ᠲᠠᠷᠢᠶᠠᠴᠢᠳ ᠯᠠᠵᠤᠤ ᠶᠢᠨ ᠴᠢᠬᠢ ᠰᠠᠭᠤᠯᠭᠠᠵᠤ ᠠᠮᠢᠵᠢᠷᠠᠯ ᠤᠨ ᠬᠦᠴᠦᠨ ᠢᠶᠠᠷ ᠪᠢᠯᠬᠠᠨ᠎ᠠ
ᠨᠡᠶᠢᠲᠡᠯᠡᠭᠰᠡᠨ ᠴᠠᠭ᠄
2024/6/5
82.png
       ᠣᠶᠢᠷ᠎ᠠ ᠳᠤ᠂ ᠵᠠᠷᠤᠳ ᠬᠤᠰᠢᠭᠤᠨ ᠤ ᠰᠢᠶᠠᠩᠱᠠᠨ ᠪᠠᠯᠭᠠᠰᠤᠨ ᠤ ᠶᠦᠩ ᠯᠧ ᠲᠣᠰᠬᠤᠨ᠂ ᠵᠦᠩ ᠰᠢᠩ ᠲᠦᠨ ᠲᠣᠰᠬᠤᠨ᠂ ᠰᠢᠶᠣᠣ ᠾᠧ ᠰᠢ ᠲᠣᠰᠬᠤᠨ ᠵᠡᠷᠭᠡ ᠭᠠᠵᠠᠷ ᠤᠨ ᠲᠠᠷᠢᠶᠠᠴᠢᠳ ᠲᠠᠷᠢᠶᠠᠨ ᠳᠤᠮᠳᠠ ᠰᠦᠯᠵᠢᠯᠳᠦᠵᠦ᠂ ᠯᠠᠵᠤᠤ ᠶᠢᠨ ᠴᠢᠬᠢ ᠲᠡᠭᠡᠭᠡᠪᠦᠷᠢᠯᠡᠬᠦ᠂ ᠰᠦᠯᠢᠶᠥᠦ ᠪᠦᠷᠬᠦᠪᠴᠢ ᠶᠢ ᠴᠤᠭᠤᠯᠬᠤ᠂ ᠯᠠᠵᠤᠤ ᠶᠢᠨ ᠴᠢᠬᠢ ᠰᠠᠭᠤᠯᠭᠠᠬᠤ᠂ ᠰᠢᠷᠣᠢ ᠳᠠᠷᠤᠬᠤ ᠵᠡᠷᠭᠡ ᠠᠵᠢᠯ ᠳᠤ ᠶᠠᠭᠠᠷᠠᠯᠳᠤᠬᠤ ᠳᠤ᠂ ᠯᠠᠵᠤᠤ ᠶᠢᠨ ᠴᠢᠬᠢ ᠲᠠᠷᠢᠶᠠᠨ ᠳᠠᠯᠠᠩ ᠳᠡᠭᠡᠷ᠎ᠡ ᠵᠢᠭᠲᠡᠷᠡᠯᠴᠡᠨ᠂ ᠠᠮᠢᠵᠢᠷᠠᠯ ᠤᠨ ᠬᠦᠴᠦᠨ ᠢᠶᠠᠷ ᠪᠢᠯᠬᠠᠵᠤ ᠪᠠᠶᠢᠯ᠎ᠠ᠃ ᠣᠶᠢᠷ᠎ᠠ ᠶᠢᠨ ᠵᠢᠯ ᠳᠤ᠂ ᠵᠠᠷᠤᠳ ᠬᠤᠰᠢᠭᠤ ︽ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠠᠵᠤ ᠠᠬᠤᠶᠢᠯᠠᠯ ᠪᠠ ᠬᠤᠷᠰᠢᠶ᠎ᠠ ᠳᠠᠶᠢᠴᠢᠯᠠᠬᠤ᠂ ᠣᠯᠠᠨ ᠲᠦᠮᠡᠨ ᠣᠷᠤᠯᠴᠠᠬᠤ︾ ᠰᠡᠳᠬᠢᠮᠵᠢ ᠪᠠᠷ᠂ ︽ᠭᠠᠴᠠᠭ᠎ᠠ ᠲᠣᠰᠬᠤᠨ ᠬᠠᠮᠲᠤᠷᠠᠨ ᠪᠠᠶᠢᠭᠤᠯᠬᠤ︾᠂ ︽ᠠᠵᠤ ᠠᠬᠤᠶᠢᠯᠠᠯ + ᠲᠠᠷᠢᠶᠠᠴᠢᠨ ᠡᠷᠦᠭᠡ︾᠂ ︽ᠬᠤᠷᠰᠢᠶ᠎ᠠ + ᠲᠠᠷᠢᠶᠠᠴᠢᠨ ᠡᠷᠦᠭᠡ︾᠂ ︽ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠭᠡ︾ ᠵᠡᠷᠭᠡ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠵᠦ᠂ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠂ ᠡᠷᠴᠢᠮᠵᠢᠭᠰᠡᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠲᠥᠷᠥᠯ ᠲᠡᠮᠳᠡᠭᠵᠢᠭᠰᠡᠨ᠂ ᠬᠤᠯᠪᠤᠭᠠᠯᠠᠨ ᠬᠥᠳᠡᠯᠦᠯᠴᠡᠭᠰᠡᠨ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ ᠵᠣᠷᠢᠭᠵᠢᠭᠤᠯᠵᠤ ᠯᠠᠵᠤᠤ ᠶᠢᠨ ᠠᠵᠤ ᠦᠢᠯᠡᠰ ᠢ ᠬᠥᠭᠵᠢᠭᠦᠯᠦᠨ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠵᠦ ᠪᠠᠶᠢᠨ᠎ᠠ᠃ ᠵᠢᠷᠤᠭ ᠪᠣᠯ ᠲᠠᠷᠢᠶᠠᠴᠢᠳ ᠯᠠᠵᠤᠤ ᠶᠢᠨ ᠴᠢᠬᠢ ᠰᠠᠭᠤᠯᠭᠠᠵᠤ ᠪᠠᠶᠢᠭ᠎ᠠ ᠨᠢ᠃      ᠳᠠᠷᠬᠠᠨ ᠵᠠᠯᠠᠶᠢᠳ ᠰᠡᠭᠦᠳᠡᠷᠯᠡᠪᠡ
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号