ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠨᠡᠷᠡᠰ ᠤᠨ ᠵᠢᠭᠰᠠᠭᠠᠯᠲᠠ ᠶᠢᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/6/5
      ᠶᠡᠷᠦᠩᠬᠡᠢ ᠱᠦᠵᠢ ᠰᠢ ᠶᠢᠨ ᠫᠢᠩ ᠤᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠮᠠᠨ ᠤ ᠣᠷᠣᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠲᠣᠬᠢᠲᠠᠢ ᠬᠠᠮᠠᠭᠠᠯᠠᠬᠤ ᠪᠠ ᠭᠦᠢᠴᠡᠳ ᠠᠰᠢᠭᠯᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠬᠢᠭᠡᠳ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾᠂ ︽ᠲᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 56 ᠳ᠋ᠤᠭᠠᠷ ᠲᠣᠭᠠᠲᠤ︶ ᠶᠣᠰᠣᠭᠠᠷ᠂ ᠮᠠᠨ ᠤ ᠣᠷᠣᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠪᠠᠶᠢᠳᠠᠯ ᠲᠠᠢ ᠤᠶᠠᠯᠳᠤᠭᠤᠯᠤᠨ᠂ ᠪᠦᠬᠦ ᠲᠠᠯ᠎ᠠ ᠶᠢᠨ ᠨᠡᠶᠢᠳᠡᠮ ᠤᠨ ᠪᠠᠶᠢᠴᠠᠭᠠᠯᠲᠠ᠂ ᠰᠢᠰᠲ᠋ᠧᠮ ᠤᠨ ᠪᠠᠶᠢᠴᠠᠭᠠᠯᠲᠠ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠮᠠᠨ ᠤ ᠣᠷᠣᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠨᠡᠶᠢᠳᠡᠮ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠮᠣᠩᠭᠤᠯ ᠬᠤᠨᠢ ᠵᠡᠷᠭᠡ 20 ᠣᠷᠣᠨ ᠨᠤᠲᠤᠭ ᠤᠨ ᠡᠭᠦᠯᠳᠡᠷ ᠪᠠ ᠰᠠᠨ ᠾᠧ ᠦᠬᠡᠷ ᠵᠡᠷᠭᠡ 12 ᠪᠤᠶᠢᠵᠢᠭᠤᠯᠤᠭᠰᠠᠨ ᠡᠭᠦᠯᠳᠡᠷ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ︾ ᠳᠤ ᠣᠷᠣᠭᠤᠯᠤᠨ ᠬᠠᠮᠠᠭᠠᠯᠠᠬᠤ ᠪᠠᠷ ᠪᠣᠢ᠂ ᠡᠳᠦᠭᠡ ᠵᠠᠷᠯᠠᠨ ᠨᠡᠶᠢᠲᠡᠯᠡᠵᠦ ᠪᠠᠶᠢᠨ᠎ᠠ᠃    ᠵᠠᠷᠯᠠᠨ ᠨᠡᠶᠢᠲᠡᠯᠡᠬᠦ ᠬᠤᠭᠤᠴᠠᠭ᠎ᠠ  ᠨᠢ 2024 ᠣᠨ ᠤ 6 ᠰᠠᠷ᠎ᠠ ᠶᠢᠨ 5 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠃ ᠬᠡᠷᠪᠡ ᠣᠨᠳᠣᠣ ᠰᠠᠨᠠᠯ ᠲᠠᠢ ᠪᠣᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ ᠲᠤ ᠬᠠᠷᠢᠭᠤ ᠳᠤᠰᠬᠠᠭᠠᠷᠠᠢ᠃    ᠬᠠᠷᠢᠯᠴᠠᠬᠤ ᠬᠥᠮᠥᠨ᠄ ᠼᠤᠤ ᠯᠢ ᠯᠢ    ᠬᠢᠨᠠᠯᠲᠠ ᠲᠠᠯᠪᠢᠬᠤ ᠤᠲᠠᠰᠤ᠄ 0471 - 6651841    ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠲᠣᠭᠠᠲᠤ     ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠨᠡᠷᠡᠰ ᠤᠨ ᠵᠢᠭᠰᠠᠭᠠᠯᠲᠠ                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2024 ᠣᠨ ᠤ 6 ᠰᠠᠷ᠎ᠠ ᠶᠢᠨ 5 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号