ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠩᠭᠠᠨ ᠠᠶᠢᠮᠠᠭ ᠪᠣᠯᠣᠨ ᠲᠦᠩᠯᠢᠶᠣᠣ ᠳᠤ ᠬᠦᠷᠴᠦ ᠠᠯᠢᠰᠤ ᠳᠠᠷᠢᠬᠤ ᠮᠡᠷᠭᠡᠵᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/6/5
      2024 ᠣᠨ ᠳᠤ᠂ ᠬᠥᠯᠥᠨ ᠪᠤᠶᠢᠷ ᠬᠤᠲᠠ ︽ᠠᠮᠢ ᠠᠬᠤᠢ ᠶᠢᠨ ᠡᠪᠡᠰᠦ ᠶᠢ ᠰᠢᠨᠵᠢᠯᠡᠬᠦ ᠤᠬᠠᠭᠠᠨᠴᠢ ᠪᠠᠷ ᠠᠰᠢᠭᠯᠠᠵᠤ᠂ ᠲᠡᠵᠢᠭᠡᠯ ᠪᠣᠷᠳᠣᠭᠠᠨ ᠤ ᠡᠪᠡᠰᠦ ᠶᠢ ᠪᠦᠲᠦᠮᠵᠢᠲᠡᠶ ᠨᠡᠮᠡᠭᠳᠡᠭᠦᠯᠦᠨ᠂ ᠡᠰᠢ ᠰᠦᠷᠡᠯ ᠡᠪᠡᠰᠦ ᠶᠢ ᠭᠦᠢᠴᠡᠳ ᠠᠭᠤᠳᠠᠯᠬᠤ︾ ᠬᠥᠭᠵᠢᠯᠲᠡ ᠶᠢᠨ ᠰᠡᠳᠬᠢᠮᠵᠢ ᠶᠢ ᠪᠠᠷᠢᠮᠲᠠᠯᠠᠵᠤ᠂ ᠠᠯᠢᠰᠤᠨ ᠤ ᠠᠵᠤ ᠦᠢᠯᠡᠰ ᠤᠨ ᠬᠥᠭᠵᠢᠯᠲᠡ ᠶᠢ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠪᠠ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢᠨ ᠴᠢᠬᠤᠯᠠ ᠭᠠᠷᠳᠠᠴᠠ ᠪᠠ ᠠᠷᠭ᠎ᠠ ᠬᠡᠮᠵᠢᠶ᠎ᠡ ᠪᠣᠯᠭᠠᠵᠤ᠂ ᠲᠡᠵᠢᠭᠡᠯ ᠡᠪᠡᠰᠦᠨ ᠤ ᠠᠵᠤ ᠦᠢᠯᠡᠰ ᠤᠨ ᠬᠥᠭᠵᠢᠯᠲᠡ ᠪᠠ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠲᠠᠢ ᠵᠣᠬᠢᠴᠠᠯᠳᠤᠭᠤᠯᠤᠨ ᠠᠬᠢᠭᠤᠯᠬᠤ  ᠪᠠᠷ ᠪᠤᠢ᠃      ᠲᠤᠰ ᠵᠢᠯ ᠤᠨ ᠠᠯᠢᠰᠤ ᠳᠠᠷᠢᠬᠤ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠶᠢᠨ ᠬᠠᠮᠲᠤ ᠬᠥᠷᠰᠢ ᠵᠡᠷᠭᠡᠯᠡᠳᠡᠭᠡ ᠠᠶᠢᠮᠠᠭ ᠬᠤᠲᠠ ᠶᠢᠨ ᠮᠠᠭᠤᠳᠠᠭᠰᠠᠨ ᠪᠡᠯᠴᠢᠭᠡᠷ ᠤᠨ ᠠᠯᠢᠰᠤ ᠶᠢ ᠬᠠᠭᠠᠯᠪᠤᠷᠢᠯᠠᠬᠤ ᠦᠭᠡᠢ ᠪᠠᠷ ᠨᠥᠬᠦᠵᠦ ᠳᠠᠷᠢᠬᠤ ᠮᠡᠷᠭᠡᠵᠢᠯ ᠢ ᠰᠤᠷᠤᠯᠴᠠᠨ ᠯᠠᠪᠯᠠᠯᠲᠠ ᠪᠤᠯᠭᠠᠬᠤ ᠶᠢᠨ ᠲᠦᠯᠦᠭᠡ᠂ ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 2024 ᠣᠨ ᠤ ᠠᠯᠢᠰᠤ ᠳᠠᠷᠢᠬᠤ ᠡᠭᠦᠷᠭᠡ ᠶᠢ ᠡᠭᠦᠷᠭᠡᠯᠡᠵᠦ ᠪᠠᠶᠢᠭ᠎ᠠ ᠰᠢᠨ᠎ᠡ ᠪᠠᠷᠭᠤ ᠪᠠᠷᠠᠭᠤᠨ ᠬᠤᠰᠢᠭᠤ᠂ ᠬᠠᠭᠤᠴᠢᠨ ᠪᠠᠷᠭᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠵᠢᠯᠲᠠᠨ ᠪᠠ ᠳᠠᠷᠢᠬᠤ ᠬᠦᠰᠡᠯ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠰᠢᠶᠣᠣ ᠵᠢᠶᠧ ᠵᠢᠢ ᠪᠠᠯᠭᠠᠰᠤ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠪᠠ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃      ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠳᠡᠮᠵᠢᠨ᠂ ᠦᠨᠳᠦᠰᠦᠨ ᠱᠠᠲᠤᠨ ᠤ ᠠᠵᠢᠯᠲᠠᠨ ᠪᠠ ᠳᠠᠷᠢᠬᠤ ᠠᠵᠤ ᠠᠬᠤᠶᠢᠯᠠᠯ ᠤᠨ ᠠᠯᠢᠰᠤ ᠶᠢ ᠬᠠᠭᠠᠯᠪᠤᠷᠢᠯᠠᠬᠤ ᠦᠭᠡᠢ ᠪᠠᠷ ᠨᠥᠬᠦᠵᠦ ᠳᠠᠷᠢᠬᠤ ᠲᠤᠰᠬᠠᠢ ᠮᠡᠷᠭᠡᠵᠢᠯ ᠢ ᠳᠡᠭᠡᠭᠰᠢᠯᠡᠭᠦᠯᠵᠦ᠂ ᠪᠤᠰᠤᠳ ᠠᠶᠢᠮᠠᠭ ᠬᠤᠲᠠ ᠶᠢᠨ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠰᠢᠩᠭᠡᠬᠡᠨ ᠠᠪᠴᠤ᠂ ᠬᠥᠯᠥᠨ ᠪᠤᠶᠢᠷ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ ᠠᠯᠢᠰᠤ ᠳᠠᠷᠢᠬᠤ ᠠᠵᠢᠯ ᠢ ᠥᠷᠨᠢᠭᠦᠯᠬᠦ ᠶᠢᠨ ᠬᠠᠮᠲᠤ ᠠᠶᠢᠮᠠᠭ ᠬᠤᠲᠠ ᠶᠢᠨ ᠬᠤᠭᠤᠷᠣᠨᠳᠣᠬᠢ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠪᠠ᠃      ᠬᠥᠯᠥᠨ ᠪᠤᠶᠢᠷ ᠬᠤᠲᠠ ᠶᠢᠨ ᠠᠯᠢᠰᠤᠨ ᠤ ᠲᠠᠯ᠎ᠠ ᠨᠤᠲᠤᠭ ᠤᠨ ᠲᠠᠯᠠᠪᠠᠶ 4226 ᠲᠦᠮᠡᠨ ᠮᠦ ᠪᠠᠶᠢᠵᠤ᠂ ᠪᠦᠬᠦ ᠣᠷᠣᠨ ᠤ ᠠᠯᠢᠰᠤ ᠪᠡᠯᠴᠢᠭᠡᠷ ᠤᠨ ᠭᠤᠣᠯ ᠪᠠᠶᠢᠯᠳᠤᠭᠠᠨ ᠤ ᠲᠠᠯᠠᠪᠤᠷ ᠪᠤᠯᠪᠠ᠃ 2023 ᠣᠨ ᠳᠤ ᠪᠠᠶᠢᠭᠠᠯᠢ ᠶᠢᠨ ᠬᠠᠭᠤᠷᠠᠢ ᠡᠪᠡᠰᠦ ᠪᠡᠯᠴᠢᠭᠡᠷ ᠤᠨ ᠭᠠᠷᠤᠯᠲᠠ ᠪᠥᠬᠦ ᠣᠷᠣᠨ ᠳᠤ ᠲᠡᠷᠢᠭᠦᠯᠡᠵᠦ᠂ ᠲᠠᠷᠠᠭᠠᠴᠢ ᠶᠢᠨ ᠠᠯᠬᠤᠮ ᠳᠤ ᠨᠤᠲᠤᠭ ᠪᠡᠯᠴᠢᠭᠡᠷ ᠤᠨ ᠠᠮᠢ ᠠᠬᠤᠢ ᠶᠢᠨ ᠰᠠᠶᠢᠨ ᠣᠷᠴᠢᠯ ᠪᠠ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠲᠠᠷᠢᠮᠠᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠬᠡᠪᠴᠢᠶ᠎ᠡ ᠶᠢ ᠥᠷᠭᠡᠳᠬᠡᠬᠦ᠂ ᠲᠠᠷᠢᠮᠠᠯ ᠡᠪᠡᠰᠦ ᠪᠣᠷᠳᠣᠭᠠᠨ ᠤ ᠲᠥᠪ ᠲᠣᠭᠤᠭᠠᠨ ᠭᠡᠷ ᠢ ᠪᠦᠲᠦᠭᠡᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨᠴᠢ ᠪᠠᠷ ᠮᠠᠯᠵᠢᠬᠤ ᠪᠠ ᠬᠠᠰᠢᠶᠠᠯᠠᠨ ᠲᠡᠵᠢᠭᠡᠬᠦ᠂ ᠬᠠᠭᠠᠰ ᠬᠠᠰᠢᠶᠠᠯᠠᠨ ᠲᠡᠵᠢᠭᠡᠬᠦ ᠲᠡᠵᠢᠭᠡᠨ ᠦᠷᠡᠵᠢᠭᠦᠯᠬᠦ ᠠᠬᠢᠴᠠ ᠶᠢ ᠲᠦᠯᠬᠢᠨ ᠠᠬᠢᠭᠤᠯᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠤᠯᠤᠨ᠎ᠠ᠃
图片1.png
 
ᠢᠷᠡᠯᠲᠡ᠄ ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号