ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠲᠤᠭ᠎ᠠ ᠪᠠᠷᠢᠮᠲᠠ ᠶᠢ ᠵᠣᠯᠭᠠᠭᠤᠯᠤᠨ ᠳᠦᠷᠢᠮᠵᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/6/5
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ᠂ ᠪᠡᠭᠡᠵᠢᠩ ᠤᠨ ᠵᠢᠩ ᠸᠧᠢ ᠪᠣᠳᠠᠰ ᠤᠨ ᠬᠤᠯᠪᠣᠭ᠎ᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠲᠤᠭ᠎ᠠ ᠪᠠᠷᠢᠮᠲᠠ ᠶᠢ ᠵᠠᠯᠭᠠᠨ ᠣᠷᠣᠭᠤᠯᠬᠤ ᠠᠵᠤ ᠠᠬᠤᠶᠢᠯᠠᠯ ᠳᠤ᠄      ᠬᠡᠷᠡᠭᠯᠡᠭᠡᠨ ᠤ ᠳᠣᠬᠢᠭᠤᠷ ᠲᠤᠯᠤᠭᠠᠨ ᠣᠲᠣ ᠳᠠᠭᠠᠭᠤᠯᠢ ᠣᠲᠣ ᠪᠠᠷ ᠣᠷᠣᠨ ᠪᠠᠶᠢᠷᠢ ᠲᠣᠭᠲᠠᠭᠠᠬᠤ ᠮᠡᠷᠭᠡᠵᠢᠯ ᠢ ᠰᠦᠪᠡᠭᠴᠢᠯᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢᠶᠠᠷ ᠠᠵᠢᠯᠯᠠᠬᠤ ᠶᠢ ᠬᠢᠨᠠᠨ ᠬᠡᠮᠵᠢᠬᠦ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠠᠵᠢᠯ ᠢ ᠥᠷᠨᠢᠭᠦᠯᠦᠨ᠂ ᠲᠠᠷᠢᠶᠠᠯᠠᠩ ᠤᠨ ᠮᠠᠰᠢᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠨᠠᠷ ᠰᠠᠶᠢᠲᠠᠢ ᠲᠦᠯᠬᠢᠨ ᠠᠬᠢᠭᠤᠯᠬᠤ ᠪᠣᠯ ᠮᠠᠨ ᠤ ᠣᠷᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠤᠨ ᠨᠢᠭᠡ ᠪᠣᠯᠣᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ︾ ︵ᠳᠣᠷᠣᠭᠰᠢ᠄ ᠲᠠᠪᠴᠠᠩ ᠭᠡᠵᠦ ᠲᠣᠪᠴᠢᠯᠠᠨ᠎ᠠ︶ ᠤᠨ ᠲᠤᠭ᠎ᠠ ᠪᠠᠷᠢᠮᠲᠠ ᠶᠢ ᠬᠢᠨᠠᠨ ᠬᠠᠮᠢᠶᠠᠷᠬᠤ᠂ ᠲᠤᠭ᠎ᠠ ᠪᠠᠷᠢᠮᠲᠠ ᠴᠤᠭᠯᠠᠭᠤᠯᠬᠤ᠂ ᠲᠤᠭ᠎ᠠ ᠪᠠᠷᠢᠮᠲᠠ ᠶᠢ ᠵᠣᠯᠭᠠᠭᠤᠯᠬᠤ᠂ ᠲᠤᠭ᠎ᠠ ᠪᠠᠷᠢᠮᠲᠠ ᠶᠢ ᠪᠦᠷᠢᠨᠰᠢᠭᠦᠯᠬᠦ ᠪᠠ ᠲᠤᠭ᠎ᠠ ᠪᠠᠷᠢᠮᠲᠠ ᠶᠢ ᠬᠡᠷᠡᠭᠯᠡᠬᠦ ᠵᠡᠷᠭᠡ ᠲᠠᠯ᠎ᠠ ᠶᠢᠨ ᠵᠦᠢᠯᠡᠰ ᠢ ᠡᠳᠦᠭᠡ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠬᠢᠨᠠᠨ ᠬᠠᠮᠢᠶᠠᠷᠬᠤ ᠠᠵᠢᠯ      ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠬᠠᠷᠢᠶ᠎ᠠ ᠭᠠᠵᠠᠷ ᠤᠨ ᠠᠵᠢᠯ ᠤᠨ ᠬᠢᠨᠠᠨ ᠬᠡᠮᠵᠢᠬᠦ ᠲᠥᠬᠦᠭᠡᠷᠦᠮᠵᠢ ᠳᠤ ᠦᠢᠯᠡᠴᠢᠯᠡᠬᠦ ᠶᠢ ᠬᠠᠷᠢᠭᠤᠴᠠᠵᠤ ᠪᠠᠶᠢᠭ᠎ᠠ ᠠᠵᠤ ᠠᠬᠤᠶᠢᠯᠠᠯ ᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ᠂ ᠪᠥᠬᠦ ᠲᠠᠯ᠎ᠠ ᠪᠠᠷ ᠬᠦᠷᠭᠡᠬᠦ ᠪᠠᠷ ᠱᠠᠭᠠᠷᠳᠠᠨ᠂ ᠲᠤᠭ᠎ᠠ ᠪᠠᠷᠢᠮᠲᠠ ᠶᠢ ᠵᠠᠯᠭᠠᠨ ᠣᠷᠣᠭᠤᠯᠬᠤ ᠦᠭᠡᠢ᠂ ᠵᠠᠯᠭᠠᠨ ᠤᠷᠤᠭᠤᠯᠤᠭᠰᠠᠨ ᠨᠢ ᠴᠠᠭ ᠲᠤᠬᠠᠢ ᠳᠤ ᠨᠢ ᠪᠤᠰᠤ᠂ ᠪᠥᠬᠦ ᠲᠠᠯ᠎ᠠ ᠶᠢᠨ ᠪᠤᠰᠤ ᠬᠢᠨᠠᠨ ᠬᠡᠮᠵᠢᠬᠦ ᠲᠥᠬᠦᠭᠡᠷᠦᠮᠵᠢ ᠶᠢᠨ ᠠᠵᠤ ᠠᠬᠤᠶᠢᠯᠠᠯ ᠢ ᠰᠢᠢᠳᠪᠦᠷᠢᠯᠡᠬᠦ ᠡᠷᠬᠡ ᠲᠠᠢ᠂ ᠬᠠᠷᠢᠶ᠎ᠠ ᠭᠠᠵᠠᠷ ᠤᠨ ᠲᠤᠭ᠎ᠠ ᠪᠠᠷᠢᠮᠲᠠ ᠶᠢ ᠰᠢᠯᠵᠢᠭᠦᠯᠦᠨ ᠠᠪᠬᠤ ᠡᠷᠬᠡ ᠲᠠᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ︵ᠲᠠᠷᠢᠶᠠᠯᠠᠩ ᠤᠨ ᠮᠠᠰᠢᠨ ᠤ ᠭᠠᠵᠠᠷ︶ ᠨᠢ ᠲᠠᠪᠴᠠᠩ ᠤᠨ ᠠᠵᠢᠯᠯᠠᠭ᠎ᠠ ᠬᠠᠮᠠᠭᠠᠯᠠᠯᠲᠠ ᠪᠠ ᠲᠤᠭ᠎ᠠ ᠪᠠᠷᠢᠮᠲᠠ ᠶᠢ ᠰᠢᠯᠵᠢᠭᠦᠯᠦᠨ ᠠᠪᠬᠤ᠂ ᠬᠤᠷᠢᠶᠠᠩᠭᠤᠶᠢᠯᠠᠨ ᠪᠦᠷᠢᠳᠬᠡᠬᠦ ᠳᠤ ᠬᠠᠮᠵᠢᠯᠴᠠᠨ ᠲᠤᠰᠠᠯᠠᠵᠤ᠂ ᠲᠤᠭ᠎ᠠ ᠪᠠᠷᠢᠮᠲᠠ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢᠨ ᠬᠠᠮᠲᠤ ᠴᠢᠳᠠᠮᠵᠢ ᠶᠢ ᠲᠡᠭᠦᠯᠳᠡᠷᠵᠢᠭᠦᠯᠬᠦ ᠰᠠᠨᠠᠯ ᠢ ᠴᠠᠭ ᠲᠤᠨᠢ ᠲᠣᠬᠢᠷᠠᠭᠤᠯᠤᠨ ᠳᠤᠷᠠᠳᠬᠤ ᠬᠡᠷᠡᠭᠲᠡᠢ᠃ ᠪᠡᠭᠡᠵᠢᠩ ᠤᠨ ᠵᠢᠩ ᠸᠧᠢ ᠪᠣᠳᠠᠰ ᠤᠨ ᠬᠤᠯᠪᠣᠭ᠎ᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ︵ᠲᠠᠪᠴᠠᠩ ᠤᠨ ᠮᠡᠷᠭᠡᠵᠢᠯ ᠤᠨ ᠲᠤᠯᠭᠠᠭᠤᠷᠢᠯᠠᠬᠤ ᠨᠢᠭᠡᠴᠡ︶ ᠨᠢ ᠲᠠᠪᠴᠠᠩ ᠤᠨ ᠵᠢᠷᠤᠭ ᠲᠥᠯᠥᠪᠯᠡᠭᠡ᠂ ᠡᠳᠦᠷ ᠲᠤᠲᠤᠮ ᠤᠨ ᠠᠵᠢᠯᠯᠠᠭᠤᠯᠵᠤ ᠬᠠᠮᠠᠭᠠᠯᠠᠬᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠲᠣᠭᠲᠠᠭᠰᠠᠨ ᠴᠠᠭ ᠲᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠲᠤᠭ᠎ᠠ ᠪᠠᠷᠢᠮᠲᠠ ᠶᠢ ᠵᠠᠯᠭᠠᠨ ᠣᠷᠣᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠬᠠᠷᠢᠭᠤ ᠮᠡᠳᠡᠭᠦᠯᠵᠦ᠂ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠳᠠᠭᠠᠯᠠᠨ ᠬᠠᠮᠢᠶᠠᠷᠬᠤ ᠪᠠ ᠨᠢᠭᠤᠴᠠ ᠶᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠡᠷᠬᠡ ᠣᠯᠭᠤᠭᠰᠠᠨ ᠦᠭᠡᠢ ᠪᠠᠷ ᠲᠤᠭ᠎ᠠ ᠪᠠᠷᠢᠮᠲᠠ ᠶᠢ ᠭᠠᠳᠠᠭᠰᠢ ᠵᠠᠳᠠᠷᠠᠭᠤᠯᠵᠤ ᠪᠣᠯᠬᠤ ᠦᠭᠡᠢ᠃      ᠬᠤᠶᠠᠷ᠂ ᠲᠤᠭ᠎ᠠ ᠪᠠᠷᠢᠮᠲᠠ ᠴᠤᠭᠯᠠᠭᠤᠯᠬᠤ ᠪᠠ ᠵᠣᠯᠭᠠᠭᠤᠯᠬᠤ      ᠠᠵᠢᠯ ᠤᠨ ᠬᠢᠨᠠᠨ ᠬᠡᠮᠵᠢᠬᠦ ᠲᠥᠬᠦᠭᠡᠷᠦᠮᠵᠢ ᠶᠢᠨ ᠠᠵᠤ ᠠᠬᠤᠶᠢᠯᠠᠯ ︵ᠶᠡᠷᠦᠩᠬᠡᠶᠢᠯᠡᠭᠰᠡᠨ ᠨᠡᠷᠡᠶᠢᠳᠦᠯ᠄ ᠲᠤᠭ᠎ᠠ ᠪᠠᠷᠢᠮᠲᠠ ᠶᠢ ᠵᠠᠯᠭᠠᠨ ᠣᠷᠣᠭᠤᠯᠬᠤ ᠠᠵᠤ ᠠᠬᠤᠶᠢᠯᠠᠯ︶ ᠨᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠠᠵᠢᠯ ᠤᠨ ᠬᠢᠨᠠᠨ ᠬᠡᠮᠵᠢᠬᠦ ᠲᠥᠬᠦᠭᠡᠷᠦᠮᠵᠢ ᠶᠢ ᠤᠭᠰᠠᠷᠠᠬᠤ᠂ ᠲᠣᠬᠢᠷᠠᠭᠤᠯᠤᠨ ᠲᠤᠷᠰᠢᠬᠤ᠂ ᠲᠤᠭ᠎ᠠ ᠪᠠᠷᠢᠮᠲᠠ ᠶᠢ ᠰᠢᠯᠵᠢᠭᠦᠯᠦᠨ ᠠᠪᠬᠤ ᠶᠢ ᠰᠠᠶᠢᠲᠤᠷ ᠬᠢᠬᠦ ᠬᠡᠷᠡᠭᠲᠡᠢ᠃ ᠬᠢᠨᠠᠨ ᠬᠡᠮᠵᠢᠬᠦ ᠲᠥᠬᠦᠭᠡᠷᠦᠮᠵᠢ ᠳᠤ ᠡᠷᠬᠡᠪᠰᠢ ᠳᠠᠭᠠᠭᠤᠯᠢ ᠤᠳᠤᠨ ᠤ ᠣᠷᠣᠨ ᠪᠠᠶᠢᠷᠢ ᠲᠣᠭᠲᠠᠭᠠᠬᠤ ᠰᠢᠰᠲ᠋ᠧᠮ᠂ ᠷᠠᠳᠢᠣ᠋ ᠬᠤᠯᠪᠣᠭ᠎ᠠ᠂ ᠮᠠᠰᠢᠨ ᠪᠠᠭᠠᠵᠢ ᠶᠢ ᠢᠯᠭᠠᠨ ᠲᠠᠨᠢᠬᠤ᠂ ᠲᠠᠷᠢᠶᠠᠨ ᠭᠠᠵᠠᠷ ᠤᠨ ᠭᠠᠵᠠᠷ ᠤᠨ ᠭᠠᠳᠠᠷᠭᠤ ᠶᠢᠨ ᠡᠰᠢ ᠰᠦᠷᠡᠯ ︵ᠲᠠᠷᠢᠶᠠᠨ ᠦᠯᠡᠳᠡᠭᠳᠡᠯ︶ ᠢ ᠪᠦᠷᠬᠦᠭᠰᠡᠨ ᠵᠢᠷᠤᠭ ᠳᠦᠷᠰᠦ ᠶᠢ ᠴᠤᠭᠯᠠᠭᠤᠯᠬᠤ᠂ ᠳᠠᠷᠢᠬᠤ ᠲᠠᠯᠠᠪᠠᠢ ᠶᠢ ᠬᠡᠮᠵᠢᠬᠦ᠂ ᠠᠵᠢᠯ ᠤᠨ ᠵᠠᠮ ᠢ ᠲᠡᠮᠳᠡᠭᠯᠡᠬᠦ᠂ ᠰᠡᠷᠡᠮᠵᠢ ᠶᠢᠨ ᠳᠣᠬᠢᠶ᠎ᠠ ᠶᠢ ᠦᠵᠡᠭᠦᠯᠬᠦ ᠵᠡᠷᠭᠡ ᠴᠢᠳᠠᠮᠵᠢ ᠶᠢ ᠪᠠᠭᠲᠠᠭᠠᠭᠰᠠᠨ ᠪᠠᠶᠢᠬᠤ ᠬᠡᠷᠡᠭᠲᠡᠢ︔ ᠲᠤᠭ᠎ᠠ ᠪᠠᠷᠢᠮᠲᠠ ᠰᠢᠢᠳᠪᠦᠷᠢᠯᠡᠬᠦ ᠲᠠᠪᠴᠠᠩ ᠨᠢ ᠦᠷ᠎ᠡ ᠰᠠᠴᠤᠬᠤ ᠶᠢ ᠬᠢᠨᠠᠨ ᠬᠡᠮᠵᠢᠬᠦ ᠦᠵᠦᠭᠦᠷ ᠤᠨ ᠦᠢᠯᠡᠳᠪᠦᠷᠢ ᠶᠢᠨ ᠳᠡᠭᠡᠭᠰᠢ ᠳᠠᠮᠵᠢᠭᠤᠯᠤᠭᠰᠠᠨ ᠠᠵᠢᠯ ᠤᠨ ᠮᠡᠳᠡᠭᠡ ᠵᠠᠩᠭᠢ ᠶᠢ ᠭᠥᠯᠢᠶᠡᠨ ᠠᠪᠬᠤ᠂ ᠦᠷ᠎ᠡ ᠰᠠᠴᠤᠬᠤ ᠲᠠᠯᠠᠪᠠᠶ᠂ ᠡᠰᠢ ᠰᠦᠷᠡᠯ ᠤᠨ ᠪᠦᠷᠬᠦᠴᠡ ᠶᠢᠨ ᠨᠣᠷᠮ᠎ᠠ᠂ ᠦᠷ᠎ᠡ ᠰᠠᠴᠤᠬᠤ ᠵᠠᠮ ᠮᠥᠷ ᠵᠢᠴᠢ ᠦᠷ᠎ᠡ ᠰᠠᠴᠤᠬᠤ ᠮᠥᠬᠦᠯᠢᠭ ᠤᠨ ᠲᠤᠭ᠎ᠠ ᠪᠤᠶᠤ ᠳᠠᠷᠢᠬᠤ ᠬᠡᠮᠵᠢᠶ᠎ᠡ ᠶᠢ ᠰᠢᠢᠳᠪᠦᠷᠢᠯᠡᠬᠦ᠂ ᠳᠠᠭᠠᠭᠤᠯᠤᠨ ᠭᠠᠷᠭᠠᠬᠤ᠂ ᠬᠤᠷᠢᠶᠠᠩᠭᠤᠶᠢᠯᠠᠬᠤ᠂ ᠪᠦᠷᠢᠳᠬᠡᠬᠦ ᠵᠡᠷᠭᠡ ᠴᠢᠳᠠᠮᠵᠢ ᠲᠠᠢ ᠪᠠᠶᠢᠬᠤ ᠬᠡᠷᠡᠭᠲᠡᠢ᠃ ᠲᠤᠭ᠎ᠠ ᠪᠠᠷᠢᠮᠲᠠ ᠶᠢ ᠴᠤᠭᠯᠠᠭᠤᠯᠤᠭᠰᠠᠨ ᠤ ᠳᠠᠷᠠᠭ᠎ᠠ᠂ ᠡᠷᠬᠡᠪᠰᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠴᠤᠭᠯᠠᠭᠤᠯᠤᠭᠰᠠᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠲᠠᠪᠴᠠᠩ  ᠲᠠᠢ ᠵᠣᠯᠭᠠᠭᠤᠯᠤᠨ ᠳᠠᠮᠵᠢᠭᠤᠯᠵᠤ᠂ ᠲᠤᠭ᠎ᠠ ᠪᠠᠷᠢᠮᠲᠠ ᠶᠢᠨ ᠴᠠᠭ ᠲᠤᠬᠠᠶᠢᠴᠢ ᠴᠢᠨᠠᠷ᠂ ᠣᠨᠣᠪᠴᠢᠲᠤ ᠴᠢᠨᠠᠷ᠂ ᠪᠥᠬᠦ ᠲᠠᠯᠠᠲᠤ ᠴᠢᠨᠠᠷ ᠢ ᠦᠨᠡᠨ ᠬᠦ ᠪᠠᠲᠤᠯᠠᠵᠤ᠂ ᠵᠣᠷᠢᠭᠤᠳᠠ ᠲᠠᠰᠤᠷᠬᠠᠢ ᠺᠣᠳ᠋᠂ ᠳᠤᠲᠠᠭᠤ ᠵᠤᠷᠪᠤᠰ ᠵᠡᠷᠭᠡ ᠶᠢ ᠲᠣᠬᠢᠷᠠᠭᠤᠯᠤᠨ ᠲᠤᠭ᠎ᠠ ᠪᠠᠷᠢᠮᠲᠠ ᠶᠢ ᠳᠠᠮᠵᠢᠭᠤᠯᠤᠨ ᠵᠣᠯᠭᠠᠭᠤᠯᠬᠤ ᠶᠢ ᠬᠠᠷᠰᠢᠯᠠᠵᠤ ᠪᠣᠯᠬᠤ ᠦᠭᠡᠢ᠃ ᠲᠤᠭ᠎ᠠ ᠪᠠᠷᠢᠮᠲᠠ ᠶᠢ ᠵᠠᠯᠭᠠᠵᠤ ᠣᠷᠣᠭᠤᠯᠬᠤ ᠠᠵᠤ ᠠᠬᠤᠶᠢᠯᠠᠯ ᠨᠢ ᠠᠵᠢᠯᠯᠠᠬᠤ ᠮᠠᠰᠢᠨ ᠴᠣᠭᠴᠠᠯᠠᠪᠤᠷᠢ ᠶᠢᠨ ᠬᠡᠷᠡᠭᠯᠡᠭᠴᠢ ᠠᠴᠠ ᠳᠤᠷ᠎ᠠ ᠪᠠᠷ ᠢᠶᠠᠨ ᠢᠯᠡᠭᠦᠴᠡ ᠰᠦᠢᠳᠬᠡᠯ ᠬᠤᠷᠢᠶᠠᠵᠤ ᠪᠣᠯᠬᠤ ᠦᠭᠡᠢ᠃      ᠭᠤᠷᠪᠠ᠂ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ ᠶᠢ ᠵᠣᠯᠭᠠᠭᠤᠯᠬᠤ ᠱᠠᠭᠠᠷᠳᠠᠯᠭ᠎ᠠ      ᠠᠵᠢᠯ ᠤᠨ ᠶᠠᠰᠤ ᠴᠢᠨᠠᠷ ᠢ ᠠᠯᠤᠰ ᠠᠴᠠ ᠬᠢᠨᠠᠨ ᠬᠡᠮᠵᠢᠬᠦ ᠶᠢ ᠴᠢᠩᠭᠠᠷᠠᠭᠤᠯᠵᠤ᠂ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠢ ᠪᠠᠷ ᠲᠠᠷᠢᠶᠠᠯᠠᠬᠤ᠂ ᠲᠠᠷᠢᠶᠠᠯᠠᠩ ᠤᠨ ᠮᠠᠰᠢᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠦᠷᠢ ᠶᠢ ᠭᠥᠷᠳᠡᠬᠦ ᠠᠵᠢᠯ ᠤᠨ ᠮᠠᠰᠢᠨ ᠪᠠᠭᠠᠵᠢ ᠳᠤ ᠡᠷᠬᠡᠪᠰᠢ ᠠᠵᠢᠯ ᠤᠨ ᠬᠢᠨᠠᠨ ᠬᠡᠮᠵᠢᠬᠦ ᠲᠥᠬᠦᠭᠡᠷᠦᠮᠵᠢ ᠶᠢ ᠪᠦᠬᠦᠨ ᠢ ᠤᠭᠰᠠᠷᠠᠬᠤ ᠬᠡᠷᠡᠭᠲᠡᠢ᠃ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ᠂ ᠲᠣᠰ ᠭᠠᠵᠠᠷ ᠣᠷᠣᠨ ᠤ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠶᠢ ᠬᠢᠨᠠᠨ ᠬᠡᠮᠵᠢᠬᠦ ᠠᠵᠢᠯ ᠳᠤ ᠣᠷᠣᠯᠴᠠᠭᠰᠠᠨ ᠳᠣᠬᠢᠭᠤᠷ ᠲᠤᠯᠤᠭᠠᠨ ᠣᠲᠣ ᠦᠵᠦᠭᠦᠷ ᠲᠥᠬᠦᠭᠡᠷᠦᠮᠵᠢ ᠶᠢᠨ ᠦᠢᠯᠡᠳᠪᠦᠷᠢ ᠶᠢᠨ ᠬᠢᠨ ᠢ ᠲᠠᠪᠴᠠᠩ ᠤᠨ ᠮᠡᠷᠭᠡᠵᠢᠯ ᠢᠶᠠᠷ ᠲᠤᠯᠭᠠᠭᠤᠷᠢᠯᠠᠬᠤ ᠨᠢᠭᠡᠴᠡ ᠲᠠᠢ ᠪᠥᠬᠦ ᠲᠠᠯ᠎ᠠ ᠪᠠᠷ ᠬᠠᠮᠵᠢᠯᠴᠠᠭᠤᠯᠵᠤ᠂ ᠱᠠᠭᠠᠷᠳᠠᠯᠭ᠎ᠠ ᠶᠣᠰᠣᠭᠠᠷ ᠠᠵᠢᠯᠯᠠᠭᠠᠨ ᠤ ᠲᠤᠭ᠎ᠠ ᠪᠠᠷᠢᠮᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠬᠠᠮᠲᠤ ᠴᠠᠭ ᠲᠤᠬᠠᠢ  ᠳᠤᠨᠢ ᠲᠠᠪᠴᠠᠩ ᠳᠤ ᠳᠠᠮᠵᠢᠭᠤᠯᠬᠤ ᠬᠡᠷᠡᠭᠲᠡᠢ᠃ ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠄      ︵ᠨᠢᠭᠡ︶ ᠲᠥᠬᠦᠭᠡᠷᠦᠮᠵᠢ ᠬᠦᠷᠭᠡᠬᠦ ᠲᠤᠭ᠎ᠠ ᠪᠠᠷᠢᠮᠲᠠ ᠶᠢ ᠠᠳᠠᠯᠢ ᠠᠯᠬᠤᠮ ᠲᠠᠢ ᠪᠠᠶᠢᠯᠭᠠᠨ᠎ᠠ᠃ ᠲᠦᠯᠬᠢᠨ ᠬᠦᠷᠭᠡᠬᠦ ᠠᠵᠢᠯ ᠤᠨ ᠮᠡᠳᠡᠭᠡ ᠵᠠᠩᠭᠢ ᠳᠠᠬᠢ ᠲᠥᠬᠦᠭᠡᠷᠦᠮᠵᠢ ᠶᠢᠨ ᠨᠣᠮᠧᠷ ᠢ ᠡᠷᠬᠡᠪᠰᠢ ᠨᠢᠭᠡᠨᠲᠡ ᠳᠠᠩᠰᠠᠯᠠᠭᠤᠯᠤᠭᠰᠠᠨ ᠪᠠᠶᠢᠬᠤ ᠬᠡᠷᠡᠭᠲᠡᠢ᠂ ᠲᠤᠬᠠᠶᠢᠯᠠᠪᠠᠯ ᠲᠥᠬᠦᠭᠡᠷᠦᠮᠵᠢ ᠶᠢᠨ ᠠᠭᠤᠯᠵᠠᠷ ᠲᠤ ᠵᠡᠷᠭᠡ ᠪᠠᠷ ᠲᠦᠯᠬᠢᠨ ᠬᠦᠷᠭᠡᠵᠦ ᠥᠩᠭᠡᠷᠡᠭᠰᠡᠨ ᠪᠠᠶᠢᠬᠤ ᠬᠡᠷᠡᠭᠲᠡᠢ᠃      ︵ᠬᠤᠶᠠᠷ︶ ᠸᠧᠺᠲ᠋ᠣᠷ ᠭᠠᠵᠠᠷ ᠤᠨ ᠬᠡᠰᠡᠭ᠃ ᠠᠵᠢᠯ ᠤᠨ ᠭᠠᠵᠠᠷ ᠢ ᠬᠦᠷᠭᠡᠬᠦ ᠳᠤ ᠡᠷᠬᠡᠪᠰᠢ ᠵᠣᠬᠢᠬᠤ ᠸᠧᠺᠲ᠋ᠣᠷ ᠭᠠᠵᠠᠷ ᠤᠨ ᠰᠤᠷᠠᠭ ᠵᠠᠩᠭᠢ ᠲᠠᠢ ᠪᠠᠶᠢᠬᠤ ᠬᠡᠷᠡᠭᠲᠡᠢ᠂ ᠡᠭᠦᠨ ᠳᠤ ᠤᠷᠲᠤᠷᠢᠭ ᠥᠷᠭᠡᠷᠢᠭ᠂ ᠭᠠᠵᠠᠷ ᠤᠨ ᠪᠠᠶᠢᠴᠠ ᠵᠡᠷᠭᠡ ᠭᠠᠵᠠᠷ ᠵᠦᠢ ᠶᠢᠨ ᠰᠤᠷᠠᠭ ᠵᠠᠩᠭᠢ ᠶᠢ ᠪᠠᠭᠲᠠᠭᠠᠨ᠎ᠠ᠃ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠳᠡᠭᠡᠭᠰᠢ ᠳᠠᠮᠵᠢᠭᠤᠯᠬᠤ ᠶᠢ ᠱᠠᠭᠠᠷᠳᠠᠬᠤ ᠮᠥᠷᠲᠡᠭᠡᠨ ᠸᠧᠺᠲ᠋ᠣᠷ ᠭᠠᠵᠠᠷ ᠤᠨ ᠠᠭᠤᠯᠵᠠᠷ ᠲᠠᠬᠢ ᠭᠠᠵᠠᠷ ᠤᠨ ᠳ᠋ᠤᠭᠠᠷᠯᠠᠯ ᠨᠢ ᠠᠵᠢᠯᠯᠠᠬᠤ ᠭᠠᠵᠠᠷ ᠤᠨ ᠬᠡᠰᠡᠭ ᠲᠠᠬᠢ ᠭᠠᠵᠠᠷ ᠤᠨ ᠳ᠋ᠤᠭᠠᠷᠯᠠᠯ ᠲᠠᠢ ᠬᠠᠷᠠᠭᠠᠯᠵᠠᠭᠰᠠᠨ ᠪᠠᠶᠢᠬᠤ ᠬᠡᠷᠡᠭᠲᠡᠢ᠃      ︵ᠭᠤᠷᠪᠠ︶ ᠠᠵᠢᠯ ᠤᠨ ᠵᠢᠷᠤᠭ᠃ ᠠᠵᠢᠯ ᠤᠨ ᠲᠤᠭ᠎ᠠ ᠪᠠᠷᠢᠮᠲᠠ ᠶᠢ ᠬᠦᠷᠭᠡᠬᠦ ᠳᠡᠭᠡᠨ ᠡᠷᠬᠡᠪᠰᠢ ᠠᠵᠢᠯ ᠤᠨ ᠵᠢᠷᠤᠭ ᠢ ᠵᠡᠷᠭᠡ ᠪᠠᠷ ᠬᠦᠷᠭᠡᠵᠦ᠂ ᠠᠵᠢᠯ ᠤᠨ ᠮᠠᠰᠢᠨ ᠪᠠᠭᠠᠵᠢ᠂ ᠠᠵᠢᠯ ᠤᠨ ᠣᠷᠣ ᠮᠥᠷ ᠢ ᠲᠣᠳᠣᠷᠬᠠᠢ ᠰᠡᠭᠦᠳᠡᠷᠯᠡᠬᠦ ᠶᠢ ᠱᠠᠭᠠᠷᠳᠠᠨ᠎ᠠ᠂ ᠬᠠᠯᠬᠠᠯᠠᠵᠤ ᠪᠣᠯᠬᠤ ᠦᠭᠡᠢ᠂ ᠬᠡᠷᠪᠡ ᠡᠮᠦᠨ᠎ᠡ ᠬᠤᠶᠢᠨᠠᠬᠢ ᠵᠢᠷᠤᠭ ᠢ ᠬᠤᠪᠢᠶᠠᠪᠠᠯ ᠱᠠᠭᠠᠷᠳᠠᠯᠭ᠎ᠠ ᠶᠣᠰᠣᠭᠠᠷ ᠵᠥᠪ ᠲᠡᠮᠳᠡᠭᠯᠡᠵᠦ᠂ ᠡᠮᠦᠨ᠎ᠡ ᠬᠤᠶᠢᠨᠠᠬᠢ ᠵᠢᠷᠤᠭ ᠢ ᠤᠷᠪᠠᠭᠤ ᠵᠢᠷᠤᠵᠤ ᠪᠣᠯᠬᠤ ᠦᠭᠡᠢ᠃      ︵ᠳᠥᠷᠪᠡ︶ ᠠᠵᠢᠯ ᠤᠨ ᠵᠠᠮ ᠮᠥᠷ᠃ ᠠᠵᠢᠯ ᠤᠨ ᠰᠤᠷᠠᠭ ᠵᠠᠩᠭᠢ ᠶᠢ ᠬᠦᠷᠭᠡᠬᠦ ᠳᠡᠭᠡᠨ ᠡᠷᠬᠡᠪᠰᠢ ᠠᠵᠢᠯ ᠤᠨ ᠵᠠᠮ ᠮᠥᠷ ᠵᠢᠴᠢ ᠲᠡᠷᠭᠡ ᠬᠥᠰᠬᠡ ᠶᠢᠨ ᠶᠠᠪᠤᠬᠤ ᠵᠠᠮ ᠢ ᠵᠡᠷᠭᠡ ᠳᠤᠨᠢ ᠬᠦᠷᠭᠡᠬᠦ ᠶᠢᠨ ᠬᠠᠮᠲᠤ ᠠᠵᠢᠯ ᠤᠨ ᠪᠠᠶᠢᠳᠠᠯ ᠪᠠ ᠠᠵᠢᠯ ᠤᠨ ᠪᠤᠰᠤ ᠪᠠᠶᠢᠳᠠᠯ ᠤᠨ ᠴᠡᠭ ᠢ ᠲᠣᠳᠣᠷᠬᠠᠢ ᠢᠯᠭᠠᠬᠤ ᠬᠡᠷᠡᠭᠲᠡᠢ᠃      ︵ᠲᠠᠪᠤ︶ ᠠᠵᠢᠯ ᠤᠨ ᠲᠠᠯᠠᠪᠠᠶ᠃ ᠬᠦᠷᠭᠡᠬᠦ ᠠᠵᠢᠯ ᠬᠢᠬᠦ ᠳᠡᠭᠡᠨ ᠠᠳᠠᠯᠢ ᠨᠢᠭᠡᠨ ᠲᠥᠬᠦᠭᠡᠷᠦᠮᠵᠢ᠂ ᠠᠳᠠᠯᠢ ᠨᠢᠭᠡᠨ ᠡᠳᠦᠷ᠂ ᠠᠳᠠᠯᠢ ᠨᠢᠭᠡᠨ ᠠᠵᠢᠯ ᠤᠨ ᠲᠦᠷᠦᠯ ᠤᠨ ᠠᠵᠢᠯ ᠤᠨ ᠲᠠᠯᠠᠪᠠᠢ ᠬᠢᠭᠡᠳ ᠬᠠᠷᠠᠭᠠᠯᠵᠠᠭᠰᠠᠨ ᠭᠠᠵᠠᠷ ᠤᠨ ᠠᠵᠢᠯ ᠤᠨ ᠲᠠᠯᠠᠪᠠᠢ ᠶᠢᠨ ᠨᠡᠶᠢᠯᠡᠪᠦᠷᠢ ᠶᠢ ᠲᠡᠩᠴᠡᠭᠦᠦ ᠪᠠᠶᠢᠯᠭᠠᠬᠤ ᠶᠢ ᠪᠠᠲᠤᠯᠠᠬᠤ ᠬᠡᠷᠡᠭᠲᠡᠢ᠃      ᠳᠥᠷᠪᠡ᠂ ᠪᠤᠰᠤᠳ ᠱᠠᠭᠠᠷᠳᠠᠯᠭ᠎ᠠ      ᠡᠳᠦᠭᠡ ᠲᠠᠪᠴᠠᠩ ᠯᠤᠭ᠎ᠠ ᠵᠣᠯᠭᠠᠭᠤᠯᠤᠭᠰᠠᠨ ᠲᠤᠭ᠎ᠠ ᠪᠠᠷᠢᠮᠲᠠ ᠶᠢ ᠵᠠᠯᠭᠠᠵᠤ ᠣᠷᠣᠭᠤᠯᠤᠭᠰᠠᠨ ᠠᠵᠤ ᠠᠬᠤᠶᠢᠯᠠᠯ ᠤᠨ ᠨᠡᠷᠡᠰ ᠢ ᠨᠡᠶᠢᠲᠡᠯᠡᠨ᠎ᠡ᠂ ᠡᠯ᠎ᠡ ᠠᠵᠤ ᠠᠬᠤᠶᠢᠯᠠᠯ ᠤᠳ 6 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠲᠠᠪᠴᠠᠩ ᠤᠨ ᠲᠤᠭ᠎ᠠ ᠪᠠᠷᠢᠮᠲᠠ ᠶᠢ ᠵᠠᠯᠭᠠᠵᠤ ᠣᠷᠣᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠭᠤᠯᠭ᠎ᠠ ᠰᠠᠨᠠᠯ ᠤᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠵᠦ᠂ ᠡᠯᠧᠺᠲᠷᠣᠨ ᠬᠡᠪᠯᠡᠯ ᠢᠶᠠᠷ ᠵᠢᠭᠠᠨ ᠲᠣᠭᠲᠠᠭᠠᠭᠰᠠᠨ ᠰᠢᠤᠳᠠᠨ ᠤ ᠬᠠᠶᠢᠷᠴᠠᠭ ᠲᠤ ᠶᠠᠪᠤᠭᠤᠯᠤᠭᠠᠷᠠᠢ᠃ ᠲᠠᠪᠴᠠᠩ ᠤᠨ ᠮᠡᠷᠭᠡᠵᠢᠯ ᠢᠶᠠᠷ ᠲᠤᠯᠭᠠᠭᠤᠷᠢᠯᠠᠬᠤ ᠨᠢᠭᠡᠴᠡ ᠨᠢ ᠲᠤᠭ᠎ᠠ ᠪᠠᠷᠢᠮᠲᠠ ᠶᠢ ᠵᠣᠯᠭᠠᠭᠤᠯᠬᠤ ᠵᠡᠷᠭᠡ ᠬᠠᠮᠢᠶ᠎ᠠ ᠪᠦᠬᠦᠢ ᠠᠰᠠᠭᠤᠳᠠᠯ ᠢ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ︵ᠲᠠᠷᠢᠶᠠᠯᠠᠩ ᠤᠨ ᠮᠠᠰᠢᠨ ᠤ ᠭᠠᠵᠠᠷ︶ ᠨᠢ ᠵᠠᠪᠰᠢᠶᠠᠨ ᠰᠣᠩᠭᠤᠨ ᠮᠡᠷᠭᠡᠵᠢᠯ ᠤᠨ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠤᠨ᠎ᠠ᠃      ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠬᠠᠷᠢᠯᠴᠠᠬᠤ ᠬᠥᠮᠥᠨ᠄ ᠯᠢᠦ ᠰᠢᠶᠠᠨ ᠵᠤ᠋      ᠬᠠᠷᠢᠯᠴᠠᠬᠤ ᠤᠲᠠᠰᠤ᠄ 18435169583      ᠢᠮᠧᠯ᠄ nmnmtnjj@163.com      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ︵ᠲᠠᠷᠢᠶᠠᠯᠠᠩ ᠤᠨ ᠮᠠᠰᠢᠨ ᠤ ᠭᠠᠵᠠᠷ︶ ᠤᠨ ᠬᠠᠷᠢᠯᠴᠠᠬᠤ ᠬᠥᠮᠥᠨ᠄ ᠵᠣᠣ ᠸᠧᠢ ᠢᠦᠢ      ᠬᠠᠷᠢᠯᠴᠠᠬᠤ ᠤᠲᠠᠰᠤ᠄ 13500619015      ᠢᠮᠧᠯ᠄ 1045622951@qq.com      ᠲᠠᠪᠴᠠᠩ ᠤᠨ ᠮᠡᠷᠭᠡᠵᠢᠯᠲᠡᠨ᠄ ᠪᠢ ᠮᠢᠩ ᠯᠢᠶᠠᠩ      ᠬᠠᠷᠢᠯᠴᠠᠬᠤ ᠤᠲᠠᠰᠤ᠄ 18746042175      ᠢᠮᠧᠯ᠄ 316387117@qq.com      ᠳᠠᠭᠠᠯᠳᠤᠭᠤᠯᠤᠯ᠄ ᠲᠠᠪᠴᠠᠩ ᠤᠨ ᠲᠤᠭ᠎ᠠ ᠪᠠᠷᠢᠮᠲᠠ ᠶᠢ ᠵᠠᠯᠭᠠᠨ ᠤᠷᠤᠭᠤᠯᠬᠤ ᠠᠵᠤ ᠠᠬᠤᠶᠢᠯᠠᠯ ᠤᠨ ᠨᠡᠷᠡᠰ                                ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                               ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ                                       2024 ᠣᠨ ᠤ 6 ᠰᠠᠷ᠎ᠠ ᠶᠢᠨ 4 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号