ᠥᠪᠡᠷᠲᠡᠭᠡᠨ ᠵᠠᠰᠠᠬᠤ ᠣᠷᠣᠨ ᠤ ᠳᠡᠰ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠲᠣᠭᠲᠠᠭᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/6/7
      ︽ᠲᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 56 ᠳ᠋ᠤᠭᠠᠷ ᠲᠣᠭᠠᠲᠤ︶ ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠵᠡᠷᠭᠡ ᠵᠢᠷᠭᠤᠭᠠᠨ ᠰᠠᠯᠠᠭ᠎ᠠ ᠮᠥᠴᠢᠷ ᠤᠨ ︽ᠲᠠᠷᠢᠶᠠᠯᠠᠩ ᠮᠠᠯ ᠠᠵᠤ ᠠᠬᠤᠢ ᠶᠢᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠲᠠᠷᠢᠶᠠᠯᠠᠩ ᠮᠠᠯ ᠦᠷ᠎ᠡ ᠲᠠᠷᠬᠠᠭᠠᠭᠰᠠᠨ ﹇ 2020 ﹈ 252 ᠳ᠋ᠤᠭᠠᠷ ᠲᠣᠭᠠᠲᠤ︶ ᠢ ᠦᠨᠳᠦᠰᠦᠯᠡᠨ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠭᠠᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ︽ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠶᠢᠨ ᠰᠣᠯᠪᠢᠴᠠᠭᠰᠠᠨ ᠣᠷᠣᠨ ᠤ ᠬᠥᠷᠥᠰᠥ ᠰᠢᠷᠣᠢ ᠶᠢᠨ ᠮᠢᠺᠷᠣᠪ ᠤᠨ ᠡᠬᠢ ᠪᠠᠶᠠᠯᠢᠭ ᠤᠨ ᠬᠥᠮᠥᠷᠭᠡ︾ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠪᠠᠷ ᠲᠣᠭᠲᠠᠭᠠᠬᠤ ᠪᠠᠷ ᠪᠣᠢ᠂ ᠡᠳᠦᠭᠡ ᠵᠠᠷᠯᠠᠨ ᠨᠡᠶᠢᠲᠡᠯᠡᠵᠦ ᠪᠠᠶᠢᠨ᠎ᠠ᠃      ᠵᠠᠷᠯᠠᠨ ᠨᠡᠶᠢᠲᠡᠯᠡᠬᠦ ᠬᠤᠭᠤᠴᠠᠭ᠎ᠠ  ᠨᠢ 2024 ᠣᠨ ᠤ 6 ᠰᠠᠷ᠎ᠠ ᠶᠢᠨ 7 ᠤ ᠡᠳᠦᠷ ᠠᠴᠠ 6 ᠰᠠᠷ᠎ᠠ ᠶᠢᠨ 13 ᠤ ᠡᠳᠦᠷ ᠪᠣᠯᠲᠠᠯ᠎ᠠ᠃ ᠬᠡᠷᠪᠡ ᠣᠨᠳᠣᠣ ᠰᠠᠨᠠᠯ ᠲᠠᠢ ᠪᠣᠯ᠂ ᠢᠯᠡ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ ᠲᠤ ᠬᠠᠷᠢᠭᠤ ᠳᠤᠰᠬᠠᠭᠠᠷᠠᠢ᠃      ᠬᠠᠷᠢᠯᠴᠠᠬᠤ ᠬᠥᠮᠥᠨ᠄ ᠼᠤᠤ ᠯᠢ ᠯᠢ      ᠬᠢᠨᠠᠯᠲᠠ ᠲᠠᠯᠪᠢᠬᠤ ᠤᠲᠠᠰᠤ᠄ 0471 - 6651841      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠤᠮᠧᠷ            ᠳᠠᠭᠠᠯᠳᠤᠭᠤᠯᠤᠯ᠄ ᠲᠣᠭᠲᠠᠭᠠᠬᠤ ᠪᠠᠷ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠳᠡᠰ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠨᠡᠷᠡᠰ                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                        ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                2024 ᠣᠨ ᠤ 6 ᠰᠠᠷ᠎ᠠ ᠶᠢᠨ 7 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号