︽ᠥᠪᠥᠷ ᠮᠣᠩᠭᠤᠯ ᠤᠨ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠲᠥᠯᠦᠪᠵᠢᠭᠦᠯᠭᠡ ︵2023 ︱ 2025︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/5
      ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠣᠳᠠᠲᠠᠢ ᠠᠵᠢᠯᠯᠠᠭ᠎ᠠ ᠮᠥᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠠᠰᠢᠭᠲᠠᠢ ᠭᠠᠷᠳᠠᠴᠠ ᠮᠥᠨ᠃ ᠲᠣᠭᠠᠴᠢᠯᠠᠭᠰᠠᠨ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠢᠴᠢ ᠲᠣᠭᠠᠴᠢᠯᠠᠭᠰᠠᠨ ᠬᠥᠳᠡᠭᠡ ᠲᠣᠰᠬᠤᠨ ᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽︿ᠠᠷᠪᠠᠨ ᠳᠥᠷᠪᠡᠳᠦᠭᠡᠷ ᠲᠠᠪᠤᠨ ᠵᠢᠯ ﹀  ᠤᠨ ᠪᠥᠬᠦ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠮᠡᠳᠡᠭᠡ ᠵᠠᠩᠭᠢᠵᠢᠯᠲᠠ ᠶᠢᠨ ᠲᠥᠯᠦᠪᠵᠢᠭᠦᠯᠭᠡ︾᠂ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠭᠡᠷ ᠵᠡᠷᠭᠡ 10 ᠰᠠᠯᠠᠭ᠎ᠠ ᠮᠥᠴᠢᠷ ᠤᠨ ︽ᠲᠣᠭᠠᠴᠢᠯᠠᠭᠰᠠᠨ ᠬᠥᠳᠡᠭᠡ ᠲᠣᠰᠬᠤᠨ ᠤ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ︵2022︱2025 ᠣᠨ︶︾᠂  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠲᠥᠯᠦᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ︾ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ︽ᠥᠪᠥᠷ ᠮᠣᠩᠭᠤᠯ ᠤᠨ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠲᠥᠯᠦᠪᠵᠢᠭᠦᠯᠭᠡ ︵2023︱2025︶︾  ᠥᠪᠥᠷ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠲᠣᠭᠲᠠᠭᠠᠯ ︵2024︶ 1 ᠳ᠋ᠦ᠋ᠭᠡᠷ ᠲᠣᠭᠠᠲᠤ︶ ᠶᠢ ᠳᠠᠷᠤᠮᠠᠯᠯᠠᠨ ᠲᠠᠷᠬᠠᠭᠠᠪᠠ᠃ ᠡᠯ᠎ᠡ ᠱᠠᠲᠤᠨ ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠤᠰᠤᠳᠴᠢ ᠪᠠᠷ᠂ ᠭᠦᠨᠵᠡᠭᠡᠢ ᠣᠶᠢᠯᠠᠭᠠᠬᠤ‌‍ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠨᠡᠶᠢᠲᠡᠯᠡᠭᠰᠡᠨ ᠠᠬᠤᠢ ᠪᠠᠶᠢᠳᠠᠯ ᠬᠢᠭᠡᠳ ᠴᠢᠬᠤᠯᠠ ᠠᠴᠢ ᠬᠤᠯᠪᠣᠭᠳᠠᠯ      ︽ᠠᠷᠪᠠᠨ ᠭᠤᠷᠪᠠᠳᠤᠭᠠᠷ ᠲᠠᠪᠤᠨ ᠵᠢᠯ︾  ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠣᠭᠠᠴᠢᠯᠠᠭᠰᠠᠨ ᠬᠥᠭᠵᠢᠯᠲᠡ ᠶᠢᠨ ᠠᠵᠠ ᠲᠣᠬᠢᠶᠠᠯ ᠢ ᠠᠮᠵᠢᠨ ᠠᠳᠬᠤᠵᠤ᠂ ᠥᠪᠥᠷ ᠮᠣᠩᠭᠤᠯ ᠤᠨ ᠤᠯᠤᠰ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠲᠣᠭᠠᠴᠢᠯᠠᠭᠰᠠᠨ ᠬᠥᠳᠡᠭᠡ ᠲᠣᠰᠬᠤᠨ ᠤ ᠪᠠᠶᠢᠯᠳᠤᠬᠤ ᠪᠣᠳᠣᠯᠭ᠎ᠠ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠬᠥᠭᠵᠢᠯᠲᠡ ᠶᠢ ᠲᠦᠷᠭᠡᠳᠬᠡᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠭᠰᠠᠨ ᠪᠠᠶᠢᠨ᠎ᠠ᠃ ᠬᠤᠶᠢᠰᠢᠳᠠ ᠶᠢᠨ ᠬᠡᠰᠡᠭ ᠬᠤᠭᠤᠴᠠᠭ᠎ᠠ ᠶᠢ ᠪᠠᠷᠠᠯᠠᠬᠤᠶ᠎ᠠ᠂ ᠲᠣᠭᠠᠴᠢᠯᠠᠭᠰᠠᠨ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠣᠯᠳᠠᠬᠤᠶ᠎ᠠ ᠪᠡᠷᠬᠡ ᠠᠵᠠ ᠲᠣᠬᠢᠶᠠᠯ ᠢ ᠤᠭᠲᠤᠨ ᠠᠪᠴᠢᠷᠠᠬᠤ ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠣᠯ ᠥᠪᠥᠷ ᠮᠣᠩᠭᠤᠯ ᠤᠨ ᠲᠠᠪᠤᠨ ᠶᠡᠭᠡ ᠡᠭᠦᠷᠭᠡ ᠶᠢᠨ ᠨᠢᠭᠡ ᠪᠣᠯᠣᠨ᠎ᠠ᠂ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠷ ᠴᠢᠩᠭ᠎ᠠ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠢᠶᠠᠷ ᠴᠢᠩᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢᠶᠠᠷ ᠴᠢᠩᠭ᠎ᠠ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠰᠢᠰᠲ᠋ᠧᠮᠵᠢ ᠪᠠᠷ ᠴᠢᠩᠭ᠎ᠠ᠂ ᠪᠣᠬᠢᠷᠲᠤᠯ ᠦᠭᠡᠢ ᠬᠥᠭᠵᠢᠯᠲᠡ ᠶᠢᠨ ᠬᠢᠷᠢ ᠬᠡᠮᠵᠢᠶ᠎ᠡ ᠪᠠᠷ ᠴᠢᠩᠭ᠎ᠠ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠳᠬᠡᠨ ᠪᠠᠶᠢᠭᠤᠯᠤᠨ᠎ᠠ᠃ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠳᠤ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ᠂ ᠴᠢᠨᠠᠷ ᠰᠠᠶᠢᠲᠠᠢ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠬᠦ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ ᠠᠵᠠ ᠲᠣᠬᠢᠶᠠᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠃      ᠲᠣᠭᠠᠴᠢᠯᠠᠭᠰᠠᠨ ᠲᠠᠷᠢᠶᠠᠯᠠᠩ ᠬᠥᠳᠡᠭᠡ ᠲᠣᠰᠬᠤᠨ ᠢ ᠬᠥᠭᠵᠢᠭᠦᠯᠬᠦ ᠪᠣᠯ ᠴᠠᠭ ᠦᠶ᠎ᠡ  ᠶᠢᠨ ᠬᠠᠨᠳᠤᠰᠢ ᠮᠥᠨ᠂ ᠮᠠᠨ ᠤ ᠣᠷᠣᠨ ᠴᠠᠭ ᠦᠶ᠎ᠡ ᠶᠢᠨ ᠬᠤᠪᠢᠷᠠᠯᠳᠠ ᠶᠢ ᠦᠨᠳᠦᠰᠦᠯᠡᠨ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠴᠠᠭ ᠦᠶ᠎ᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠠᠷᠭ᠎ᠠ ᠤᠬᠠᠭᠠᠨ ᠭᠠᠷᠭᠠᠬᠤ ᠠᠴᠠ ᠡᠮᠦᠨ᠎ᠡ᠂ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠲᠣᠭᠠᠴᠢᠯᠠᠭᠰᠠᠨ ᠲᠠᠪᠴᠠᠩ ᠢ ᠪᠠᠶᠢᠭᠤᠯᠤᠨ᠂ ᠲᠣᠭᠠᠴᠢᠯᠠᠭᠰᠠᠨ ᠴᠢᠳᠠᠪᠤᠷᠢᠲᠠᠨ ᠢ ᠪᠠᠲᠤᠯᠠᠵᠤ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢᠨ ᠲᠣᠭᠠᠴᠢᠯᠠᠭᠰᠠᠨ ᠥᠭᠡᠷᠡᠴᠢᠯᠡᠯᠲᠡ ᠶᠢ ᠠᠳᠬᠤᠨ᠂ ᠮᠠᠯᠵᠢᠬᠤ ᠲᠠᠷᠢᠶᠠᠯᠠᠬᠤ ᠣᠷᠣᠨ ᠤ ᠲᠣᠭᠠᠴᠢᠯᠠᠭᠰᠠᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢ ᠶᠢᠨ ᠵᠢᠭᠦᠷ ᠤᠷᠭᠤᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ᠃      ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ      ︽ᠥᠪᠥᠷ ᠮᠣᠩᠭᠤᠯ ᠤᠨ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠲᠥᠯᠦᠪᠵᠢᠭᠦᠯᠭᠡ ︵2023︱2025︶︾ ᠳᠤ ᠨᠡᠶᠢᠲᠡ 4 ᠶᠡᠭᠡ ᠬᠡᠰᠡᠭ ᠢ ᠪᠠᠭᠲᠠᠭᠠᠵᠤ᠂ ᠲᠣᠰ ᠲᠣᠰ ᠬᠥᠭᠵᠢᠯᠲᠡ ᠶᠢᠨ ᠣᠳᠣᠬᠢ ᠪᠠᠶᠢᠳᠠᠯ ᠬᠢᠭᠡᠳ ᠴᠠᠭ ᠤᠨ ᠪᠠᠶᠢᠳᠠᠯ᠂ ᠶᠡᠷᠦᠩᠬᠡᠢ ᠰᠡᠳᠬᠢᠴᠡ᠂ ᠭᠤᠣᠯ ᠡᠭᠦᠷᠭᠡ ᠬᠢᠭᠡᠳ ᠭᠤᠣᠯᠳᠠᠯᠭ᠎ᠠ ᠲᠠᠢ ᠢᠨᠵᠧᠨᠧᠷᠢᠩ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃      ᠭᠤᠷᠪᠠ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ      ︵ᠨᠢᠭᠡ︶ ᠣᠶᠤᠨᠴᠢ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ      ᠤᠶᠤᠯᠢᠭ ᠦᠷ᠎ᠡ ᠶᠢᠨ ᠦᠢᠯᠡᠰ᠂ ᠤᠶᠤᠯᠢᠭ ᠲᠠᠷᠢᠶᠠᠨ ᠭᠠᠵᠠᠷ᠂ ᠤᠶᠤᠯᠢᠭ ᠲᠠᠷᠢᠮᠠᠯ᠂ ᠤᠶᠤᠯᠢᠭ ᠮᠠᠯ ᠠᠵᠤ ᠠᠬᠤᠢ᠂ ᠤᠶᠤᠯᠢᠭ ᠵᠢᠭᠠᠰᠤᠨ ᠠᠵᠤ ᠠᠬᠤᠢ᠂ ᠤᠶᠤᠯᠢᠭ ᠲᠠᠷᠢᠶᠠᠯᠠᠩ ᠤᠨ ᠮᠠᠰᠢᠨ᠂ ᠤᠶᠤᠯᠢᠭ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠵᠡᠷᠭᠡ ᠳᠤᠯᠤᠭᠠᠨ ᠲᠠᠯ᠎ᠠ ᠶᠢ ᠬᠥᠭᠵᠢᠭᠦᠯᠬᠦ ᠶᠢᠨ ᠲᠣᠭᠤᠷᠢᠨ ᠳᠤ ᠨᠠᠷᠢᠨ ᠨᠢᠭᠲᠠ ᠲᠥᠯᠦᠪᠵᠢᠭᠦᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠡᠭᠦᠨ ᠤ ᠰᠠᠭᠤᠷᠢᠨ ᠳᠡᠭᠡᠷ᠎ᠡ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ 4 ᠵᠦᠢᠯ ᠤᠨ ᠣᠶᠤᠨᠲᠤ ᠢᠨᠵᠧᠨᠧᠷᠢᠩ ᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠄ ᠲᠠᠷᠢᠶᠠᠨ ᠭᠠᠵᠠᠷ ᠤᠨ ᠲᠠᠷᠢᠮᠠᠯ ᠪᠠ ᠪᠡᠯᠡᠳᠭᠡᠮᠵᠢᠳᠤ ᠲᠠᠷᠢᠶᠠᠯᠠᠩ ᠤᠨ ᠬᠤᠷᠠᠮᠠᠯ ᠬᠡᠷᠡᠭᠯᠡᠭᠡᠨ ᠤ ᠢᠨᠵᠧᠨᠧᠷᠢᠩ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠲᠣᠭᠠᠵᠢᠭᠤᠯᠬᠤ ᠪᠠ ᠤᠶᠤᠨᠵᠢᠭᠤᠯᠬᠤ ᠵᠢᠱᠢᠶ᠎ᠡ ᠦᠵᠡᠭᠦᠯᠬᠦ ᠢᠨᠵᠧᠨᠧᠷᠢᠩ᠂ ᠣᠶᠤᠨᠲᠤ ᠰᠦ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠦᠷ᠎ᠡ ᠶᠢᠨ ᠦᠢᠯᠡᠰ ᠤᠨ ᠲᠣᠭᠠᠵᠢᠭᠤᠯᠬᠤ ᠢᠨᠵᠧᠨᠧᠷᠢᠩ᠃      ︵ᠬᠤᠶᠠᠷ︶ ᠪᠥᠬᠦ ᠠᠵᠤ ᠦᠢᠯᠡᠰ ᠤᠨ ᠬᠡᠯᠬᠢᠶᠡᠨ ᠤ ᠲᠣᠭᠠᠴᠢᠯᠠᠯᠲᠠ ᠶᠢ ᠠᠬᠢᠭᠤᠯᠵᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ      ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠢᠨᠲ᠋ᠧᠷ ᠰᠦᠯᠵᠢᠶ᠎ᠡ ᠶᠢ ᠠᠭᠤᠰᠤᠯᠴᠠᠭᠤᠯᠤᠨ ᠬᠡᠷᠡᠭᠯᠡᠬᠦ ᠶᠢ ᠲᠦᠯᠬᠢᠨ ᠠᠬᠢᠭᠤᠯᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠶᠢᠨ ᠮᠡᠳᠡᠭᠡ ᠵᠠᠩᠭᠢᠵᠢᠯᠲᠠ ᠶᠢ ᠲᠦᠯᠬᠢᠨ ᠠᠬᠢᠭᠤᠯᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠯᠬᠢᠨ ᠠᠬᠢᠭᠤᠯᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢᠵᠢᠯᠲᠠ ᠶᠢ ᠲᠦᠯᠬᠢᠨ ᠠᠬᠢᠭᠤᠯᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢ ᠲᠦᠯᠬᠢᠨ ᠠᠬᠢᠭᠤᠯᠬᠤ ᠭᠡᠬᠦ ᠲᠠᠪᠤᠨ ᠲᠠᠯ᠎ᠠ ᠠᠴᠠ ᠨᠠᠷᠢᠨ ᠲᠣᠳᠣᠷᠬᠠᠢ ᠲᠥᠯᠥᠪᠵᠢᠭᠦᠯᠭᠡ ᠶᠢᠨ ᠠᠷᠭ᠎ᠠ ᠪᠠᠷᠢᠯ ᠢ ᠳᠤᠷᠠᠳᠤᠭᠰᠠᠨ ᠪᠠᠶᠢᠨ᠎ᠠ᠃ ᠲᠣᠭᠠᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠤᠣᠯᠳᠠᠯᠭ᠎ᠠ ᠲᠠᠢ ᠠᠬᠢᠭᠤᠯᠵᠤ᠂ ︽2023︱2025︾ ᠶᠢᠨ ᠬᠤᠭᠤᠴᠠᠭᠠᠨ ᠳᠤ᠂ 1︱2 ᠤᠯᠤᠰ ᠤᠨ ᠲᠣᠭᠠᠴᠢᠯᠠᠭᠰᠠᠨ ᠲᠠᠷᠢᠶᠠᠯᠠᠩ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃      ︵ᠭᠤᠷᠪᠠ︶ ᠲᠣᠮᠣ ᠳ᠋ᠠᠶᠢᠲ᠋ᠠ ᠶᠢᠨ ᠰᠠᠭᠤᠷᠢ ᠶᠢ ᠪᠠᠬᠢᠵᠢᠭᠦᠯᠵᠦ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ      ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠯᠲᠡ ᠬᠡᠷᠡᠭᠯᠡᠯᠲᠡ ᠶᠢ ᠭᠦᠨᠵᠡᠭᠡᠢ ᠲᠦᠯᠬᠢᠨ ᠠᠬᠢᠭᠤᠯᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠭᠤᠷᠪᠠᠨ ᠲᠠᠯ᠎ᠠ ᠶᠢᠨ ᠲᠣᠭᠤᠷᠢᠨ ᠳᠤ ᠨᠠᠷᠢᠨ ᠨᠢᠭᠲᠠ ᠲᠥᠯᠦᠪᠵᠢᠭᠦᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ 5 ᠵᠦᠢᠯ ᠤᠨ ᠲᠠᠷᠢᠶᠠᠯᠠᠩ ᠬᠥᠳᠡᠭᠡ ᠲᠣᠰᠬᠤᠨ ᠤ ᠲᠣᠮᠣ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠮᠣ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠲᠠᠷᠢᠶᠠᠯᠠᠩ ᠮᠠᠯ ᠠᠵᠤ ᠠᠬᠤᠢ ᠶᠢᠨ ᠤᠷᠭᠤᠮᠠᠯ ᠤᠨ ᠬᠠᠮᠠᠭᠠᠯᠠᠯᠲᠠ ᠪᠠ ᠡᠪᠡᠳᠴᠢᠨ ᠬᠤᠷᠣᠬᠠᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠵᠠᠰᠠᠬᠤ ᠣᠶᠤᠨᠴᠢᠯᠠᠭᠰᠠᠨ ᠢᠨᠵᠧᠨᠧᠷᠢᠩ᠂ ᠮᠠᠯᠵᠢᠬᠤ ᠲᠠᠷᠢᠶᠠᠯᠠᠬᠤ ᠣᠷᠣᠨ ᠤ ᠬᠢᠵᠢᠭ ᠢ ᠰᠡᠷᠭᠡᠶᠢᠯᠡᠬᠦ ᠣᠶᠤᠨᠴᠢᠯᠠᠭᠰᠠᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠲᠤᠭ᠎ᠠ ᠪᠠᠷᠢᠮᠲᠠ ᠴᠤᠭᠯᠠᠭᠤᠯᠬᠤ ᠰᠢᠰᠲ᠋ᠧᠮ ᠢ ᠲᠠᠰ ᠳᠡᠪᠰᠢᠭᠦᠯᠦᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠢᠷᠤᠭ ᠢ ᠬᠥᠮᠥᠷᠭᠡ ᠳᠤ ᠣᠷᠣᠭᠤᠯᠬᠤ ᠢᠨᠵᠧᠨᠧᠷᠢᠩ᠃      ︵ᠳᠥᠷᠪᠡ︶ ᠲᠣᠭᠠᠴᠢᠯᠠᠭᠰᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ ᠬᠤᠲᠠ ᠬᠥᠳᠡᠭᠡ ᠶᠢᠨ ᠲᠣᠭᠠᠴᠢᠯᠠᠭᠰᠠᠨ ᠵᠠᠭᠠᠭ ᠢ ᠪᠠᠭᠠᠰᠬᠠᠨ᠎ᠠ      ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠬᠥᠳᠡᠭᠡ ᠲᠣᠰᠬᠤᠨ ᠤ ᠵᠠᠰᠠᠯᠲᠠ ᠶᠢᠨ ᠲᠣᠭᠠᠴᠢᠯᠠᠯᠲᠠ ᠶᠢ ᠠᠬᠢᠭᠤᠯᠬᠤ᠂ ᠬᠥᠳᠡᠭᠡ ᠲᠣᠰᠬᠤᠨ ᠤ ᠮᠡᠳᠡᠭᠡ ᠵᠠᠩᠭᠢ ᠶᠢᠨ ᠦᠢᠯᠡᠴᠢᠯᠡᠭᠡ ᠶᠢ ᠬᠥᠭᠵᠢᠭᠦᠯᠬᠦ᠂ ᠬᠥᠳᠡᠭᠡ ᠲᠣᠰᠬᠤᠨ ᠤ ᠲᠣᠭᠠᠴᠢᠯᠠᠭᠰᠠᠨ ᠠᠵᠤ ᠠᠬᠤᠢ ᠶᠢ ᠪᠣᠶᠢᠵᠢᠭᠤᠯᠬᠤ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ ᠨᠠᠷᠢᠨ ᠨᠢᠭᠲᠠ ᠲᠥᠯᠦᠪᠵᠢᠭᠦᠯᠭᠡ ᠶᠢᠨ ᠠᠷᠭ᠎ᠠ ᠬᠡᠮᠵᠢᠶ᠎ᠡ ᠶᠢ ᠳᠤᠷᠠᠳᠪᠠ᠃ 2 ᠵᠦᠢᠯ ᠤᠨ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠤᠣᠯᠳᠠᠯᠭ᠎ᠠ ᠲᠠᠢ ᠠᠬᠢᠭᠤᠯᠤᠨ᠎ᠠ᠄ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠲᠣᠭᠠᠵᠢᠭᠤᠯᠬᠤ ᠢᠨᠵᠧᠨᠧᠷᠢᠩ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢ ᠲᠣᠭᠠᠵᠢᠭᠤᠯᠬᠤ ᠢᠨᠵᠧᠨᠧᠷᠢᠩ᠃      ︵ᠲᠠᠪᠤ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠷᠠᠭᠤᠯᠤᠨ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠤ ᠮᠡᠳᠡᠭᠡ ᠵᠠᠩᠭᠢᠵᠢᠭᠤᠯᠤᠯᠲᠠ ᠶᠢᠨ ᠲᠤᠯᠭᠠᠭᠤᠷᠢᠯᠠᠬᠤ ᠴᠢᠳᠠᠪᠤᠷᠢ ᠶᠢ ᠲᠡᠭᠡᠭᠰᠢᠯᠡᠭᠦᠯᠦᠨ᠎ᠡ      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠴᠢᠩᠭᠠᠷᠠᠭᠤᠯᠬᠤ ᠶᠢᠨ ᠲᠣᠭᠤᠷᠢᠨ ᠳᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠰᠢᠰᠲ᠋ᠧᠮᠵᠢ ᠶᠢ ᠪᠤᠵᠠᠭᠠᠶᠢᠷᠠᠭᠤᠯᠬᠤ ᠭᠤᠷᠪᠠᠨ ᠲᠠᠯ᠎ᠠ ᠪᠠᠷ ᠨᠠᠷᠢᠨ ᠨᠢᠭᠲᠠ ᠲᠥᠯᠦᠪᠵᠢᠭᠦᠯᠭᠡ ᠶᠢᠨ ᠠᠷᠭ᠎ᠠ ᠬᠡᠮᠵᠢᠶ᠎ᠡ ᠶᠢ ᠳᠤᠷᠠᠳᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号