ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠵᠠᠳᠠᠭᠠᠢ ᠭᠠᠵᠠᠷ ᠤᠨ ᠲᠠᠷᠪᠤᠰ ᠤᠨ ᠦᠢᠯᠡᠳᠪᠦᠷᠢᠯᠡᠯ ᠤᠨ ᠵᠢᠯᠣᠭᠤᠳᠤᠯᠭ᠎ᠠ ᠵᠢᠴᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/7
      ᠣᠳᠣᠬᠠᠨ ᠳᠤ ᠶᠠᠭ ᠰᠠᠶᠢᠬᠠᠨ ᠵᠠᠳᠠᠭᠠᠢ ᠭᠠᠵᠠᠷ ᠤᠨ ᠲᠠᠷᠪᠤᠰ ᠤᠨ ᠰᠠᠯᠠᠭ᠎ᠠ ᠨᠠᠮᠠᠭ᠎ᠠ ᠨᠢ ᠵᠡᠯ᠎ᠡ ᠦᠯᠡᠳᠡᠭᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠲᠤᠰ ᠬᠤᠭᠤᠴᠠᠭᠠᠨ ᠤ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠮᠡᠷᠭᠡᠵᠢᠯ ᠨᠢ ᠲᠠᠷᠪᠤᠰ ᠤᠨ ᠰᠡᠭᠦᠯᠴᠢ ᠶᠢᠨ ᠬᠤᠭᠤᠴᠠᠭᠠᠨ ᠤ ᠤᠷᠭᠤᠯᠲᠠ ᠶᠢᠨ ᠪᠠᠶᠢᠳᠠᠯ ᠪᠠ ᠤᠨᠠᠯᠲᠠ ᠳᠤ ᠮᠠᠰᠢ ᠶᠡᠭᠡ ᠨᠥᠯᠥᠭᠡ ᠦᠵᠡᠭᠦᠯᠳᠡᠭ᠃ ᠲᠠᠷᠢᠮᠠᠯ ᠤᠨ ᠡᠷᠦᠬᠡ ᠶᠢᠨ ᠴᠠᠭ ᠲᠤᠬᠠᠢ ᠳᠤᠨᠢ ᠵᠣᠬᠢᠰᠲᠠᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 6 ᠤ ᠡᠳᠦᠷ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠤ ᠠᠬᠤᠢ ᠶᠢᠨ ᠲᠠᠷᠢᠮᠠᠯ ᠤᠨ ᠮᠡᠷᠭᠡᠵᠢᠯ ᠤᠨ ᠮᠡᠷᠭᠡᠵᠢᠯᠲᠡᠳ ᠰᠦᠩᠱᠠᠨ ᠲᠣᠭᠤᠷᠢᠭ ᠤᠨ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠤᠨ ᠵᠠᠳᠠᠭᠠᠢ ᠭᠠᠵᠠᠷ ᠤᠨ ᠲᠠᠷᠪᠤᠰ ᠤᠨ ᠲᠤᠷᠰᠢᠯᠲᠠ ᠶᠢᠨ ᠭᠠᠵᠠᠷ ᠲᠤ ᠬᠦᠷᠴᠦ ᠲᠤᠷᠰᠢᠯᠲᠠ ᠶᠢᠨ ᠪᠠᠶᠢᠴᠠᠭᠠᠯᠲᠠ ᠪᠠ ᠦᠢᠯᠡᠳᠪᠦᠷᠢᠯᠡᠯ ᠤᠨ ᠮᠡᠷᠭᠡᠵᠢᠯ ᠤᠨ ᠵᠢᠯᠣᠭᠤᠳᠤᠯᠭ᠎ᠠ ᠬᠢᠵᠡᠢ᠃ 
图片1.png
 
图片2.png
       ᠲᠠᠷᠪᠤᠰ ᠤᠨ ᠦᠢᠯᠡᠳᠪᠦᠷᠢᠯᠡᠯ ᠤᠨ ᠲᠠᠷᠢᠶᠠᠨ ᠳᠤ᠂ ᠮᠡᠷᠭᠡᠵᠢᠯᠲᠡᠨ ᠠᠴᠠ ᠲᠠᠷᠪᠤᠰ ᠤᠨ ᠨᠤᠨᠳᠠᠭ ᠬᠦᠷᠲᠡᠬᠦ᠂ ᠭᠤᠸᠠ ᠦᠯᠡᠳᠡᠭᠡᠬᠦ᠂ ᠰᠠᠯᠠᠭ᠎ᠠ ᠨᠠᠮᠠᠭ᠎ᠠ ᠶᠢᠨ ᠬᠠᠮᠢᠶᠠᠷᠤᠯᠲᠠ᠂ ᠤᠰᠤ ᠪᠣᠷᠳᠣᠭᠤᠷ ᠤᠨ ᠬᠠᠮᠢᠶᠠᠷᠤᠯᠲᠠ ᠵᠢᠴᠢ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠲᠠᠯ᠎ᠠ ᠪᠠᠷ ᠲᠠᠷᠢᠮᠠᠯ ᠤᠨ ᠡᠷᠦᠬᠡ ᠶᠢ ᠵᠢᠯᠣᠭᠤᠳᠪᠠ᠃ ᠲᠠᠷᠪᠤᠰ ᠤᠨ ᠡᠭᠦᠯᠳᠡᠷ ᠤᠨ ᠰᠢᠯᠢᠯᠲᠡ ᠶᠢᠨ ᠲᠠᠷᠢᠶ᠎ᠠ ᠪᠠ ᠵᠠᠯᠭᠠᠭᠠᠳᠠᠰᠤ ᠮᠣᠳᠣ ᠶᠢᠨ ᠰᠢᠯᠢᠯᠲᠡ ᠶᠢᠨ ᠲᠠᠷᠢᠶᠠᠨ ᠳᠤ᠂ ᠮᠡᠷᠭᠡᠵᠢᠯᠲᠡᠨ ᠠᠴᠠ ᠡᠯ᠎ᠡ ᠲᠥᠷᠥᠯ ᠤᠨ ᠴᠡᠴᠡᠭ ᠳᠡᠯᠭᠡᠷᠡᠭᠰᠡᠨ᠂ ᠵᠢᠮᠢᠰ ᠰᠠᠭᠤᠵᠤ ᠪᠠᠶᠢᠭ᠎ᠠ ᠪᠠᠶᠢᠳᠠᠯ ᠢ ᠨᠠᠷᠢᠨ ᠪᠠᠶᠢᠴᠠᠭᠠᠵᠤ᠂ ᠭᠤᠸᠠ ᠶᠢᠨ ᠵᠡᠯ᠎ᠡ ᠶᠢᠨ ᠤᠷᠲᠤ ᠶᠢᠨ ᠬᠡᠮᠵᠢᠶ᠎ᠡ ᠵᠢᠴᠢ ᠭᠤᠸᠠ ᠶᠢᠨ ᠶᠡᠭᠡ ᠪᠠᠭ᠎ᠠ ᠵᠡᠷᠭᠡ ᠶᠢ ᠬᠡᠮᠵᠢᠵᠡᠢ᠃ ᠲᠤᠷᠰᠢᠯᠲᠠ ᠶᠢᠨ ᠲᠠᠷᠢᠶᠠᠨ ᠤ ᠲᠠᠷᠪᠤᠰ ᠪᠦᠷ ᠴᠡᠴᠡᠭ ᠳᠡᠯᠭᠡᠷᠡᠵᠦ ᠵᠢᠮᠢᠰ ᠰᠠᠭᠤᠬᠤ ᠬᠤᠭᠤᠴᠠᠭᠠᠨ ᠳᠤ ᠪᠠᠶᠢᠵᠤ᠂ ᠤᠷᠭᠤᠴᠠ ᠨᠢ ᠰᠠᠶᠢᠨ ᠪᠠᠶᠢᠨ᠎ᠠ᠃
 
ᠢᠷᠡᠯᠲᠡ᠄ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号