ᠤᠳᠤᠭ ᠬᠤᠰᠢᠭᠤᠨ ᠤ ᠠᠷᠪᠠᠰ ᠤᠨ ᠨᠣᠣᠯᠣᠭᠤᠷ ᠤᠨ ᠴᠠᠭᠠᠨ ᠢᠮᠠᠭᠠᠨ ᠤ ᠡᠭᠦᠯᠳᠡᠷ ᠰᠢᠯᠭᠠᠷᠠᠭᠤᠯᠬᠤ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/6/5
      ᠣᠶᠢᠷ᠎ᠠ ᠳᠤ᠂ ᠤᠳᠤᠭ ᠬᠤᠰᠢᠭᠤᠨ ᠤ 2024 ᠣᠨ ᠤ ᠨᠠᠢᠮᠠᠳᠤᠭᠠᠷ ᠬᠤᠭᠤᠴᠠᠭᠠᠨ ᠤ ᠠᠷᠪᠠᠰ ᠤᠨ ᠨᠣᠣᠯᠣᠭᠤᠷ ᠤᠨ ᠴᠠᠭᠠᠨ ᠢᠮᠠᠭᠠᠨ ᠤ ᠡᠭᠦᠯᠳᠡᠷ ᠰᠢᠯᠭᠠᠷᠠᠭᠤᠯᠬᠤ ᠤᠷᠤᠯᠳᠤᠭᠠᠨ ᠤᠳᠤᠭ ᠬᠤᠰᠢᠭᠤᠨ ᠤ ᠠᠷᠪᠠᠰ ᠰᠤᠮᠤᠨ ᠳᠤ ᠶᠠᠪᠤᠭᠳᠠᠪᠠ᠃      ᠲᠣᠰ ᠠᠵᠢᠯᠯᠠᠭ᠎ᠠ ᠭᠤᠣᠯᠳᠠᠭᠤ ᠠᠷᠪᠠᠰ ᠤᠨ ᠨᠣᠣᠯᠣᠭᠤᠷ ᠤᠨ ᠴᠠᠭᠠᠨ ᠢᠮᠠᠭᠠᠨ ᠤ ᠡᠭᠦᠯᠳᠡᠷ ᠰᠢᠯᠭᠠᠷᠠᠭᠤᠯᠬᠤ ᠤᠷᠤᠯᠳᠤᠭᠠᠨ᠂ ᠮᠠᠯ ᠠᠵᠤ ᠠᠬᠤᠢ ᠲᠠᠷᠢᠶᠠᠯᠠᠩ ᠤᠨ ᠮᠠᠰᠢᠨ ᠮᠧᠬᠠᠨᠢᠭ ᠤᠨ ᠦᠵᠡᠭᠦᠯᠭᠡ᠂ ᠮᠠᠯ ᠠᠷᠠᠯᠵᠢᠶᠠᠯᠠᠬᠤ ᠵᠡᠷᠭᠡ ᠠᠭᠤᠯᠭ᠎ᠠ ᠪᠠᠷ ᠶᠠᠪᠤᠭᠳᠠᠵᠠᠢ᠂ ᠠᠷᠪᠠᠰ ᠤᠨ ᠨᠣᠣᠯᠣᠭᠤᠷ ᠤᠨ ᠴᠠᠭᠠᠨ ᠢᠮᠠᠭᠠᠨ ᠤ ᠡᠭᠦᠯᠳᠡᠷ ᠰᠢᠯᠭᠠᠷᠠᠭᠤᠯᠬᠤ ᠤᠷᠤᠯᠳᠤᠭᠠᠨ ᠳᠤ ᠨᠣᠣᠯᠣᠭᠤᠷ ᠤᠨ ᠢᠮᠠᠭᠠᠨ ᠤ ᠨᠠᠰᠤ ᠵᠢᠯ᠂ ᠬᠦᠢᠰᠦ ᠢᠯᠭᠠᠯ ᠢᠶᠠᠷ ᠨᠢ ᠳᠤᠭᠤᠶᠢᠯᠠᠩ ᠬᠤᠪᠢᠶᠠᠨ᠂ ᠨᠠᠰᠤᠨ ᠳᠤ ᠭᠦᠷᠦᠭᠰᠡᠨ ᠡᠷ᠎ᠡ ᠢᠮᠠᠭᠠᠨ ᠤ ᠳᠤᠭᠤᠶᠢᠯᠠᠩ᠂ ᠨᠠᠰᠤᠨ ᠳᠤ ᠭᠦᠷᠦᠭᠰᠡᠨ ᠡᠮ᠎ᠡ ᠢᠮᠠᠭᠠᠨ ᠤ ᠳᠤᠭᠤᠶᠢᠯᠠᠩ᠂ ᠤᠬᠤᠨ᠎ᠠ ᠶᠢᠨ ᠳᠤᠭᠤᠶᠢᠯᠠᠩ᠂ ᠢᠰᠢᠭᠡᠨ ᠤ ᠳᠤᠭᠤᠶᠢᠯᠠᠩ ᠭᠡᠵᠦ 4 ᠳᠤᠭᠤᠶᠢᠯᠠᠩ ᠬᠤᠪᠢᠶᠠᠵᠤ᠂ ᠨᠣᠣᠯᠣᠭᠤᠷ ᠤᠨ ᠨᠠᠷᠢᠴᠠ᠂ ᠨᠣᠣᠯᠣᠭᠤᠷ ᠤᠨ ᠭᠠᠷᠤᠯᠲᠠ ᠶᠢᠨ ᠬᠡᠮᠵᠢᠶ᠎ᠡ ᠪᠠᠷ ᠨᠢ ᠰᠢᠯᠭᠠᠷᠠᠭᠤᠯᠤᠭᠰᠠᠨ ᠪᠠᠶᠢᠨ᠎ᠠ᠃ ᠤᠷᠤᠯᠳᠤᠭᠠᠨ ᠳᠤ ᠤᠲᠤᠭ ᠬᠤᠰᠢᠭᠤ ᠵᠢᠴᠢ ᠡᠷᠭᠢᠨ ᠲᠣᠭᠤᠷᠢᠨ ᠤ ᠬᠤᠰᠢᠭᠤ ᠲᠣᠭᠤᠷᠢᠭ ᠤᠨ 600 ᠭᠠᠷᠤᠢ ᠮᠠᠯᠴᠢᠨ ᠲᠠᠷᠢᠶᠠᠴᠢᠨ ᠤ ᠰᠢᠯᠢᠳᠡᠭ ᠡᠭᠦᠯᠳᠡᠷ ᠤᠨ ᠢᠮᠠᠭ᠎ᠠ ᠶᠢ ᠲᠤᠬᠠᠢ ᠶᠢᠨ ᠲᠠᠯᠠᠪᠠᠢ ᠳᠤ ᠰᠠᠮᠨᠠᠨ ᠰᠢᠯᠭᠠᠷᠠᠭᠤᠯᠤᠭᠰᠠᠨ ᠪᠠᠶᠢᠨ᠎ᠠ᠃      ᠣᠲᠤᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠭᠢᠯᠡᠭᠴᠢ ᠾᠧ ᠶᠦᠨ ᠮᠧᠢ᠄ ︽ᠮᠠᠨ ᠤ ᠬᠤᠰᠢᠭᠤᠨ ᠤ ᠠᠷᠪᠠᠰ ᠤᠨ ᠨᠣᠣᠯᠣᠭᠤᠷ ᠤᠨ ᠴᠠᠭᠠᠨ ᠢᠮᠠᠭᠠᠨ ᠤ ᠡᠭᠦᠯᠳᠡᠷ ᠢ ᠬᠠᠮᠠᠭᠠᠯᠠᠨ ᠰᠠᠶᠢᠵᠢᠷᠠᠭᠤᠯᠬᠤ ᠶᠢ ᠠᠬᠢᠭᠤᠯᠬᠤ ᠶᠢᠨ ᠲᠥᠯᠥᠭᠡ᠂ ᠪᠢᠳᠡ ᠵᠢᠯ ᠪᠣᠯᠭᠠᠨ ᠠᠷᠪᠠᠰ ᠤᠨ ᠨᠣᠣᠯᠣᠭᠤᠷ ᠤᠨ ᠴᠠᠭᠠᠨ ᠢᠮᠠᠭᠠᠨ ᠤ ᠡᠭᠦᠯᠳᠡᠷ ᠰᠢᠯᠭᠠᠷᠠᠭᠤᠯᠬᠤ ᠤᠷᠤᠯᠳᠤᠭᠠᠨ ᠢ ᠡᠷᠭᠢᠯᠡᠳᠡᠭ᠃ ᠭᠤᠣᠯᠳᠠᠭᠤ ᠡᠭᠦᠯᠳᠡᠷ ᠤᠨ ᠣᠨᠴᠠᠯᠢᠭ ᠰᠢᠨᠵᠢ᠂ ᠨᠣᠣᠯᠣᠭᠤᠷ ᠤᠨ ᠭᠠᠷᠤᠯᠲᠠ᠂ ᠨᠣᠣᠯᠣᠭᠤᠷ ᠤᠨ ᠨᠠᠷᠢᠴᠠ᠂ ᠴᠡᠪᠡᠷ ᠨᠣᠣᠯᠣᠭᠤᠷ ᠤᠨ ᠨᠣᠷᠮ᠎ᠠ ᠵᠡᠷᠭᠡ ᠲᠤᠭ᠎ᠠ ᠪᠠᠷᠢᠮᠲᠠ ᠶᠢ ᠶᠡᠷᠦᠩᠬᠡᠶᠢᠯᠡᠨ ᠬᠠᠷᠢᠴᠠᠭᠤᠯᠵᠤ ᠰᠢᠯᠭᠠᠷᠠᠭᠤᠯᠳᠠᠭ᠂ ᠡᠨᠡ ᠵᠢᠯ ᠤᠨ ᠤᠷᠤᠯᠴᠠᠬᠰᠠᠨ ᠢᠮᠠᠭᠠᠨ ᠨᠣᠣᠯᠣᠭᠤᠷ ᠤᠨ ᠨᠠᠷᠢᠴᠠ ᠨᠢ ᠶᠡᠷᠦᠩᠬᠡᠢ ᠳᠡᠭᠡᠨ13.5 ᠮᠢᠺᠷᠦᠮᠧᠲᠷ ᠣᠷᠴᠢᠮ ᠪᠠᠶᠢᠨ᠎ᠠ︾ ᠭᠡᠵᠦ ᠰᠤᠷᠪᠤᠯᠵᠢᠯᠠᠬᠴᠢ ᠳᠤ ᠲᠠᠨᠢᠯᠴᠠᠭᠤᠯᠤᠭᠰᠠᠨ ᠪᠠᠶᠢᠨ᠎ᠠ᠃ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号