠᠭᠪᠤᠷ ᠨᠢ ᠲᠠᠷᠢᠶᠠᠨ ᠭᠠᠵᠠᠷ ᠤᠨ ᠶᠠᠰᠤ ᠴᠢᠨᠠᠷ ᠢ ᠳᠤᠮᠳᠠᠴᠢ ᠪᠠᠷ 0.2 ᠲᠠᠰ ᠳᠡᠭᠡᠭᠰᠢᠯᠡᠭᠦᠯᠵᠦ᠂ ᠲᠠᠷᠢᠶᠠᠯᠠᠬᠤ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠶᠢ 30cm ᠠᠴᠠ ᠳᠡᠭᠡᠭᠰᠢ ᠪᠣᠯᠲᠠᠯ᠎ᠠ ᠨᠡᠮᠡᠭᠳᠡᠭᠦᠯᠵᠦ᠂ ᠪᠤᠭᠤᠳᠠᠢ ᠶᠢᠨ ᠲᠥᠷᠥᠯ᠂ ᠰᠢᠯᠢᠮᠳᠡᠭ ᠤᠨ ᠭᠠᠷᠤᠯᠲᠠ ᠶᠢ 10% ᠣᠷᠴᠢᠮ ᠢᠶᠠᠷ ᠨᠡᠮᠡᠭᠳᠡᠭᠦᠯᠦᠨ᠎ᠡ᠃ ᠲᠣᠰ ᠮᠡᠷᠭᠡᠵᠢᠯ ᠤᠨ ᠵᠠᠭᠪᠤᠷ ᠢ ᠨᠢᠭᠡᠨᠲᠡ ᠶᠠᠭᠰᠢ ᠬᠤᠲᠠ᠂ ᠬᠠᠶᠢᠯᠠᠷ ᠲᠣᠭᠤᠷᠢᠭ᠂ ᠡᠷᠭᠦᠨ᠎ᠡ ᠬᠤᠲᠠ ᠵᠡᠷᠭᠡ ᠭᠠᠵᠠᠷ ᠣᠷᠣᠨ ᠳᠤ ᠳᠡᠯᠭᠡᠷᠡᠭᠦᠯᠦᠨ ᠵᠢᠱᠢᠶ᠎ᠡ ᠦᠵᠡᠭᠦᠯᠪᠡ᠃      ᠮᠡᠷᠭᠡᠵᠢᠯ ᠤᠨ ᠭᠤᠣᠯᠳᠠᠯᠭ᠎ᠠ᠄ ᠬᠤᠶᠠᠷ ᠵᠢᠯ ᠢᠶᠠᠷ ᠨᠢᠭᠡ ᠦᠶᠡᠯᠡᠯ ᠤᠨ ᠬᠤᠭᠤᠴᠠᠭ᠎ᠠ ᠪᠣᠯᠭᠠᠵᠤ᠂ ᠪᠤᠭᠤᠳᠠᠢ ᠰᠢᠯᠢᠮᠳᠡᠭ ᠡᠭᠡᠯᠵᠢᠯᠡᠨ ᠲᠠᠷᠢᠵᠤ ᠬᠠᠭᠠᠯᠪᠤᠷᠢᠯᠠᠬᠤ ᠦᠭᠡᠢ ᠪᠠᠷ ᠡᠰᠢ ᠰᠦᠷᠡᠯ ᠢ ᠲᠠᠷᠢᠶᠠᠨ‌ᠭᠠᠵᠠᠷ ᠲᠤ ᠪᠤᠴᠠᠭᠠᠬᠤ ᠮᠡᠷᠭᠡᠵᠢᠯ ᠢ ᠬᠡᠷᠡᠭᠵᠢᠭᠦᠯᠦᠨ᠎ᠡ᠂ ᠳᠠᠷᠤᠢ᠄ ᠨᠢᠭᠡᠳᠦᠭᠡᠷ ᠵᠢᠯ ᠳᠤ ᠪᠤᠭᠤᠳᠠᠢ ︵ᠠᠷᠪᠠᠢ︶ ᠳᠠᠷᠢᠵᠤ᠂ ᠮᠠᠰᠢᠨ ᠢᠶᠠᠷ ᠬᠤᠷᠢᠶᠠᠵᠤ ᠭᠤᠤᠷᠰᠤ ᠶᠢ  ᠨᠢ ᠦᠯᠡᠳᠡᠭᠡᠨ᠎ᠡ᠂ ᠥᠨᠳᠥᠷ ᠤᠨ ᠬᠡᠮᠵᠢᠶ᠎ᠡ ᠨᠢ 15~20cm ᠪᠠᠶᠢᠵᠤ᠂ ᠡᠰᠢ ᠰᠦᠷᠡᠯ ᠢ ᠬᠡᠮᠬᠡᠯᠦᠭᠰᠡᠨ ᠤ ᠳᠠᠷᠠᠭ᠎ᠠ ᠭᠠᠵᠠᠷ ᠤᠨ ᠬᠦᠷᠦᠰᠦᠨ ᠲᠡᠭᠡᠷ᠎ᠡ ᠵᠢᠭᠳᠡ ᠪᠠᠷ ᠰᠠᠴᠤᠨ᠎ᠠ᠃ ᠭᠡᠬᠦ ᠳᠡᠭᠡᠨ 100% ᠢᠶᠠᠷ ᠪᠦᠷᠬᠦᠭᠦᠯᠵᠦ᠂ ᠰᠠᠴᠤᠭᠰᠠᠨ ᠨᠢᠮᠭᠡᠨ ᠵᠤᠵᠠᠭᠠᠨ ᠨᠢ ᠨᠢᠭᠡᠳᠦᠯᠲᠡᠢ ᠪᠠᠶᠢᠬᠤ ᠬᠡᠷᠡᠭᠲᠡᠢ︔ ᠳᠠᠷᠠᠭ᠎ᠠ ᠵᠢᠯ  ᠳᠤᠨᠢ ᠨᠠᠷᠬ᠎ᠠ ᠶᠢᠨ ᠭᠤᠤᠷᠰᠤ ᠶᠢ ᠬᠠᠭᠠᠯᠪᠤᠷᠢᠯᠠᠬᠤ ᠦᠭᠡᠢ ᠪᠠᠷ ᠰᠢᠯᠢᠮᠳᠡᠭ ᠲᠠᠷᠢᠵᠤ᠂ ᠨᠠᠮᠤᠷ ᠤᠨ ᠤᠯᠠᠷᠢᠯ ᠳᠤ ᠬᠠᠳᠤᠵᠤ ᠡᠭᠡᠭᠡᠬᠦ ᠦᠶ᠎ᠡ ᠳᠤ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ ᠶᠢ ᠶᠡᠷᠦ ᠳᠡᠭᠡᠨ 20~25cm ᠣᠷᠴᠢᠮ ᠪᠠᠶᠢᠯᠭᠠᠳᠠᠭ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号