ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭ᠎ᠠ ᠵᠢᠴᠢ ︽ᠵᠤᠨ︾ ᠤ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/6/7
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠤ᠄      ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭ᠎ᠠ ᠪᠣᠯ ᠶᠠᠭ ᠰᠠᠶᠢᠬᠠᠨ ︽ᠵᠤᠨ︾ ᠤ ᠲᠠᠷᠢᠶᠠᠨ ᠠᠵᠢᠯ ᠤᠨ ᠶᠠᠭᠠᠷᠠᠯᠲᠠᠢ ᠴᠠᠭ ᠮᠥᠨ᠂ ᠲᠠᠷᠢᠶᠠᠯᠠᠩ ᠤᠨ ᠮᠠᠰᠢᠨ ᠮᠧᠬᠠᠨᠢᠭ ᠤᠨ ᠲᠠᠷᠢᠶᠠᠨ ᠠᠵᠢᠯ ᠣᠯᠠᠰᠢᠷᠠᠵᠤ ᠪᠠᠶᠢᠬᠤ ᠪᠥᠭᠡᠳ ᠬᠥᠮᠥᠰ ᠤᠨ ᠶᠠᠪᠤᠵᠤ ᠰᠠᠭᠤᠬᠤ ᠪᠠ ᠠᠵᠢᠯᠯᠠᠭ᠎ᠠ ᠬᠢᠬᠦ ᠶᠠᠪᠤᠳᠠᠯ ᠣᠯᠠᠰᠢᠷᠠᠭᠰᠠᠨ ᠠᠴᠠ ᠲᠠᠷᠢᠶᠠᠯᠠᠩ ᠤᠨ ᠮᠠᠰᠢᠨ ᠤ ᠠᠳᠡᠯ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠴᠦ ᠳᠠᠭᠠᠯᠳᠤᠨ ᠨᠡᠮᠡᠭᠳᠡᠵᠦ ᠪᠠᠶᠢᠨ᠎ᠠ᠃ ︽ᠣᠳᠣᠬᠠᠨ ᠤ ︿ᠵᠤᠨ﹀ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ ᠤᠨ ᠪᠠᠴᠢᠮ ᠮᠡᠳᠡᠭᠳᠡᠯ︾ ︵ᠲᠠᠷᠢᠶᠠᠯᠠᠩ ᠤᠨ ᠮᠢᠩ ᠦᠰᠦᠭ ﹇2024﹈ 32 ᠳ᠋ᠤᠭᠠᠷ ᠲᠣᠭᠠᠲᠤ︶ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠪᠠᠶᠠᠷ ᠤᠨ ᠡᠳᠦᠷ ᠤᠨ ᠬᠤᠭᠤᠴᠠᠭᠠᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠂ ︽ᠵᠤᠨ︾ ᠤ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃      ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠵᠢᠴᠢ ︽ᠵᠤᠨ︾ ᠤ ᠬᠤᠭᠤᠴᠠᠭᠠᠨ ᠳᠠᠬᠢ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠣᠳᠣᠬᠠᠨ ᠤ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠪᠠ ᠪᠣᠭᠤᠮᠲᠠ ᠶᠢᠨ ᠪᠡᠷᠬᠡ ᠠᠰᠠᠭᠤᠳᠠᠯ ᠢ ᠭᠦᠨᠵᠡᠭᠡᠢ ᠵᠠᠳᠠᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠮᠤᠷ ᠲᠦᠪᠰᠢᠨ ᠢᠶᠠᠷ ᠬᠥᠭᠵᠢᠭᠦᠯᠬᠦ ᠦᠵᠡᠯ ᠤᠬᠠᠮᠰᠠᠷ ᠢ ᠪᠠᠲᠤ ᠪᠠᠬᠢ ᠪᠣᠯᠭᠠᠵᠤ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠬᠤᠶᠠᠷ᠂ ᠭᠦᠨᠵᠡᠭᠡᠢ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠢ᠃      ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠮᠠᠰᠢᠨ ᠤ ᠠᠵᠢᠯᠯᠠᠬᠤ ᠲᠠᠯᠠᠪᠤᠷ᠂ ᠲᠠᠷᠢᠶᠠᠯᠠᠩ ᠤᠨ ᠮᠠᠰᠢᠨ ᠤ ᠬᠤᠷᠰᠢᠶ᠎ᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ ᠭᠤᠣᠯᠳᠠᠯᠭ᠎ᠠ ᠲᠠᠢ ᠪᠠᠷ ᠪᠠᠶᠢᠴᠠᠭᠠᠬᠤ ᠬᠡᠷᠡᠭᠲᠡᠢ᠃ ᠵᠢᠯᠣᠭᠤᠴᠢ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠲᠠᠷᠢᠶᠠᠯᠠᠩ ᠤᠨ ᠮᠠᠰᠢᠨ ᠢ ᠵᠢᠯᠤᠭᠤᠳᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠠᠵᠢᠯ ᠢᠶᠠᠨ ᠵᠢᠷᠤᠮᠵᠢᠭᠤᠯᠤᠨ ᠥᠷᠨᠢᠭᠦᠯᠵᠦ᠂ ᠢᠯᠠᠩᠭᠤᠶ᠎ᠠ ᠰᠢᠪᠠᠷ ᠱᠠᠯᠴᠢᠭ ᠲᠠᠢ ᠭᠠᠵᠠᠷ᠂ ᠮᠠᠰᠢᠨ ᠪᠠᠭᠠᠵᠢ ᠪᠦᠭᠯᠡᠷᠡᠬᠦ᠂ ᠰᠥᠨᠢ ᠪᠠᠷ ᠠᠵᠢᠯᠯᠠᠬᠤ᠂ ᠲᠠᠷᠢᠶᠠᠯᠠᠩ ᠤᠨ ᠮᠠᠰᠢᠨ ᠳᠤ ᠭᠠᠯ ᠭᠠᠷᠬᠤ ᠵᠡᠷᠭᠡ ᠣᠨᠴᠣᠭᠤᠢ ᠪᠠᠶᠢᠳᠠᠯ ᠤᠨ ᠳᠣᠣᠷᠠᠬᠢ ᠠᠵᠢᠯᠯᠠᠭᠠᠨ ᠤ ᠠᠷᠭ᠎ᠠ ᠬᠡᠮᠵᠢᠶ᠎ᠡ ᠪᠠ ᠠᠩᠬᠠᠷᠬᠤ ᠵᠦᠢᠯᠡᠰ ᠢ ᠡᠵᠡᠮᠰᠢᠭᠦᠯᠬᠦ ᠬᠡᠷᠡᠭᠲᠡᠢ᠃ ᠫᠠᠶᠢᠰᠠ ᠦᠭᠡᠢ ᠪᠠᠷ ᠶᠠᠪᠤᠭᠤᠯᠬᠤ᠂ ᠦᠨᠡᠮᠯᠡᠯ ᠦᠭᠡᠢ ᠪᠠᠷ ᠵᠢᠯᠤᠭᠤᠳᠬᠤ᠂ ᠬᠠᠤᠯᠢ  ᠠᠴᠠ ᠵᠥᠷᠢᠴᠡᠨ ᠬᠥᠮᠥᠨ ᠰᠠᠭᠤᠯᠭᠠᠬᠤ᠂ ᠰᠢᠯᠭᠠᠨ ᠪᠠᠶᠢᠴᠠᠭᠠᠭᠰᠠᠨ ᠦᠭᠡᠢ ᠪᠠᠷ ᠠᠵᠢᠯᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃      ᠭᠤᠷᠪᠠ᠂ ᠤᠬᠠᠭᠤᠯᠭ᠎ᠠ ᠪᠠᠨ ᠴᠢᠩᠭᠠᠳᠬᠠᠵᠤ᠂ ᠠᠮᠤᠷ ᠲᠦᠪᠰᠢᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ᠃      ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠠᠶᠤᠯᠭᠦᠢ ᠶᠢᠨ ᠶᠡᠷᠦ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠲᠠᠷᠢᠶᠠᠯᠠᠩ ᠤᠨ ᠮᠧᠬᠠᠨᠢᠭ ᠤᠨ ᠵᠢᠯᠣᠭᠤᠴᠢ ᠶᠢᠨ ᠠᠶᠤᠯᠭᠦᠢ ᠶᠢᠨ ᠤᠬᠠᠮᠰᠠᠷ ᠪᠣᠯᠣᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠣᠨᠴᠠᠭᠠᠶᠢᠯᠠᠨ ᠪᠠᠶᠠᠷ ᠤᠨ ᠡᠳᠦᠷ ᠤᠨ ᠬᠤᠭᠤᠴᠠᠭᠠᠨ ᠳᠤ ᠬᠥᠳᠡᠭᠡ ᠲᠣᠰᠬᠤᠨ ᠤ ᠬᠥᠮᠥᠰ ᠤᠨ ᠶᠠᠪᠤᠵᠤ ᠰᠠᠭᠤᠬᠤ ᠨᠢ ᠣᠯᠠᠰᠢᠷᠠᠵᠤ ᠪᠠᠶᠢᠭ᠎ᠠ ᠣᠨᠴᠠᠯᠢᠭ ᠲᠤ ᠴᠢᠭᠯᠡᠭᠦᠯᠦᠨ᠂ ᠲᠠᠷᠢᠶᠠᠯᠠᠩ ᠤᠨ ᠮᠧᠬᠠᠨᠢᠭ ᠤᠨ ᠠᠶᠤᠯᠭᠦᠢ ᠶᠢᠨ ᠮᠡᠳᠡᠯᠭᠡ ᠶᠢᠨ ᠲᠦᠭᠡᠮᠡᠯᠵᠢᠯᠲᠡ ᠶᠢ ᠴᠢᠩᠭᠠᠳᠬᠠᠬᠤ ᠬᠡᠷᠡᠭᠲᠡᠢ᠃      ᠳᠥᠷᠪᠡ᠂ ᠴᠢᠩᠭ᠎ᠠ ᠵᠢᠵᠢᠭᠦᠷᠯᠡᠨ ᠰᠠᠬᠢᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃      ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠵᠢᠵᠢᠭᠦᠷᠯᠡᠬᠦ ᠳᠦᠷᠢᠮ ᠪᠣᠯᠣᠨ ᠡ᠊ᠨᠳᠡᠯ ᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠪᠠ ᠲᠤᠨᠤᠭ ᠲᠥᠬᠦᠭᠡᠷᠦᠮᠵᠢ ᠶᠢᠨ ᠪᠡᠯᠡᠳᠬᠡᠯ ᠢ ᠰᠠᠶᠢᠲᠤᠷ ᠬᠢᠵᠦ᠂ ᠲᠠᠷᠢᠶᠠᠯᠠᠩ ᠤᠨ ᠮᠠᠰᠢᠨ ᠤ ᠡ᠊ᠨᠳᠡᠯ ᠭᠠᠷᠤᠮᠠᠭᠴᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠦᠳᠲᠡᠷ ᠲᠦᠷᠭᠡᠨ ᠡᠬᠢᠯᠡᠭᠦᠯᠵᠦ᠂ ᠡ᠊ᠨᠳᠡᠯ ᠤᠨ ᠪᠠᠶᠢᠳᠠᠯ ᠢ ᠴᠠᠭ ᠲᠤᠬᠠᠢ ᠳᠤᠨᠢ᠂ ᠣᠨᠣᠪᠴᠢᠲᠠᠶ ᠳᠡᠭᠡᠭᠰᠢ ᠮᠡᠳᠡᠭᠦᠯᠬᠦ ᠶᠢᠨ ᠬᠠᠮᠲᠤ ᠡ᠊ᠨᠳᠡᠯ ᠢ ᠰᠢᠢᠳᠪᠦᠷᠢᠯᠡᠬᠦ ᠠᠵᠢᠯ ᠢ ᠲᠣᠬᠢᠲᠠᠢ ᠰᠠᠶᠢᠨ ᠬᠢᠬᠦ ᠬᠡᠷᠡᠭᠲᠡᠢ᠃      ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠣᠰ ᠮᠡᠳᠡᠭᠳᠡᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠠᠷᠠᠳ ᠣᠯᠠᠨ ᠳᠤ ᠨᠢᠭᠡᠨ ᠠᠮᠤᠷ ᠲᠦᠪᠰᠢᠨ᠂ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ ᠥᠭᠬᠦ ᠶᠢ ᠬᠦᠰᠡᠵᠦ ᠪᠠᠶᠢᠨ᠎ᠠ᠃                                          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ                                 2024 ᠣᠨ ᠤ 6 ᠰᠠᠷ᠎ᠠ ᠶᠢᠨ 5 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号